ᠶᠠᠩ ᠵᠢᠶᠧ ᠪᠠᠶᠠᠨᠨᠠᠭᠤᠷ ᠬᠤᠲᠠ᠂ ᠦᠬᠠᠢ ᠬᠤᠲᠠ ᠳᠤ ᠭᠦᠨᠵᠡᠭᠡᠶᠢᠷᠡᠨ ᠪᠠᠶᠢᠴᠠᠭᠠᠨ‌‍ᠰᠣᠳᠤᠯᠪᠠ
ᠨᠡᠶᠢᠲᠡᠯᠡᠭᠰᠡᠨ ᠴᠠᠭ᠄
2024/3/18
      ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ ᠤᠷᠢᠳ ᠬᠤᠵᠢᠳ ᠪᠠᠶᠠᠨᠨᠠᠭᠤᠷ ᠬᠤᠲᠠ᠂ ᠦᠬᠠᠢ ᠬᠤᠲᠠ ᠶᠢᠨ ᠬᠡᠰᠡᠭ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠭᠦᠨᠵᠡᠭᠡᠶᠢᠷᠡᠨ ᠪᠠᠶᠢᠴᠠᠭᠠᠨ ᠰᠣᠳᠤᠯᠵᠤ᠂ ᠬᠢᠴᠢᠶᠡᠯ ᠤᠨ ᠭᠡᠷ᠂ ᠲᠤᠷᠰᠢᠯᠲᠠ ᠶᠢᠨ ᠲᠠᠰᠤᠭ᠂ ᠪᠡᠶ᠎ᠡ ᠶᠢᠨ ᠲᠠᠮᠢᠷ ᠤᠨ ᠣᠷᠳᠣᠨ᠂ ᠳᠠᠳᠤᠯᠭ᠎ᠠ ᠪᠣᠯᠪᠠᠰᠤᠷᠠᠯ ᠤᠨ ᠲᠠᠰᠤᠭ᠂ ᠬᠤᠭᠤᠯᠠᠨ ᠭᠡᠷ᠂ ᠪᠠᠶᠢᠷᠢ ᠶᠢᠨ ᠭᠡᠷ᠂ ᠰᠤᠷᠤᠭᠴᠢᠳ  ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠵᠡᠷᠭᠡ ᠲᠠᠯᠠᠪᠤᠷ ᠭᠠᠵᠠᠷ ᠢ ᠪᠠᠶᠢᠴᠠᠭᠠᠨ ᠦᠵᠡᠵᠦ᠂ ᠡᠯ᠎ᠡ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠤᠯᠪᠣᠭᠳᠠᠯ ᠪᠦᠬᠦᠢ ᠪᠠᠶᠢᠳᠠᠯ ᠢ ᠨᠠᠷᠢᠯᠢᠭ ᠣᠶᠢᠯᠠᠭᠠᠵᠤ᠂ ᠠᠵᠢᠯ ᠤᠨ ᠱᠠᠭᠠᠷᠳᠠᠯᠭ᠎ᠠ ᠳᠤᠷᠠᠳᠪᠠ᠃   

1.jpg

      ᠶᠠᠩ ᠵᠢᠶᠧ᠂ ᠡᠯ᠎ᠡ ᠰᠤᠷᠭᠠᠭᠤᠯᠢ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ

ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠦᠭ ᠢ ᠱᠤᠭᠤᠵᠤ ᠬᠥᠮᠦᠨ

ᠬᠥᠮᠦᠵᠢᠭᠦᠯᠬᠦ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠨ᠂ ︽ᠠᠨᠠᠷ ᠤᠨ ᠦᠷ᠎ᠡ︾ ᠬᠥᠮᠦᠨ ᠬᠥᠮᠦᠵᠢᠭᠦᠯᠬᠦ

ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ

ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠤᠭᠰᠠᠨ ᠪᠠᠶᠢᠭᠤᠯᠤᠯᠲᠠ ᠶᠢ ᠴᠢᠩᠭᠠᠳᠬᠠᠵᠤ᠂

ᠦᠨᠳᠦᠰᠦᠲᠡᠨ ᠨᠦᠭᠦᠳ ᠤᠨ ᠪᠠᠭᠰᠢ ᠰᠤᠷᠤᠭᠴᠢᠳ ᠢ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ

ᠰᠣᠨᠣᠰᠴᠤ᠂ ᠨᠠᠮ ᠢᠶᠠᠨ ᠳᠠᠭᠠᠬᠤ ᠪᠠᠷ ᠬᠥᠮᠥᠵᠢᠭᠦᠯᠦᠨ ᠵᠢᠯᠣᠭᠤᠳᠬᠤ ᠬᠡᠷᠡᠭᠲᠡᠢ ᠭᠡᠵᠦ ᠴᠢᠬᠤᠯᠠᠴᠢᠯᠠᠪᠠ᠃

   

2.jpg

      ᠶᠠᠩ ᠵᠢᠶᠧ᠂ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠪᠡᠯᠡ ᠣᠷᠣᠭᠤᠯᠬᠤ

ᠡᠷᠴᠢᠮ ᠢ ᠲᠠᠰᠤᠷᠠᠯᠲᠠ ᠥᠬᠡᠶ ᠴᠢᠩᠭᠠᠷᠠᠭᠤᠯᠤᠨ᠂ ᠰᠤᠷᠭᠠᠭᠤᠯᠢ ᠡᠷᠬᠢᠯᠡᠬᠦ ᠨᠥᠬᠦᠴᠡᠯ ᠢ ᠦᠷᠭᠦᠯᠵᠢᠯᠡᠨ

ᠰᠠᠶᠢᠵᠢᠷᠠᠭᠤᠯᠵᠤ᠂ ᠦᠨᠳᠦᠰᠦᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡ ᠪᠦᠬᠦ ᠠᠷᠠᠳ ᠢ

ᠬᠠᠮᠤᠷᠴᠤ᠂ ᠴᠢᠨᠠᠷᠯᠢᠭ ᠲᠡᠩᠴᠡᠭᠦᠷᠢᠲᠡᠢ ᠪᠠᠶᠢᠬᠤ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠰᠤᠷᠭᠠᠨ

ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠨ ᠰᠤᠷᠭᠠᠨ

ᠬᠥᠮᠦᠵᠢᠯ ᠢ ᠬᠥᠭᠵᠢᠭᠦᠯᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ

ᠥᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠠᠮᠤᠷ

ᠲᠠᠶᠢᠪᠤᠭᠤᠨ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠤᠭᠰᠠᠨ ᠦᠷ᠎ᠡ ᠪᠥᠲᠦᠮᠵᠢ ᠶᠢ ᠪᠠᠬᠢᠵᠢᠭᠦᠯᠬᠦ          

ᠬᠡᠷᠡᠭᠲᠡᠢ᠃ ᠣᠷᠣᠨ ᠨᠤᠲᠤᠭ ᠤᠨ ᠶᠡᠭᠡ ᠳᠡᠭᠡᠳᠦ ᠰᠤᠷᠭᠠᠭᠤᠯᠢ ᠶᠢᠨ  ᠬᠢᠨ ᠠᠵᠤ ᠠᠬᠤᠢ ᠨᠡᠶᠢᠭᠡᠮ ᠤᠨ

ᠬᠥᠭᠵᠢᠯᠲᠡ ᠳᠤ ᠦᠢᠯᠡᠴᠢᠯᠡᠬᠦ ᠪᠠᠷ ᠤᠳᠤᠷᠢᠳᠤᠮᠵᠢ ᠪᠣᠯᠭᠠᠨ᠂ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ

ᠪᠠᠶᠢᠷᠢᠯᠠᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠵᠦ᠂ ᠰᠤᠷᠤᠭᠴᠢᠳ ᠤᠨ ᠰᠢᠨ᠎ᠡ ᠶᠢ ᠡᠭᠦᠳᠬᠦ ᠤᠬᠠᠮᠰᠠᠷ᠂

ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠰᠢᠨ᠎ᠡ ᠶᠢ ᠡᠭᠦᠳᠬᠦ ᠴᠢᠳᠠᠪᠤᠷᠢ ᠶᠢ ᠬᠦᠴᠦᠯᠡᠨ ᠬᠥᠮᠦᠵᠢᠭᠦᠯᠵᠦ᠂ ᠡᠷᠳᠡᠮ

ᠰᠢᠨᠵᠢᠯᠡᠭᠡᠨ ᠤ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠲᠦᠷᠭᠡᠳᠭᠡᠨ᠂ ᠰᠤᠷᠭᠠᠭᠤᠯᠢ ᠪᠠ ᠠᠵᠤ

ᠠᠬᠤᠶᠢᠯᠠᠯ ᠤᠨ ᠬᠠᠮᠲᠤᠷᠠᠯᠴᠠᠭ᠎ᠠ᠂ ᠠᠵᠤ ᠦᠢᠡᠯᠳᠪᠦᠷᠢ ᠪᠠ ᠰᠤᠷᠭᠠᠨ ᠬᠥᠮᠥᠵᠢᠯ ᠤᠨ ᠠᠭᠤᠰᠤᠯᠴᠠᠭ᠎ᠠ ᠶᠢ ᠭᠦᠨᠵᠡᠭᠡᠢ

ᠠᠬᠢᠭᠤᠯᠵᠤ᠂ ᠨᠡᠩ ᠣᠯᠠᠨ ᠥᠨᠳᠥᠷ ᠬᠡᠪ ᠪᠣᠯᠪᠠᠰᠤᠷᠠᠯ ᠲᠠᠢ ᠤᠷ᠎ᠠ ᠴᠢᠳᠠᠪᠤᠷᠢᠲᠤ ᠴᠢᠳᠠᠪᠤᠷᠢᠲᠠᠨ ᠢ ᠬᠥᠮᠦᠵᠢᠭᠦᠯᠬᠦ

ᠬᠡᠷᠡᠭᠲᠡᠢ᠃ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠬᠢᠨ ︽ᠲᠠᠪᠤᠨ ᠬᠥᠮᠦᠵᠢᠯ ᠢ ᠵᠡᠷᠭᠡ ᠪᠠᠷ ᠠᠳᠬᠤᠬᠤ︾ ᠶᠢ

ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ

ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠳᠠᠭᠤᠤ ᠬᠥᠭᠵᠢᠮ ᠪᠡᠶ᠎ᠡ ᠶᠢᠨ ᠲᠠᠮᠢᠷ ᠭᠤᠸ᠎ᠠ ᠰᠠᠶᠢᠬᠠᠨ ᠬᠥᠳᠡᠯᠮᠦᠷᠢ ᠶᠢᠨ

ᠬᠢᠴᠢᠶᠡᠯ ᠢ ᠪᠦᠷᠢᠨ ᠭᠦᠢᠴᠡᠳ ᠰᠠᠶᠢᠲᠤᠷ ᠨᠡᠭᠡᠭᠡᠵᠦ᠂ ᠲᠤᠷᠰᠢᠯᠲᠠ ᠶᠢᠨ ᠵᠢᠭᠠᠨ ᠰᠤᠷᠭᠠᠯᠲᠠ ᠶᠢ ᠴᠢᠩᠭᠠᠳᠬᠠᠨ᠂

ᠰᠤᠷᠤᠭᠴᠢᠳ ᠤᠨ ᠰᠢᠨ᠎ᠡ ᠶᠢ ᠡᠭᠦᠳᠬᠦ ᠦᠢᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠰᠤᠷᠤᠭᠴᠢᠳ ᠤᠨ ᠪᠦᠬᠦ

ᠲᠠᠯ᠎ᠠ ᠪᠠᠷ ᠬᠥᠭᠵᠢᠬᠦ᠂ ᠡᠷᠡᠭᠦᠯ ᠢᠶᠠᠷ ᠥᠰᠦᠨ ᠪᠤᠶᠢᠵᠢᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃

      ᠪᠠᠶᠠᠨᠨᠠᠭᠤᠷ ᠬᠤᠲᠠ ᠪᠣᠯᠤᠨ ᠦᠬᠠᠢ ᠬᠤᠲᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠠᠶᠢᠴᠠᠭᠠᠨ

ᠰᠣᠳᠤᠯᠬᠤ ᠳᠤ ᠣᠷᠣᠯᠴᠠᠪᠠ᠃

 

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map