ᠪᠦᠬᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/21
      3 ᠳ᠋ᠤᠭᠠᠷ ᠰᠠᠷ᠎ᠠ ᠶᠢᠨ 19 ᠤ ᠡᠳᠦᠷ᠂ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠤᠷᠠᠯ ᠢ ᠲᠦᠩᠯᠢᠶᠣᠣ ᠬᠤᠲᠠᠨ᠎ᠠ ᠬᠤᠷᠠᠯᠳᠤᠭᠤᠯᠪᠠ᠃ ᠬᠤᠷᠠᠯ ᠳᠡᠭᠡᠷ᠎ᠡ 2023 ᠣᠨ ᠤ ᠪᠦᠬᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠬᠢᠭᠡᠳ ᠠᠵᠢᠯ ᠤᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠵᠦ ᠂ ᠪᠦᠬᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠳᠡᠭᠡᠷ᠎ᠡ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠥᠪᠡᠷᠮᠢᠴᠡ ᠣᠨᠴᠠᠯᠢᠭ ᠲᠠᠢ ᠵᠠᠮ ᠢ ᠪᠠᠷᠢᠮᠲᠠᠯᠠᠵᠤ ᠂ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠣᠭᠲᠠᠯᠴᠠᠭ᠎ᠠ ᠶᠢ ᠲᠦᠷᠭᠡᠨ ᠲᠡᠭᠦᠯᠳᠡᠷᠵᠢᠭᠦᠯᠬᠦ ᠬᠡᠷᠡᠭᠲᠡᠢ︔ ᠵᠠᠩᠭᠢᠯᠠᠭ᠎ᠠ᠂ ᠪᠠᠭᠤᠷᠠᠢ ᠭᠤᠭᠴᠣᠭᠠᠨ  ᠳᠤ ᠠᠩᠬᠠᠷᠤᠯ ᠢᠶᠠᠨ ᠲᠥᠪᠯᠡᠷᠡᠭᠦᠯᠦᠨ᠂ ᠰᠢᠨᠡᠴᠢᠯᠡᠯᠲᠡ ᠪᠠᠷ ᠬᠥᠳᠡᠯᠭᠡᠭᠦᠷ ᠪᠣᠯᠭᠠᠬᠤ ᠪᠠ ᠠᠭᠤᠯᠤᠭᠳᠠᠬᠤᠨ ᠤ ᠬᠥᠭᠵᠢᠯᠲᠡ ᠶᠢ ᠪᠠᠷᠢᠮᠲᠠᠯᠠᠨ᠂ ᠰᠤᠷᠭᠠᠭᠤᠯᠢ ᠡᠷᠭᠢᠯᠡᠬᠦ ᠶᠠᠰᠤ ᠴᠢᠨᠠᠷ ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠭᠤᠯᠤᠭᠳᠠᠬᠤᠨ ᠤ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ︔ ᠦᠢᠯᠡᠳᠪᠦᠷᠢᠯᠡᠯ ᠰᠤᠷᠭᠠᠨ ᠬᠥᠮᠦᠵᠢᠯ ᠤᠨ ᠠᠭᠤᠰᠤᠯᠴᠠᠯ ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠢ ᠠᠬᠢᠭᠤᠯᠵᠤ ᠂ ᠰᠤᠷᠭᠠᠨ ᠬᠥᠮᠦᠵᠢᠯ ᠤᠨ ᠬᠡᠯᠬᠢᠶ᠎ᠡ ᠂ ᠴᠢᠳᠠᠪᠤᠷᠢᠲᠠᠨ ᠤ ᠬᠡᠯᠬᠢᠶ᠎ᠡ ᠂ ᠠᠵᠤ ᠦᠢᠯᠡᠰ ᠤᠨ ᠬᠡᠯᠬᠢᠶ᠎ᠡ ᠂ ᠰᠢᠨᠡᠴᠢᠯᠡᠯᠲᠡ ᠶᠢᠨ ᠬᠡᠯᠬᠢᠶ᠎ᠡ ᠶᠢ ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠵᠦ ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠬᠥᠳᠡᠯᠭᠡᠬᠦ ᠬᠦᠴᠦᠨ ᠢ ᠲᠦᠷᠭᠡᠨ ᠳᠡᠭᠡᠭᠰᠢᠯᠡᠭᠦᠯᠬᠦ ᠬᠡᠷᠡᠭᠲᠡᠢ ︔ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠠᠯ᠎ᠠ ᠪᠠᠷ ᠤᠷᠢᠳ ᠢᠶᠠᠷ ᠬᠢᠵᠦ ᠤᠷᠢᠳ ᠢᠶᠠᠷ ᠲᠤᠷᠰᠢᠵᠤ ᠂ ᠤᠷᠢᠳ ᠢᠶᠠᠷ ᠰᠢᠪᠲᠤᠯᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠢ ᠰᠦᠪᠡᠭᠴᠢᠯᠡᠬᠦ ᠬᠡᠷᠡᠭᠲᠡᠢ ᠭᠡᠵᠦ ᠵᠢᠭᠠᠨ ᠭᠠᠷᠭᠠᠪᠠ ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map