ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠨᠢᠭᠡ ᠴᠣᠭᠴᠠᠵᠢᠭᠤᠯᠤᠭᠰᠠᠨ ᠪᠠᠶᠢᠭᠤᠯᠤᠯᠲᠠ ᠶᠢ ᠠᠬᠢᠭᠤᠯᠬᠤ ᠬᠤᠷᠠᠯ ᠵᠢᠴᠢ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠦᠵᠡᠯ ᠰᠠᠨᠠᠭ᠎ᠠ ᠤᠯᠤᠰ ᠲᠥᠷᠥ ᠶᠢᠨ ᠲᠣᠮᠤ ᠬᠢᠴᠢᠶᠡᠯ ᠢ ᠰᠣᠯᠢᠯᠴᠠᠬᠤ ᠦᠵᠡᠭᠦᠯᠭᠡ ᠶᠢᠨ ᠠᠵᠢᠯᠯᠠᠭ᠎ᠠ ᠶᠢ ᠡᠷᠬᠢᠯᠡᠪᠡ
ᠨᠡᠶᠢᠲᠡᠯᠡᠭᠰᠡᠨ ᠴᠠᠭ᠄
2024/3/18
      3 ᠳ᠋ᠤᠭᠠᠷ ᠰᠠᠷ᠎ᠠ ᠶᠢᠨ 15 ᠤ ᠡᠳᠦᠷ᠂ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠨᠢᠭᠡ ᠴᠣᠭᠴᠠᠵᠢᠭᠤᠯᠤᠭᠰᠠᠨ ᠪᠠᠶᠢᠭᠤᠯᠤᠯᠲᠠ ᠶᠢ ᠠᠬᠢᠭᠤᠯᠬᠤ ᠬᠤᠷᠠᠯ ᠵᠢᠴᠢ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠦᠵᠡᠯ ᠰᠠᠨᠠᠭ᠎ᠠ ᠤᠯᠤᠰ ᠲᠥᠷᠥ ᠶᠢᠨ ᠲᠣᠮᠤ ᠬᠢᠴᠢᠶᠡᠯ ᠢ ᠰᠣᠯᠢᠯᠴᠠᠬᠤ ᠦᠵᠡᠭᠦᠯᠭᠡ ᠶᠢᠨ ᠠᠵᠢᠯᠯᠠᠭ᠎ᠠ ᠶᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠳᠡᠳ᠋ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ ᠣᠷᠣᠯᠴᠠᠵᠠᠢ᠃   

1.jpg

2.jpg

3.jpg

      ᠬᠤᠷᠠᠯ ᠳᠤ ᠣᠷᠣᠯᠴᠠᠭᠰᠠᠳ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠦᠵᠡᠯ

ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠦᠢᠯᠡᠳᠦᠯᠭᠡ ᠶᠢᠨ ᠰᠠᠭᠤᠷᠢᠨ ᠭᠠᠵᠠᠷ - ᠰᠤᠷᠭᠠᠭᠤᠯᠢ ᠶᠢᠨ ᠲᠡᠦᠬᠡ ᠶᠢᠨ

ᠦᠵᠡᠰᠬᠦᠯᠡᠩ ᠤᠨ ᠣᠷᠳᠣᠨ ᠪᠣᠯᠤᠨ ᠡᠭᠦᠯᠡᠨ ᠮᠠᠯ ᠠᠵᠤ ᠠᠬᠤᠢ ᠶᠢᠨ ᠲᠠᠪᠴᠠᠩ ᠢ ᠲᠣᠭᠤᠷᠢᠨ ᠦᠵᠡᠵᠦ᠂ ᠲᠠᠯᠠᠪᠤᠷ

ᠣᠷᠳᠣᠨ ᠤ ᠬᠥᠮᠦᠨ ᠬᠥᠮᠦᠵᠢᠭᠦᠯᠬᠦ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠥᠮᠦᠨ ᠬᠥᠮᠦᠵᠢᠭᠦᠯᠬᠦ

ᠴᠢᠳᠠᠮᠵᠢ ᠶᠢ ᠣᠶᠢᠯᠠᠭᠠᠪᠠ᠃ ᠳᠠᠷᠠᠭ᠎ᠠ ᠨᠢ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠷᠢᠶᠠᠲᠤ

ᠰᠤᠷᠭᠠᠭᠤᠯᠢ ᠳᠤ ᠬᠦᠷᠴᠦ᠂ ᠠᠬᠤᠢ ᠲᠠᠯᠠᠪᠠᠢ ᠳᠤ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ

ᠰᠤᠷᠭᠠᠭᠤᠯᠢ ᠶᠢᠨ ᠰᠤᠷᠤᠭᠴᠢᠳ ᠤᠨ ᠬᠠᠮᠲᠤ ᠳᠤ ᠪᠠᠨ ᠥᠷᠨᠢᠭᠦᠯᠦᠭᠰᠡᠨ ︽ᠨᠠᠮ ᠤᠨ ᠠᠴᠢ ᠳᠤ ᠲᠠᠯᠠᠷᠬᠠᠵᠤ᠂

ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠭᠤᠣᠯ ᠰᠡᠳᠦᠪᠲᠦ ᠡᠪᠯᠡᠯ ᠤᠨ ᠡᠳᠦᠷ︾ ᠤᠨ ᠠᠵᠢᠯᠯᠠᠭ᠎ᠠ ᠶᠢ

ᠲᠣᠭᠤᠷᠢᠨ ᠦᠵᠡᠪᠡ᠃ ᠣᠷᠴᠢᠨ ᠠᠬᠤᠢ ᠳᠤ ᠰᠣᠭᠲᠤᠭᠤᠷᠠᠮ᠎ᠠ ᠮᠠᠶ᠋ᠢᠭᠲᠤ᠂ ᠠᠬᠤᠢ ᠪᠠᠶᠢᠳᠠᠯ ᠤᠨ ᠮᠠᠶ᠋ᠢᠭᠲᠤ᠂

ᠦᠢᠯᠡᠳᠦᠯᠴᠡᠬᠦ ᠮᠠᠶ᠋ᠢᠭᠲᠤ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢ ᠦᠵᠡᠭᠦᠯᠬᠦ ᠪᠠᠷ ᠳᠠᠮᠵᠢᠭᠤᠯᠤᠨ᠂

ᠪᠠᠭᠰᠢ ᠰᠤᠷᠤᠭᠴᠢᠳ ᠢ ᠬᠥᠲᠥᠯᠥᠨ ᠵᠢᠯᠣᠭᠤᠳᠴᠤ ︽ᠵᠢᠷᠭᠤᠭᠠᠨ ᠥᠭᠦᠯᠡᠪᠦᠷᠢ ᠶᠢᠨ ᠪᠣᠳᠠᠲᠤ ᠬᠡᠷᠡᠭ ᠪᠠ ᠶᠣᠰᠣ

ᠤᠴᠢᠷ︾ ᠢ ᠪᠠᠲᠤ ᠴᠡᠭᠡᠵᠢᠯᠡᠭᠦᠯᠵᠦ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂

ᠨᠠᠮ ᠢᠶᠠᠨ ᠳᠠᠭᠠᠬᠤ︾ ᠬᠥᠮᠦᠵᠢᠯ ᠦᠢᠯᠡᠳᠦᠯᠭᠡ ᠶᠢᠨ ᠠᠵᠢᠯᠯᠠᠭᠠᠨ  ᠤ ᠬᠥᠮᠦᠨ ᠬᠥᠮᠦᠵᠢᠭᠦᠯᠬᠦ ᠦᠷ᠎ᠡ ᠪᠦᠲᠦᠮᠵᠢ ᠶᠢ

ᠭᠦᠢᠴᠡᠳ ᠢᠯᠡᠷᠡᠭᠦᠯᠪᠡ᠃

   

4.jpg

      ᠠᠬᠢᠭᠤᠯᠬᠤ ᠬᠤᠷᠠᠯ ᠳᠡᠭᠡᠷ᠎ᠡ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠷᠢᠶᠠᠲᠤ

ᠰᠤᠷᠭᠠᠭᠤᠯᠢ ᠶᠢᠨ ᠪᠠᠭᠰᠢ ᠵᠧᠦ ᠰᠢᠤ ᠿᠠᠨ᠂ ᠬᠥᠬᠡᠬᠤᠲᠠ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ

ᠰᠤᠳᠤᠯᠭᠠᠨ ᠤ ᠲᠥᠪ ᠤᠨ ᠡᠷᠬᠢᠯᠡᠭᠴᠢ ᠵᠧᠩ ᡁᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠠᠷᠺᠰ ᠤᠨ

ᠦᠵᠡᠯ ᠤᠨ ᠳᠡᠭᠡᠳᠦ ᠰᠤᠷᠭᠠᠭᠤᠯᠢ ᠶᠢᠨ ᠳᠡᠳ᠋ ᠫᠷᠤᠹᠧᠰᠰᠤᠷ ᠶᠠᠩ ᠲᠤᠤ᠂ ᠥᠪᠥᠷ ᠮᠣᠩᠭᠤᠯ ᠤᠨ ᠮᠠᠰᠢᠨ

ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠵᠠᠩ ᠰᠢᠶᠣᠤ ᠯᠢ᠂ ᠥᠪᠥᠷ ᠮᠣᠩᠭᠤᠯ ᠤᠨ

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠪᠰᠤᠷᠤᠨ

ᠵᠢᠯᠣᠭᠤᠳᠤᠭᠴᠢ ᠸᠠᠩ ᡁᠢ ᠸᠧᠢ᠂ ᠬᠥᠬᠡᠬᠤᠲᠠ ᠶᠢᠨ ᠬᠤᠲᠠ ᠶᠢᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ

ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ 2023 ᠣᠨ ᠤ ︽ᠤᠯᠤᠰ ᠤᠨ ᠲᠣᠮᠣ

ᠤᠷᠠᠨ ᠳᠠᠷᠬᠠᠨ ᠤ ᠣᠨ ᠤ ᠬᠥᠮᠦᠰ︾ ᠢᠶᠠᠷ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠭᠦᠸᠧ ᠶᠢᠨ ᠯᠦᠩ ᠵᠡᠷᠭᠡ 6

ᠪᠠᠭᠰᠢ ᠶᠢᠨ ᠲᠥᠯᠥᠭᠡᠯᠡᠭᠴᠢ ᠪᠠ ᠦᠨᠳᠦᠰᠦᠨ ᠱᠠᠲᠤᠨ ᠤ ᠠᠵᠢᠯᠲᠠᠨ ︽ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠰᠢᠨ᠎ᠡ ᠶᠢ ᠡᠭᠦᠳᠬᠦ︾ ᠲᠣᠭᠤᠷᠢᠨ ᠳᠤ ᠬᠢᠴᠢᠶᠡᠯ ᠤᠨ ᠦᠵᠡᠭᠦᠯᠭᠡ ᠬᠢᠪᠡ᠃ ᠥᠪᠥᠷ ᠮᠣᠩᠭᠤᠯ ᠤᠨ

ᠪᠠᠭᠰᠢ ᠶᠢᠨ ᠶᠡᠭᠡ ᠰᠤᠷᠭᠠᠭᠤᠯᠢ᠂ ᠪᠤᠭᠤᠲᠤ ᠬᠤᠲᠠ ᠶᠢᠨ ᠰᠤᠷᠭᠠᠨ ᠬᠥᠮᠦᠵᠢᠯ  ᠤᠨ ᠲᠣᠪᠴᠢᠶ᠎ᠠ᠂ ᠥᠪᠥᠷ

ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠷᠢᠶᠠᠲᠤ ᠰᠤᠷᠭᠠᠭᠤᠯᠢ ᠪᠦᠬᠦ ᠣᠷᠣᠨ ᠤ ᠶᠡᠭᠡ ᠳᠡᠭᠡᠳᠦ

ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ  ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠨᠢᠭᠡ

ᠴᠣᠭᠴᠠᠵᠢᠭᠤᠯᠤᠭᠰᠠᠨ ᠪᠠᠶᠢᠭᠤᠯᠤᠯᠲᠠ ᠶᠢᠨ ᠲᠣᠭᠤᠷᠢᠨ ᠳᠤ ᠲᠤᠷᠰᠢᠯᠭ᠎ᠠ ᠪᠠᠨ ᠰᠣᠯᠢᠯᠴᠠᠪᠠ᠃ ᠬᠤᠷᠠᠯ ᠳᠡᠭᠡᠷ᠎ᠡ

ᠥᠪᠡᠷᠲᠡᠭᠡᠨ ᠵᠠᠰᠠᠬᠤ ᠣᠷᠣᠨ ᠤ ᠳᠡᠰ ᠤᠨ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ  ᠶᠢᠨ

ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠤᠭᠰᠠᠨ ᠬᠠᠮᠲᠤ  ᠶᠢᠨ ᠴᠣᠭᠴᠠ ᠶᠢᠨ ᠭᠡᠷ᠎ᠡ

ᠲᠣᠭᠲᠠᠬᠤ ᠡᠬᠢᠯᠡᠯᠲᠡ ᠶᠢᠨ ᠶᠣᠰᠣᠯᠠᠯ ᠪᠠ ︽ᠦᠵᠡᠯ ᠰᠠᠨᠠᠭ᠎ᠠ ᠤᠯᠤᠰ ᠲᠥᠷᠥ ᠶᠢᠨ ᠲᠣᠮᠤ ᠬᠢᠴᠢᠶᠡᠯ︾ ᠤᠨ

ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠰᠠᠭᠤᠷᠢᠨ ᠭᠠᠵᠠᠷ ᠢ ᠨᠡᠶᠢᠲᠡᠯᠡᠬᠦ ᠶᠣᠰᠣᠯᠠᠯ ᠢ ᠶᠠᠪᠤᠭᠤᠯᠪᠠ᠃

   

5.jpg

6.jpg

7.jpg

8.jpg

9.jpg

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ  ᠤ ᠶᠡᠭᠡ

ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ

ᠨᠢᠭᠡ ᠴᠣᠭᠴᠠᠵᠢᠭᠤᠯᠤᠭᠰᠠᠨ ᠪᠠᠶᠢᠭᠤᠯᠤᠯᠲᠠ ᠶᠢ ᠠᠬᠢᠭᠤᠯᠬᠤ ᠲᠤᠬᠠᠢ ᠳ᠋ᠦᠩᠨᠡᠨ ᠪᠠᠶᠢᠷᠢᠯᠠᠭᠤᠯᠵᠤ᠂ ᠲᠠᠪᠤᠨ ᠵᠢᠯ ᠤᠨ

ᠲᠤᠷᠰᠢᠬᠢ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ

ᠤᠯᠤᠰ ᠲᠥᠷᠥ ᠶᠢᠨ ᠬᠥᠮᠦᠵᠢᠯ ᠢ ᠨᠢᠭᠡ ᠴᠣᠭᠴᠠᠵᠢᠭᠤᠯᠤᠭᠰᠠᠨ ᠪᠠᠶᠢᠭᠤᠯᠤᠯᠲᠠ ᠶᠢᠨ ᠭᠢᠯᠠᠰ ᠴᠡᠭ ᠪᠠ ᠦᠷ᠎ᠡ

ᠪᠦᠲᠦᠮᠵᠢ ᠶᠢ ᠰᠢᠰᠲ᠋ᠧᠮ ᠲᠠᠢ ᠡᠮᠬᠢᠯᠡᠨ᠂ ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ

ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠨ ᠬᠥᠮᠦᠵᠢᠭᠦᠯᠬᠦ ᠣᠨᠴᠠᠯᠢᠭ ᠢ ᠭᠦᠨᠵᠡᠭᠡᠢ          

ᠳ᠋ᠦᠩᠨᠡᠪᠡ᠃ ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠡᠯ᠎ᠡ

ᠭᠠᠵᠠᠷ ᠤᠨ ᠡᠯ᠎ᠡ ᠰᠤᠷᠭᠠᠭᠤᠯᠢ ᠶᠢ ᠵᠢᠯᠣᠭᠤᠳᠤᠨ ᠨᠢᠭᠡ ᠴᠣᠭᠴᠠᠵᠢᠭᠤᠯᠤᠭᠰᠠᠨ ᠵᠣᠬᠢᠶᠠᠨ ᠪᠠᠶᠢᠭᠤᠯᠤᠯᠲᠠ ᠶᠢᠨ

ᠠᠵᠢᠯᠯᠠᠭᠠᠨ ᠢ ᠠᠬᠢᠭᠤᠯᠵᠤ᠂ ᠨᠢᠭᠡ ᠴᠣᠭᠴᠠᠵᠢᠭᠤᠯᠤᠭᠰᠠᠨ ᠵᠢᠭᠠᠬᠤ ᠶᠢ ᠰᠤᠳᠤᠯᠬᠤ ᠳᠣᠭᠲᠠᠯᠴᠠᠭ᠎ᠠ ᠶᠢ ᠪᠠᠶᠢᠭᠤᠯᠤᠨ᠂

ᠨᠢᠭᠡ ᠴᠣᠭᠴᠠᠵᠢᠭᠤᠯᠤᠭᠰᠠᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠠᠵᠢᠯ ᠤᠨ ᠡᠩᠨᠡᠭᠡ ᠶᠢ

ᠬᠦᠴᠦᠷᠬᠡᠭᠵᠢᠭᠦᠯᠵᠦ᠂ ᠨᠢᠭᠡ ᠴᠣᠭᠴᠠᠵᠢᠭᠤᠯᠤᠭᠰᠠᠨ ᠡᠬᠢ ᠪᠠᠶᠠᠯᠢᠭ ᠤᠨ ᠣᠷᠣᠨ ᠵᠠᠢ ᠶᠢ ᠪᠥᠬᠦ ᠲᠠᠯ᠎ᠠ  ᠪᠠᠷ ᠡᠮᠬᠢᠯᠡᠨ᠂

ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ

ᠲᠥᠷᠥ ᠶᠢᠨ ᠬᠥᠮᠦᠵᠢᠯ ᠢ ᠨᠢᠭᠡ ᠴᠣᠭᠴᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢ ᠴᠢᠨᠠᠷᠯᠢᠭ ᠬᠥᠭᠵᠢᠭᠦᠯᠬᠦ

ᠠᠷᠭ᠎ᠠ ᠵᠠᠮ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ᠂

ᠳᠤᠮᠳᠠᠳᠤ ᠪᠠᠭ᠎ᠠ ᠰᠤᠷᠭᠠᠭᠤᠯᠢ  ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠨᠢᠭᠡ

ᠴᠣᠭᠴᠠᠵᠢᠭᠤᠯᠤᠭᠰᠠᠨ ᠬᠥᠭᠵᠢᠯᠲᠡ ᠨᠡᠩ ᠶᠡᠭᠡ ᠰᠢᠨ᠎ᠡ ᠳᠠᠪᠰᠢᠯᠲᠠ ᠲᠠᠢ ᠪᠣᠯᠬᠤ ᠶᠢ ᠠᠬᠢᠭᠤᠯᠤᠨ᠎ᠠ᠃

   

10.jpg

       ᠡᠨᠡ ᠤᠳᠠᠭᠠᠨ ᠤ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ

ᠲᠢᠩᠬᠢᠮ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠬᠥᠬᠡᠬᠤᠲᠠ ᠶᠢᠨ

ᠰᠤᠷᠭᠠᠨ ᠬᠥᠮᠦᠵᠢᠯ ᠤᠨ ᠲᠣᠪᠴᠢᠶ᠎ᠠ᠂ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ

ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠤᠭᠰᠠᠨ ᠬᠠᠮᠲᠤ ᠶᠢᠨ

ᠴᠣᠭᠴᠠ ︵ᠥᠪᠥᠷ ᠮᠣᠩᠭᠤᠯ︶ ᠬᠠᠮᠲᠤ ᠳᠤ ᠪᠠᠨ ᠳᠠᠭᠠᠭᠠᠴᠢᠯᠠᠨ ᠡᠷᠬᠢᠯᠡᠪᠡ᠃ ᠪᠦᠬᠦ ᠣᠷᠣᠨ ᠤ 200 ᠭᠠᠷᠤᠢ ᠶᠡᠭᠡ

ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ

ᠠᠵᠢᠯ ᠤᠨ ᠲᠥᠯᠥᠭᠡᠯᠡᠭᠴᠢ ᠬᠤᠷᠠᠯ ᠳᠤ ᠣᠷᠣᠯᠴᠠᠵᠤ᠂ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ

ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠪᠠᠭᠰᠢ ᠰᠦᠯᠵᠢᠶᠡᠨ ᠳᠤ ᠠᠵᠢᠯᠯᠠᠭ᠎ᠠ ᠶᠢ ᠰᠣᠨᠢᠷᠬᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map