ᠪᠦᠬᠦ ᠣᠷᠣᠨ ᠤ ᠬᠤᠣᠷᠠᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠬᠢᠴᠢᠶᠡᠯ ᠤᠨ ᠫᠷᠣᠭ᠍ᠷᠠᠮ ᠢ ᠴᠤᠭᠯᠠᠭᠤᠯᠵᠤ ᠰᠢᠯᠭᠠᠷᠠᠭᠤᠯᠬᠤ ᠠᠵᠢᠯᠯᠠᠭ᠎ᠠ ᠡᠬᠢᠯᠡᠪᠡ︕
ᠨᠡᠶᠢᠲᠡᠯᠡᠭᠰᠡᠨ ᠴᠠᠭ᠄
2024/3/15
      ᠶᠡᠷᠦᠩᠬᠡᠢ ᠱᠦᠵᠢ ᠰᠢ ᠶᠢᠨ ᠫᠢᠩ ᠤᠨ ᠬᠤᠣᠷᠲᠤ ᠡᠳ᠋ ᠢ ᠴᠠᠭᠠᠵᠠᠯᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠯᠠᠭᠤᠴᠤᠳ ᠪᠠᠭᠠᠴᠤᠳ ᠤᠨ ᠬᠤᠣᠷᠲᠤ ᠡᠳ᠋ ᠢ ᠰᠡᠷᠭᠡᠶᠢᠯᠡᠬᠦ ᠬᠥᠮᠦᠵᠢᠯ ᠤᠨ ᠠᠵᠢᠯ  ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠮᠠᠲ᠋ᠧᠷᠢᠶᠠᠯ ᠤᠨ ᠪᠠᠷᠢᠮᠵᠢᠶᠠᠵᠢᠭᠤᠯᠤᠯᠲᠠ᠂ ᠲᠣᠭᠠᠵᠢᠭᠤᠯᠤᠭᠰᠠᠨ ᠡᠬᠢ ᠪᠠᠶᠠᠯᠢᠭ ᠤᠨ ᠳᠣᠭᠲᠠᠯᠴᠠᠭᠠᠨ ᠤ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ ᠤᠯᠤᠰ ᠤᠨ ᠬᠤᠣᠷᠲᠤ ᠡᠳ᠋ ᠢ ᠴᠠᠭᠠᠵᠠᠯᠠᠬᠤ ᠠᠵᠢᠯ ᠤᠨ ᠠᠯᠪᠠᠨ ᠭᠡᠷ ᠤᠨ ︽ᠪᠦᠬᠦ ᠤᠯᠤᠰ ᠤᠨ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠪᠠᠷᠢᠮᠵᠢᠶᠠᠵᠢᠭᠤᠯᠤᠭᠰᠠᠨ ᠮᠠᠲ᠋ᠧᠷᠢᠶᠠᠯ ᠢ ᠰᠣᠩᠭᠤᠬᠤ ᠠᠵᠢᠯᠯᠠᠭ᠎ᠠ ᠶᠢ ᠥᠷᠨᠢᠭᠦᠯᠬᠦ ᠲᠤᠬᠠᠢ ᠮᠡᠳᠡᠭᠳᠡᠯ︾ ᠶᠣᠰᠣᠭᠠᠷ᠂ ᠡᠨᠡ ᠡᠳᠦᠷ ᠠᠴᠠ ᠡᠬᠢᠯᠡᠨ 4 ᠰᠠᠷ᠎ᠠ ᠶᠢᠨ ᠡᠬᠢ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠬᠤᠣᠷᠲᠤ ᠡᠳ᠋ ᠢ ᠴᠠᠭᠠᠵᠠᠯᠠᠬᠤ ᠠᠯᠪᠠᠨ ᠭᠡᠷ ᠲᠠᠢ ᠬᠠᠮᠲᠤᠷᠠᠨ ᠪᠦᠬᠦ ᠣᠷᠣᠨ ᠤ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠬᠢᠴᠢᠶᠡᠯ ᠤᠨ ᠫᠷᠣᠭ᠍ᠷᠠᠮ ᠢ ᠴᠤᠭᠯᠠᠭᠤᠯᠵᠤ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ ᠨᠢᠭᠡ ᠪᠦᠯᠦᠭ ᠬᠡᠷᠡᠭᠯᠡᠬᠦ ᠬᠡᠪᠴᠢᠶ᠎ᠡ ᠥᠷᠭᠡᠨ᠂ ᠨᠠᠶᠢᠷᠠᠭᠤᠯᠤᠨ ᠦᠢᠯᠡᠳᠬᠦ ᠲᠦᠪᠰᠢᠨ ᠥᠨᠳᠥᠷ᠂ ᠪᠣᠳᠠᠲᠠᠢ ᠬᠡᠷᠡᠭᠯᠡᠬᠦ ᠦᠷ᠎ᠡ ᠪᠦᠲᠦᠮᠵᠢ ᠰᠠᠶᠢᠨ ᠬᠤᠣᠷᠲᠤ ᠡᠳ᠋ ᠢ ᠴᠠᠭᠠᠵᠠᠯᠠᠬᠤ ᠬᠥᠮᠦᠵᠢᠯ ᠤᠨ ᠬᠢᠴᠢᠶᠡᠯ ᠢ ᠰᠢᠯᠭᠠᠷᠠᠭᠤᠯᠤᠨ᠂ ᠪᠦᠬᠦ ᠣᠷᠣᠨ ᠤ ᠬᠡᠪᠴᠢᠶᠡᠨ ᠳᠤ ᠬᠡᠷᠡᠭᠯᠡᠬᠦ ᠶᠢᠨ ᠬᠠᠮᠲᠤ ᠰᠢᠯᠢᠳᠡᠭ ᠢ ᠰᠣᠩᠭᠤᠨ ᠤᠯᠤᠰ ᠤᠨ ᠬᠤᠣᠷᠲᠤ ᠡᠳ᠋ ᠢ ᠴᠠᠭᠠᠵᠠᠯᠠᠬᠤ ᠠᠯᠪᠠᠨ ᠭᠡᠷ ᠲᠤ ᠪᠠᠲᠤᠯᠠᠨ ᠲᠠᠨᠢᠯᠴᠠᠭᠤᠯᠤᠨ᠎ᠠ᠃      ᠨᠢᠭᠡ᠂ ᠰᠢᠯᠭᠠᠷᠠᠭᠤᠯᠤᠯᠲᠠ ᠳᠤ ᠣᠷᠣᠯᠴᠠᠬᠤ ᠳᠤᠭᠤᠶᠢᠯᠠᠩ ᠪᠠ ᠡᠲᠡᠭᠡᠳ      ᠬᠢᠴᠢᠶᠡᠯ ᠤᠨ ᠫᠷᠣᠭ᠍ᠷᠠᠮ ᠢ ︽ᠪᠠᠭ᠎ᠠ ᠰᠤᠷᠭᠠᠭᠤᠯᠢ ᠶᠢᠨ ᠳᠤᠭᠤᠶᠢᠯᠠᠩ᠂ ᠠᠩᠬ᠎ᠠ ᠵᠡᠷᠭᠡ  ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠳᠤᠭᠤᠶᠢᠯᠠᠩ᠂ ᠶᠡᠭᠡ ᠳᠡᠭᠡᠳᠦ ᠰᠤᠷᠭᠠᠭᠤᠯᠢ ᠶᠢᠨ ᠳᠤᠭᠤᠶᠢᠯᠠᠩ᠂ ᠨᠡᠶᠢᠭᠡᠮ ᠤᠨ ᠳᠤᠭᠤᠶᠢᠯᠠᠩ︾ ᠭᠡᠵᠦ ᠵᠢᠷᠭᠤᠭᠠᠨ ᠳᠤᠭᠤᠶᠢᠯᠠᠩ ᠶᠣᠰᠣᠭᠠᠷ ᠮᠡᠳᠡᠭᠦᠯᠬᠦ ᠪᠠ ᠰᠢᠯᠭᠠᠷᠠᠭᠤᠯᠵᠤ᠂ ᠠᠳᠠᠯᠢ ᠪᠤᠰᠤ ᠰᠤᠷᠭᠠᠭᠤᠯᠢ ᠶᠢᠨ ᠨᠠᠰᠤᠨ ᠤ ᠰᠤᠷᠤᠭᠴᠢᠳ ᠲᠤ ᠬᠠᠨᠳᠤᠭᠤᠯᠤᠭᠰᠠᠨ ᠲᠤᠰᠬᠠᠢ ᠰᠡᠳᠦᠪᠲᠦ ᠬᠢᠴᠢᠶᠡᠯ ᠤᠨ ᠫᠷᠣᠭ᠍ᠷᠠᠮ ᠪᠣᠯᠬᠤ ᠪᠥᠭᠡᠳ ᠪᠠᠰᠠ ᠣᠯᠠᠨ ᠨᠡᠶᠢᠲᠡ ᠳᠤ ᠬᠠᠨᠳᠤᠭᠤᠯᠤᠭᠰᠠᠨ ᠨᠡᠶᠢᠳᠡᠮ ᠬᠡᠷᠡᠭᠯᠡᠬᠦ ᠬᠢᠴᠢᠶᠡᠯ ᠤᠨ ᠫᠷᠣᠭ᠍ᠷᠠᠮ ᠪᠣᠯᠤᠨ᠎ᠠ᠃ ᠰᠢᠯᠭᠠᠷᠠᠭᠤᠯᠤᠯᠲᠠ ᠳᠤ ᠣᠷᠣᠯᠴᠠᠬᠤ ᠡᠲᠡᠭᠡᠳ ᠪᠣᠯ ᠰᠤᠷᠭᠠᠭᠤᠯᠢ ᠳᠤ ᠪᠠᠶᠢᠭ᠎ᠠ ᠰᠤᠷᠤᠭᠴᠢ᠂ ᠬᠤᠣᠷᠲᠤ ᠡᠳ᠋ ᠢ ᠴᠠᠭᠠᠵᠠᠯᠠᠬᠤ ᠲᠤᠰᠬᠠᠢ ᠪᠠ ᠲᠤᠰᠢᠶᠠᠯ ᠬᠠᠪᠰᠤᠷᠭᠠᠭᠰᠠᠨ ᠪᠠᠭᠰᠢ᠂ ᠬᠤᠣᠷᠲᠤ ᠡᠳ᠋ ᠢ ᠴᠠᠭᠠᠵᠠᠯᠠᠬᠤ ᠠᠵᠢᠯᠲᠠᠨ᠂ ᠬᠤᠣᠷᠲᠤ ᠡᠳ᠋ ᠢ ᠴᠠᠭᠠᠵᠠᠯᠠᠬᠤ ᠰᠠᠶᠢᠨ ᠳᠤᠷᠠᠴᠤᠤᠯ ᠪᠠ ᠬᠤᠣᠷᠲᠤ ᠡᠳ᠋ ᠢ ᠴᠠᠭᠠᠵᠠᠯᠠᠬᠤ ᠨᠡᠶᠢᠲᠡ ᠶᠢᠨ ᠠᠰᠠᠷᠠᠮᠵᠢ ᠶᠢᠨ ᠠᠵᠢᠯᠲᠠᠨ ᠪᠣᠯᠤᠨ᠎ᠠ᠃      ᠬᠤᠶᠠᠷ᠂ ᠮᠡᠳᠡᠭᠦᠯᠬᠦ ᠱᠠᠭᠠᠷᠳᠠᠯᠭ᠎ᠠ      ︵ᠨᠢᠭᠡ︶ ᠮᠡᠳᠡᠭᠦᠯᠬᠦ ᠬᠢᠴᠢᠶᠡᠯ ᠤᠨ ᠫᠷᠣᠭ᠍ᠷᠠᠮ ᠨᠢ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠳᠦᠷᠢᠮ ᠪᠣᠯᠤᠨ ᠰᠤᠷᠭᠠᠨ ᠬᠥᠮᠦᠵᠢᠯ ᠤᠨ ᠲᠥᠷᠥ ᠶᠢᠨ ᠪᠣᠳᠣᠯᠭ᠎ᠠ ᠳᠤ ᠨᠡᠶᠢᠴᠡᠵᠦ᠂ ᠰᠤᠷᠭᠠᠨ ᠬᠥᠮᠦᠵᠢᠯ ᠤᠨ ᠵᠢᠮ᠎ᠡ ᠶᠣᠰᠣ ᠶᠢ ᠵᠢᠷᠤᠮᠯᠠᠨ᠂ ᠠᠳᠠᠯᠢ ᠪᠤᠰᠤ ᠨᠠᠰᠤᠨ  ᠤ ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠯ ᠤᠨ ᠪᠤᠶᠢᠵᠢᠯᠲᠠ ᠶᠢᠨ ᠣᠨᠴᠠᠯᠢᠭ ᠪᠣᠯᠤᠨ ᠰᠤᠷᠤᠯᠴᠠᠯᠭ᠎ᠠ ᠶᠢᠨ ᠣᠨᠴᠠᠯᠢᠭ ᠲᠤ ᠨᠡᠶᠢᠴᠡᠭᠰᠡᠨ ᠪᠠᠶᠢᠬᠤ ᠬᠡᠷᠡᠭᠲᠡᠢ︔ ᠬᠤᠣᠷᠲᠤ ᠡᠳ᠋ ᠢ ᠴᠠᠭᠠᠵᠠᠯᠠᠬᠤ ᠠᠵᠢᠯ ᠤᠨ ᠪᠣᠳᠠᠲᠤ ᠱᠠᠭᠠᠷᠳᠠᠯᠭ᠎ᠠ ᠳᠤ ᠨᠡᠶᠢᠴᠡᠵᠦ᠂ ᠣᠨᠣᠯ ᠰᠢᠨᠵᠢᠯᠡᠬᠦ ᠤᠬᠠᠭᠠᠨᠴᠢ᠂ ᠵᠢᠷᠤᠭ ᠲᠥᠯᠥᠪᠯᠡᠭᠡ ᠴᠢᠩᠭ᠎ᠠ ᠨᠢᠮᠪᠠᠢ᠂ ᠪᠦᠲᠦᠴᠡ ᠵᠦᠢ ᠵᠣᠬᠢᠰᠲᠠᠢ᠂ ᠦᠰᠦᠭ ᠪᠢᠴᠢᠭ ᠨᠠᠷᠢᠯᠢᠭ ᠪᠣᠯᠪᠠᠰᠤᠷᠠᠩᠭᠤᠢ᠂ ᠨᠡᠯᠢᠶᠡᠳ ᠥᠷᠭᠡᠨ ᠳᠡᠯᠭᠡᠷ ᠬᠡᠷᠡᠭᠯᠡᠭᠡᠨ ᠤ ᠴᠢᠨᠠᠷ ᠲᠠᠢ ᠪᠠᠶᠢᠬᠤ ᠬᠡᠷᠡᠭᠲᠡᠢ᠃      ︵ᠬᠤᠶᠠᠷ︶ ᠮᠡᠳᠡᠭᠦᠯᠬᠦ ᠬᠢᠴᠢᠶᠡᠯ ᠤᠨ ᠫᠷᠣᠭ᠍ᠷᠠᠮ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠠᠳᠠᠯᠢ ᠲᠥᠷᠥᠯ ᠤᠨ ᠮᠠᠲ᠋ᠧᠷᠢᠶᠠᠯ ᠤᠨ ᠰᠢᠯᠢᠳᠡᠭ ᠦᠷ᠎ᠡ ᠪᠦᠲᠦᠭᠡᠯ ᠢ ᠪᠦᠲᠦᠮᠵᠢᠲᠡᠢ ᠰᠢᠩᠭᠡᠭᠡᠵᠦ᠂ ᠬᠤᠣᠷᠲᠤ ᠡᠳ᠋ ᠢ ᠴᠠᠭᠠᠵᠠᠯᠠᠬᠤ ᠬᠦᠷᠢᠶᠡᠨ ᠳᠠᠬᠢ ᠮᠢᠨᠴᠦᠷᠡᠭᠦᠯᠬᠦ ᠡᠮ ᠤᠨ ᠵᠦᠢᠯ᠂ ᠡᠮᠲᠦ ᠪᠣᠳᠠᠰ᠂ ᠰᠢᠨ᠎ᠡ ᠣᠶᠤᠨ ᠰᠠᠨᠠᠭ᠎ᠠ ᠶᠢ ᠬᠥᠭᠡᠷᠦᠭᠦᠯᠬᠦ ᠪᠣᠳᠠᠰ ᠵᠢᠴᠢ ᠰᠢᠨᠤᠭᠤᠯᠬᠤ ᠪᠣᠳᠠᠰ  ᠢ ᠳᠤᠷ᠎ᠠ ᠪᠠᠷ ᠢᠶᠠᠨ ᠬᠡᠷᠡᠭᠯᠡᠬᠦ ᠶᠢ ᠰᠡᠷᠭᠡᠶᠢᠯᠡᠬᠦ ᠵᠡᠷᠭᠡ ᠰᠢᠨ᠎ᠡ ᠮᠡᠳᠡᠯᠭᠡ ᠶᠢ ᠲᠤᠰᠬᠠᠵᠤ᠂ ᠬᠤᠣᠷᠲᠤ ᠡᠳ᠋ ᠢ ᠴᠠᠭᠠᠵᠠᠯᠠᠬᠤ ᠪᠠᠭᠰᠢ ᠶᠢᠨ ᠬᠢᠷᠢ ᠬᠡᠮ ᠢ ᠵᠢᠱᠢᠶ᠎ᠡ ᠦᠵᠡᠭᠦᠯᠦᠨ ᠬᠥᠲᠥᠯᠥᠨ ᠵᠢᠯᠣᠭᠤᠳᠴᠤ᠂ ᠰᠤᠷᠭᠠᠨ ᠬᠥᠮᠦᠵᠢᠯ ᠤᠨ ᠦᠷ᠎ᠡ ᠪᠦᠲᠦᠮᠵᠢ ᠶᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ᠃      ︵ᠭᠤᠷᠪᠠ︶ ᠮᠡᠳᠡᠭᠦᠯᠬᠦ ᠬᠢᠴᠢᠶᠡᠯ ᠤᠨ ᠫᠷᠣᠭ᠍ᠷᠠᠮ ᠨᠢ ᠤᠭ ᠪᠦᠲᠦᠭᠡᠯ ᠪᠣᠯᠬᠤ ᠮᠥᠷᠲᠡᠭᠡᠨ ᠵᠢᠩᠬᠢᠨᠢ ᠪᠠᠷ ᠬᠡᠪᠯᠡᠭᠦᠯᠦᠭᠰᠡᠨ ᠦᠭᠡᠢ ᠪᠠᠶᠢᠬᠤ ᠬᠡᠷᠡᠭᠲᠡᠢ᠃ ᠮᠡᠳᠡᠯᠭᠡ ᠶᠢᠨ ᠬᠡᠪᠯᠡᠯ ᠤᠨ ᠡᠷᠬᠡ  ᠳᠤ ᠬᠠᠯᠳᠠᠭᠰᠠᠨ ᠪᠤᠶᠤ ᠬᠠᠭᠤᠯᠤᠭᠰᠠᠨ ᠠᠰᠠᠭᠤᠳᠠᠯ ᠳᠤ ᠬᠤᠯᠪᠣᠭᠳᠠᠭᠰᠠᠨ ᠪᠥᠲᠦᠭᠡᠯ ᠪᠣᠯᠬᠤ ᠳᠤ ᠬᠦᠷᠪᠡᠯ ᠣᠷᠣᠯᠴᠠᠭᠰᠠᠨ ᠬᠤᠪᠢ ᠬᠥᠮᠦᠨ ᠪᠦᠬᠦ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ ᠤᠷᠤᠯᠳᠤᠭᠠᠨ ᠳᠤ ᠣᠷᠣᠯᠴᠠᠬᠤ ᠬᠢᠷᠢ ᠭᠡᠮ ᠢ ᠬᠠᠰᠤᠨ᠎ᠠ᠃      ︵ᠲᠦᠷᠪᠡ︶ ᠴᠤᠭᠯᠠᠭᠤᠯᠵᠤ ᠰᠢᠯᠭᠠᠷᠠᠭᠤᠯᠬᠤ ᠳᠤ ᠣᠷᠣᠯᠴᠠᠭᠰᠠᠨ ᠪᠦᠲᠦᠭᠡᠯ ᠢ ᠰᠢᠯᠭᠠᠷᠠᠭᠤᠯᠬᠤ ᠶᠠᠪᠤᠴᠠ ᠳᠤ ᠪᠠ ᠳᠠᠭᠤᠰᠤᠭᠰᠠᠨ ᠤ ᠳᠠᠷᠠᠭ᠎ᠠ ᠠᠵᠢᠯᠯᠠᠭ᠎ᠠ ᠶᠢ ᠭᠤᠣᠯ ᠡᠷᠬᠢᠯᠡᠭᠰᠡᠨ ᠨᠢᠭᠡᠴᠢ ᠳᠤ ᠲᠥᠯᠥᠪᠦᠷᠢ ᠦᠭᠡᠢ ᠬᠠᠩᠭᠠᠵᠤ᠂ ᠬᠤᠣᠷᠠᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠠᠵᠢᠯ ᠵᠢᠴᠢ ᠬᠠᠮᠢᠶ᠎ᠠ ᠪᠦᠬᠦᠢ ᠵᠠᠭᠤᠴᠢᠯᠠᠭᠤᠷ ᠤᠨ ᠤᠬᠠᠭᠤᠯᠵᠤ ᠳᠡᠯᠭᠡᠨ ᠦᠵᠡᠭᠦᠯᠬᠦ ᠳᠤ ᠬᠡᠷᠡᠭᠯᠡᠨ᠂ ᠲᠤᠰ ᠠᠵᠢᠯᠯᠠᠭ᠎ᠠ ᠳᠤ ᠣᠷᠣᠯᠴᠠᠪᠠᠯ ᠡᠨᠡ ᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠱᠠᠭᠠᠷᠳᠠᠯᠭ᠎ᠠ ᠶᠢ ᠵᠥᠪᠰᠢᠶᠡᠷᠡᠭᠰᠡᠨ ᠢᠶᠠᠷ ᠦᠵᠡᠨ᠎ᠡ᠃      ︵ᠲᠠᠪᠤ︶ ᠬᠢᠴᠢᠶᠡᠯ ᠤᠨ ᠫᠷᠣᠭ᠍ᠷᠠᠮ ᠢ PPT ᠬᠡᠯᠪᠡᠷᠢ ᠪᠠᠷ ᠮᠡᠳᠡᠭᠦᠯᠦᠨ᠎ᠡ᠃ ᠢᠵᠢ ᠬᠢᠴᠢᠶᠡᠯ ᠪᠦᠷᠢ ᠨᠢ ᠴᠥᠮ ︽ᠪᠦᠬᠦ ᠣᠷᠣᠨ ᠤ ᠬᠤᠣᠷᠠᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠬᠢᠴᠢᠶᠡᠯ ᠤᠨ ᠮᠠᠲ᠋ᠧᠷᠢᠶᠠᠯ ᠢ ᠰᠢᠯᠭᠠᠷᠠᠭᠤᠯᠬᠤ ᠠᠵᠢᠯᠯᠠᠭ᠎ᠠ ᠶᠢ ᠪᠠᠲᠤᠯᠠᠨ ᠲᠠᠨᠢᠯᠴᠠᠭᠤᠯᠵᠤ ᠮᠡᠳᠡᠭᠦᠯᠬᠦ ᠬᠦᠰᠦᠨᠦᠭᠲᠦ︾ ᠶᠢ ᠲᠠᠭᠯᠠᠨ ᠮᠡᠳᠡᠭᠦᠯᠬᠦ ᠬᠡᠷᠡᠭᠲᠡᠢ᠃ ᠲᠠᠨᠢᠯᠴᠠᠭᠤᠯᠵᠤ ᠮᠡᠳᠡᠭᠦᠯᠬᠦ ᠬᠢᠴᠢᠶᠡᠯ ᠤᠨ ᠫᠷᠣᠭ᠍ᠷᠠᠮ ᠨᠢ ︽ᠠᠶᠢᠮᠠᠭ ᠬᠤᠲᠠ + ᠳᠤᠭᠤᠶᠢᠯᠠᠩ + ᠳᠠᠷᠠᠭᠠᠯᠠᠯ ᠨᠣᠮᠧᠷ︾  ᠢ ᠨᠢᠭᠡᠳᠦᠯᠲᠡᠢ ᠬᠡᠷᠡᠭᠯᠡᠨ᠎ᠡ᠂ ᠵᠢᠱᠢᠶᠡᠯᠡᠪᠡᠯ᠄ ︽ᠬᠥᠬᠡᠬᠤᠲᠠ + ᠪᠠᠭ᠎ᠠ ᠰᠤᠷᠭᠠᠭᠤᠯᠢ + 1︾᠃      ᠭᠤᠷᠪᠠ᠂ ᠠᠵᠢᠯᠯᠠᠭᠠᠨ ᠤ ᠳᠡᠰ ᠳᠠᠷᠠᠭᠠᠯᠠᠯ      ︵ᠨᠢᠭᠡ︶ ᠠᠶᠢᠮᠠᠭ ᠬᠤᠲᠠ ᠰᠢᠯᠭᠠᠷᠠᠭᠤᠯᠬᠤ᠄ 4 ᠳ᠋ᠦ᠋ᠭᠡᠷ ᠰᠠᠷ᠎ᠠ ᠶᠢᠨ 11 ᠤ ᠡᠳᠦᠷ ᠠᠴᠠ ᠡᠮᠦᠨ᠎ᠡ᠂ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ᠂  ᠬᠤᠣᠷᠠᠲᠤ ᠡᠳ᠋ ᠢ ᠴᠠᠭᠠᠵᠠᠯᠠᠬᠤ ᠰᠠᠯᠠᠭ᠎ᠠ ᠮᠥᠴᠢᠷ ᠤᠨ ᠬᠢᠨ ᠬᠠᠮᠲᠤᠷᠠᠨ ᠲᠤᠰ ᠭᠠᠵᠠᠷ ᠤᠨ ᠬᠢᠴᠢᠶᠡᠯ ᠤᠨ ᠫᠷᠣᠭ᠍ᠷᠠᠮ ᠢ ᠰᠣᠩᠭᠤᠵᠤ᠂ ᠠᠶᠢᠮᠠᠭ ᠬᠤᠲᠠ ᠨᠢᠭᠡ ᠪᠦᠷᠢ ᠶᠢᠨ ᠳᠤᠭᠤᠶᠢᠯᠠᠩ ᠪᠦᠷᠢ ᠬᠠᠮᠤᠭ ᠤᠨ ᠪᠠᠭ᠎ᠠ ᠳᠤ ᠪᠠᠨ 4 ᠬᠢᠴᠢᠶᠡᠯ ᠤᠨ ᠫᠷᠣᠭ᠍ᠷᠠᠮ ᠮᠡᠳᠡᠭᠦᠯᠬᠦ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠶᠢᠨ ᠳᠤᠭᠤᠶᠢᠯᠠᠩ ᠢ ᠰᠤᠷᠭᠠᠭᠤᠯᠢ ᠨᠢ ᠠᠩᠬ᠎ᠠ ᠬᠢᠨᠠᠬᠤ ᠪᠠ ᠲᠠᠨᠢᠯᠴᠠᠭᠤᠯᠬᠤ ᠶᠢ ᠬᠠᠷᠢᠭᠤᠴᠠᠬᠤ ᠮᠥᠷᠲᠡᠭᠡᠨ ᠬᠠᠮᠤᠭ ᠤᠨ ᠪᠠᠭ᠎ᠠ ᠳᠤ ᠪᠠᠨ 2 ᠬᠢᠴᠢᠶᠡᠯ ᠤᠨ ᠫᠷᠣᠭ᠍ᠷᠠᠮ ᠢ ᠮᠡᠳᠡᠭᠦᠯᠬᠦ ᠬᠡᠷᠡᠭᠲᠡᠢ᠃ ᠮᠡᠳᠡᠭᠦᠯᠬᠦ ᠢᠮᠧᠯ᠄ 1721533035@qq.com᠃ ᠡᠯ᠎ᠡ ᠭᠠᠵᠠᠷ ᠤᠨ ᠡᠯ᠎ᠡ ᠶᠡᠭᠡ ᠳᠡᠭᠡᠳᠦ ᠰᠤᠷᠭᠠᠭᠤᠯᠢ ᠰᠢᠯᠭᠠᠷᠠᠭᠤᠯᠬᠤ ᠳᠡᠰ ᠳᠠᠷᠠᠭᠠᠯᠠᠯ ᠢᠶᠠᠨ ᠵᠢᠷᠤᠮᠵᠢᠭᠤᠯᠵᠤ᠂ ᠴᠢᠨᠠᠷ ᠴᠢᠨᠰᠠᠭ᠎ᠠ ᠶᠢ ᠴᠢᠩᠭ᠎ᠠ ᠡᠵᠡᠮᠳᠡᠨ᠂ ᠬᠢᠴᠢᠶᠡᠯ ᠤᠨ ᠠᠭᠤᠯᠭ᠎ᠠ ᠵᠥᠪ ᠣᠨᠣᠪᠴᠢᠲᠠᠢ ᠪᠠᠶᠢᠬᠤ ᠶᠢ ᠦᠨᠡᠨ ᠬᠦ ᠪᠠᠲᠤᠯᠠᠵᠤ᠂ ᠢᠯᠡ ᠲᠣᠳᠣ ᠪᠠᠶᠢᠬᠤ ᠶᠢ ᠪᠠᠷᠢᠮᠲᠠᠯᠠᠨ᠂ ᠡᠷᠬᠡ ᠲᠡᠭᠰᠢ ᠲᠥᠪ ᠭᠤᠣᠯᠴᠢ ᠪᠠᠶᠢᠬᠤ ᠶᠢ ᠪᠠᠲᠤᠯᠠᠬᠤ ᠬᠡᠷᠡᠭᠲᠡᠢ᠃      ︵ᠬᠤᠶᠠᠷ︶ ᠥᠪᠡᠷᠲᠡᠭᠡᠨ ᠵᠠᠰᠠᠬᠤ ᠣᠷᠣᠨ ᠰᠢᠯᠭᠠᠷᠠᠭᠤᠯᠬᠤ᠄ 4 ᠳ᠋ᠦ᠋ᠭᠡᠷ ᠰᠠᠷ᠎ᠠ ᠶᠢᠨ 21 ᠤ ᠡᠳᠦᠷ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠬᠤᠣᠷᠠᠲᠤ ᠡᠳ᠋ ᠢ ᠴᠠᠭᠠᠵᠠᠯᠠᠬᠤ ᠠᠵᠢᠯ ᠤᠨ ᠠᠯᠪᠠᠨ ᠭᠡᠷ ᠲᠠᠢ ᠬᠠᠮᠲᠤᠷᠠᠨ ᠬᠤᠣᠷᠠᠲᠤ ᠡᠳ᠋ ᠢ ᠴᠠᠭᠠᠵᠠᠯᠠᠬᠤ ᠬᠦᠷᠢᠶᠡᠨ ᠳᠠᠬᠢ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠢ ᠤᠷᠢᠵᠤ ᠬᠢᠨᠠᠨ ᠲᠣᠭᠲᠠᠭᠠᠬᠤ ᠳᠤᠭᠤᠶᠢᠯᠠᠩ ᠪᠠᠶᠢᠭᠤᠯᠵᠤ᠂ ᠱᠠᠭᠠᠷᠳᠠᠯᠭ᠎ᠠ ᠳᠤ ᠨᠡᠶᠢᠴᠡᠬᠦ ᠬᠢᠴᠢᠶᠡᠯ ᠤᠨ ᠫᠷᠣᠭ᠍ᠷᠠᠮ ᠢ ᠬᠢᠨᠠᠨ ᠲᠣᠭᠲᠠᠭᠠᠵᠤ᠂ ᠱᠠᠩᠨᠠᠯ ᠣᠯᠬᠤ ᠬᠢᠴᠢᠶᠡᠯ ᠤᠨ ᠫᠷᠣᠭ᠍ᠷᠠᠮ ᠤᠨ ᠨᠡᠷᠡᠰ ᠢ ᠲᠣᠭᠲᠠᠭᠠᠨ᠂ ᠥᠪᠥᠷ ᠮᠣᠩᠭᠤᠯ ᠤᠨ ᠰᠤᠷᠭᠠᠨ ᠬᠥᠮᠦᠵᠢᠯ ᠨᠡᠶᠢᠲᠡᠯᠡᠯ ᠪᠠ ᠥᠪᠥᠷ ᠮᠣᠩᠭᠤᠯ ᠤᠨ ᠬᠤᠣᠷᠠᠲᠤ ᠡᠳ᠋ ᠢ ᠴᠠᠭᠠᠵᠠᠯᠠᠬᠤ ᠸᠢᠴᠠᠲ ᠤᠨ ᠨᠡᠶᠢᠲᠡ ᠶᠢᠨ ᠳ᠋ᠤᠭᠠᠷ ᠲᠤ ᠢᠯᠡ ᠨᠡᠶᠢᠲᠡᠯᠡᠨ᠎ᠡ᠃      ︵ᠭᠤᠷᠪᠠ︶ ᠦᠷ᠎ᠡ ᠳ᠋ᠦᠩ ᠢ ᠢᠯᠡ ᠨᠡᠶᠢᠲᠡᠯᠡᠬᠦ᠄ ᠢᠯᠡ ᠨᠡᠶᠢᠲᠡᠯᠡᠭᠰᠡᠨ ᠦᠷ᠎ᠡ ᠳ᠋ᠦᠩ  ᠳᠤ ᠰᠠᠨᠠᠯ ᠦᠭᠡᠢ ᠪᠣᠯ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠤᠣᠷᠠᠲᠤ ᠡᠳ᠋ ᠢ ᠴᠠᠭᠠᠵᠠᠯᠠᠬᠤ ᠠᠵᠢᠯ ᠤᠨ ᠠᠯᠪᠠᠨ ᠭᠡᠷ ᠠᠴᠠ ᠵᠢᠩᠬᠢᠨᠢ ᠪᠠᠷ ᠮᠡᠳᠡᠭᠳᠡᠨ᠎ᠡ᠃ ᠲᠤᠰ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠢ 2024 ᠣᠨ ᠤ ᠪᠦᠬᠦ ᠣᠷᠣᠨ ᠤ ᠬᠤᠣᠷᠠᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠠᠵᠢᠯ ᠢ ᠰᠢᠯᠭᠠᠨ ᠬᠢᠨᠠᠬᠤ ᠠᠭᠤᠯᠭ᠎ᠠ ᠳᠤ ᠣᠷᠣᠭᠤᠯᠤᠨ᠎ᠠ᠃      ᠳᠥᠷᠪᠡ᠂ ᠱᠠᠩᠨᠠᠯ ᠤᠨ ᠲᠣᠬᠢᠷᠠᠭᠤᠯᠤᠯᠲᠠ      ᠡᠨᠡ ᠤᠳᠠᠭᠠᠨ ᠤ ᠠᠵᠢᠯᠯᠠᠭ᠎ᠠ ᠶᠢᠨ ᠳᠤᠭᠤᠶᠢᠯᠠᠩ ᠪᠦᠷᠢ ᠳᠤ ᠲᠤᠰ ᠲᠤᠰ ᠨᠢᠭᠡᠳᠦᠭᠡᠷ ᠬᠤᠶᠠᠳᠤᠭᠠᠷ ᠭᠤᠷᠪᠠᠳᠤᠭᠠᠷ ᠳᠡᠰ ᠤᠨ ᠱᠠᠩᠨᠠᠯ ᠲᠣᠬᠢᠷᠠᠭᠤᠯᠤᠭᠰᠠᠨ ᠪᠥᠭᠡᠳ ᠱᠠᠩᠨᠠᠯ ᠣᠯᠤᠭᠰᠠᠨ ᠦᠨᠡᠮᠯᠡᠯ ᠣᠯᠭᠤᠪᠠ᠃ ᠡᠯ᠎ᠡ ᠳᠤᠭᠤᠶᠢᠯᠠᠩ ᠤᠨ ᠰᠢᠯᠢᠳᠡᠭ ᠪᠦᠲᠦᠭᠡᠯ ᠢ ᠤᠯᠤᠰ ᠤᠨ ᠬᠤᠣᠷᠠᠲᠤ ᠡᠳ᠋ ᠢ ᠴᠠᠭᠠᠵᠠᠯᠠᠬᠤ ᠠᠯᠪᠠᠨ ᠭᠡᠷ ᠲᠤ ᠲᠠᠨᠢᠯᠴᠠᠭᠤᠯᠤᠨ᠎ᠠ᠃      ᠡᠯ᠎ᠡ ᠱᠠᠲᠤᠨ ᠤ ᠰᠤᠷᠭᠠᠨ ᠬᠥᠮᠦᠵᠢᠯ᠂ ᠬᠤᠣᠷᠲᠤ ᠡᠳ᠋ ᠢ ᠴᠠᠭᠠᠵᠠᠯᠠᠬᠤ ᠰᠠᠯᠠᠭ᠎ᠠ ᠮᠥᠴᠢᠷ ᠪᠣᠯᠤᠨ ᠡᠯ᠎ᠡ ᠶᠡᠭᠡ ᠳᠡᠭᠡᠳᠦ ᠰᠤᠷᠭᠠᠭᠤᠯᠢ ᠡᠨᠡ ᠤᠳᠠᠭᠠᠨ ᠤ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ᠂ ᠰᠤᠷᠭᠠᠭᠤᠯᠢ ᠳᠤ ᠪᠠᠶᠢᠭ᠎ᠠ ᠪᠠᠭᠰᠢ ᠰᠤᠷᠤᠭᠴᠢ ᠵᠢᠴᠢ ᠬᠤᠣᠷᠲᠤ ᠡᠳ᠋ ᠢ ᠴᠠᠭᠠᠵᠠᠯᠠᠬᠤ ᠠᠵᠢᠯᠲᠠᠨ᠂ ᠰᠠᠶᠢᠨ ᠳᠤᠷᠠᠴᠤᠤᠯ᠂ ᠨᠡᠶᠢᠭᠡᠮ ᠤᠨ ᠡᠯ᠎ᠡ ᠡᠲᠡᠭᠡᠳ ᠤᠨ ᠬᠤᠣᠷᠲᠤ ᠡᠳ᠋ ᠢ ᠴᠠᠭᠠᠵᠠᠯᠠᠬᠤ ᠨᠡᠶᠢᠲᠡ ᠶᠢᠨ ᠠᠰᠠᠷᠠᠮᠵᠢ ᠶᠢᠨ ᠠᠵᠢᠯᠲᠠᠨ ᠢ ᠥᠷᠭᠡᠨ ᠢᠶᠠᠷ ᠳᠠᠶᠢᠴᠢᠯᠠᠨ ᠠᠵᠢᠯᠯᠠᠭ᠎ᠠ ᠳᠤ ᠣᠷᠣᠯᠴᠠᠭᠤᠯᠬᠤ ᠬᠡᠷᠡᠭᠲᠡᠢ᠃ ᠡᠭᠦᠨ ᠤ ᠬᠠᠮᠲᠤ᠂ ᠬᠤᠣᠷᠲᠤ ᠡᠳ᠋ ᠢ ᠰᠡᠷᠭᠡᠶᠢᠯᠡᠬᠦ ᠬᠥᠮᠦᠵᠢᠯ ᠤᠨ ᠰᠢᠯᠢᠳᠡᠭ ᠪᠠᠭᠰᠢ ᠶᠢ ᠢᠳᠡᠪᠬᠢᠲᠡᠢ ᠪᠠᠷ ᠢᠯᠡᠷᠡᠭᠦᠯᠬᠦ ᠪᠠ ᠰᠣᠩᠭᠤᠨ ᠭᠠᠷᠭᠠᠵᠤ᠂ ᠬᠤᠣᠷᠲᠤ ᠡᠳ᠋ ᠢ ᠴᠠᠭᠠᠵᠠᠯᠠᠬᠤ ᠬᠢᠴᠢᠶᠡᠯ ᠤᠨ ᠵᠢᠭᠠᠨ ᠰᠤᠷᠭᠠᠯᠲᠠ ᠶᠢᠨ ᠲᠡᠷᠢᠭᠦᠨ ᠤ ᠣᠶᠢᠯᠠᠭᠠᠭᠳᠠᠬᠤᠨ᠂ ᠲᠤᠷᠰᠢᠯᠭ᠎ᠠ᠂ ᠠᠷᠭ᠎ᠠ ᠪᠠᠷᠢᠯ ᠢ ᠪᠣᠯᠪᠠᠰᠤᠷᠠᠭᠤᠯᠬᠤ ᠪᠠ ᠳᠡᠯᠭᠡᠷᠡᠭᠦᠯᠵᠦ᠂ ᠰᠢᠯᠢᠳᠡᠭ ᠬᠢᠴᠢᠶᠡᠯ ᠤᠨ ᠪᠦᠲᠦᠭᠡᠯ ᠢ ᠲᠤᠰ ᠭᠠᠵᠠᠷ ᠤᠨ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠮᠠᠲ᠋ᠧᠷᠢᠶᠠᠯ ᠤᠨ ᠬᠥᠮᠥᠷᠭᠡ ᠳᠤ ᠣᠷᠣᠭᠤᠯᠬᠤ ᠶᠢᠨ ᠬᠠᠮᠲᠤ ᠥᠷᠭᠡᠨ ᠢᠶᠠᠷ ᠬᠡᠷᠡᠭᠯᠡᠵᠦ᠂ ᠪᠦᠬᠦ ᠣᠷᠣᠨ ᠤ ᠵᠠᠯᠠᠭᠤᠴᠤᠳ ᠪᠠᠭᠠᠴᠤᠳ ᠬᠤᠣᠷᠲᠤ ᠡᠳ᠋ ᠢ ᠰᠡᠷᠭᠡᠶᠢᠯᠡᠬᠦ ᠬᠥᠮᠦᠵᠢᠯ ᠤᠨ ᠠᠵᠢᠯ ᠢ ᠭᠦᠨᠵᠡᠭᠡᠶᠢᠷᠡᠭᠦᠯᠦᠨ ᠥᠷᠨᠢᠭᠦᠯᠬᠦ ᠶᠢ ᠠᠬᠢᠭᠤᠯᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map