ᠠᠩᠬᠠᠳᠤᠭᠠᠷ ᠬᠤᠭᠤᠴᠠᠭᠠᠨ ᠤ ᠪᠦᠬᠦ ᠤᠯᠤᠰ ᠤᠨ ᠤᠶᠤᠲᠠᠳ ᠤᠨ ᠠᠵᠢᠯ ᠮᠡᠷᠭᠡᠵᠢᠯ ᠤᠨ ᠲᠥᠯᠥᠪᠵᠢᠭᠦᠯᠭᠡ ᠶᠢᠨ ᠤᠷᠤᠯᠳᠤᠭᠠᠨ ᠤ ᠥᠪᠥᠷ ᠮᠣᠩᠭᠤᠯ ᠤᠨ ᠤᠷᠤᠯᠳᠤᠭᠠᠨ ᠤ ᠲᠣᠭᠤᠷᠢᠭ ᠵᠢᠴᠢ ᠪᠦᠬᠦ ᠣᠷᠣᠨ ᠤ ᠭᠤᠷᠪᠠᠳᠤᠭᠠᠷ ᠬᠤᠭᠤᠴᠠᠭᠠᠨ ᠤ ᠤᠶᠤᠲᠠᠳ ᠤᠨ ᠠᠵᠢᠯ ᠮᠡᠷᠭᠡᠵᠢᠯ ᠤᠨ ᠲᠥᠯᠥᠪᠵᠢᠭᠦᠯᠭᠡ ᠶᠢᠨ ᠤᠷᠤᠯᠳᠤᠭᠠᠨ ᠤ ᠤᠶᠤᠲᠠᠳ ᠤᠨ ᠠᠵᠢᠯ ᠮᠡᠷᠭᠡᠵᠢᠯ ᠤᠨ ᠬᠥᠭᠵᠢᠯᠲᠡ ᠪᠣᠯᠤᠨ ᠠᠵᠢᠯ ᠣᠯᠭᠤᠯᠲᠠ ᠢ ᠵᠢᠯᠣᠭᠤᠳᠬᠤ ᠬᠢᠴᠢᠶᠡᠯ ᠤᠨ ᠵᠢᠭᠠᠨ ᠰᠤᠷᠭᠠᠯᠲᠠ ᠶᠢᠨ ᠤᠷᠤᠯᠳᠤᠭᠠᠨ ᠤ ᠶᠡᠷᠦᠩᠬᠡᠢ ᠰᠢᠢᠳᠪᠦᠷᠢᠲᠦ ᠤᠷᠤᠯᠳᠤᠭᠠᠨ ᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/3/21
      ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠤᠨ ᠲᠤᠬᠠᠢ ᠨᠠᠮ ᠤᠨ ᠲᠥᠪ  ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠠᠮᠢᠳᠤᠷᠠᠬᠤᠢ ᠶᠢᠨ ᠰᠤᠷᠭᠠᠨ ᠬᠥᠮᠦᠵᠢᠯ ᠪᠠ ᠠᠵᠢᠯ ᠣᠯᠭᠤᠯᠲᠠ ᠶᠢ ᠵᠢᠯᠣᠭᠤᠳᠬᠤ ᠶᠢ ᠴᠢᠩᠭᠠᠳᠬᠠᠨ᠂ ᠤᠶᠤᠲᠠᠳ ᠤᠨ ᠠᠵᠢᠯ ᠮᠡᠷᠭᠡᠵᠢᠯ ᠤᠨ ᠬᠥᠭᠵᠢᠯᠲᠡ ᠪᠠ ᠠᠵᠢᠯ ᠣᠯᠭᠤᠯᠲᠠ ᠶᠢ ᠵᠢᠯᠣᠭᠤᠳᠬᠤ ᠬᠢᠴᠢᠶᠡᠯ ᠤᠨ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ 3 ᠳ᠋ᠤᠭᠠᠷ ᠰᠠᠷ᠎ᠠ ᠶᠢᠨ 17-18  ᠤ ᠡᠳᠦᠷ᠂ ᠠᠩᠬᠠᠳᠤᠭᠠᠷ ᠬᠤᠭᠤᠴᠠᠭᠠᠨ ᠤ ᠪᠦᠬᠦ ᠤᠯᠤᠰ ᠤᠨ ᠤᠶᠤᠲᠠᠳ ᠤᠨ ᠠᠵᠢᠯ ᠮᠡᠷᠭᠡᠵᠢᠯ ᠤᠨ ᠲᠥᠯᠥᠪᠵᠢᠭᠦᠯᠭᠡ ᠶᠢᠨ ᠤᠷᠤᠯᠳᠤᠭᠠᠨ ᠤ ᠥᠪᠥᠷ ᠮᠣᠩᠭᠤᠯ ᠤᠨ ᠤᠷᠤᠯᠳᠤᠭᠠᠨ ᠤ ᠲᠣᠭᠤᠷᠢᠭ ᠵᠢᠴᠢ ᠪᠦᠬᠦ ᠣᠷᠣᠨ ᠤ ᠭᠤᠷᠪᠠᠳᠤᠭᠠᠷ ᠬᠤᠭᠤᠴᠠᠭᠠᠨ ᠤ ᠤᠶᠤᠲᠠᠳ ᠤᠨ ᠠᠵᠢᠯ ᠮᠡᠷᠭᠡᠵᠢᠯ ᠤᠨ ᠲᠥᠯᠥᠪᠵᠢᠭᠦᠯᠭᠡ ᠶᠢᠨ ᠤᠷᠤᠯᠳᠤᠭᠠᠨ ᠤ ᠤᠶᠤᠲᠠᠳ ᠤᠨ ᠠᠵᠢᠯ ᠮᠡᠷᠭᠡᠵᠢᠯ ᠤᠨ ᠬᠥᠭᠵᠢᠯᠲᠡ ᠪᠣᠯᠤᠨ ᠠᠵᠢᠯ ᠣᠯᠭᠤᠯᠲᠠ ᠶᠢ ᠵᠢᠯᠣᠭᠤᠳᠬᠤ ᠬᠢᠴᠢᠶᠡᠯ ᠤᠨ ᠵᠢᠭᠠᠨ ᠰᠤᠷᠭᠠᠯᠲᠠ ᠶᠢᠨ ᠤᠷᠤᠯᠳᠤᠭᠠᠨ ᠤ ᠶᠡᠷᠦᠩᠬᠡᠢ ᠰᠢᠢᠳᠪᠦᠷᠢᠲᠦ ᠤᠷᠤᠯᠳᠤᠭᠠᠨ ᠢ ᠪᠤᠭᠤᠲᠤ ᠪᠠᠭᠰᠢ ᠶᠢᠨ ᠳᠡᠭᠡᠳᠦ ᠰᠤᠷᠭᠠᠭᠤᠯᠢ ᠳᠤ ᠶᠠᠪᠤᠭᠳᠠᠭᠤᠯᠪᠠ᠃

73f42c97c12ace7eb19c38a83a8d0a4f_640_wx_fmt=png&from=appmsg&wxfrom=5&wx_lazy=1&wx_co=1.png

      2 ᠳ᠋ᠤᠭᠠᠷ ᠰᠠᠷ᠎ᠠ ᠶᠢᠨ 7 ᠤ ᠡᠳᠦᠷ ᠤᠷᠤᠯᠳᠤᠭᠠᠨ ᠡᠬᠢᠯᠡᠭᠰᠡᠨ ᠠᠴᠠ ᠨᠠᠭᠠᠰᠢ᠂ ᠪᠦᠬᠦ ᠣᠷᠣᠨ ᠤ ᠶᠡᠭᠡ

ᠳᠡᠭᠡᠳᠦ ᠰᠤᠷᠭᠠᠭᠤᠯᠢ ᠶᠢᠨ ︽ᠤᠶᠤᠲᠠᠳ ᠤᠨ ᠠᠵᠢᠯ ᠮᠡᠷᠭᠡᠵᠢᠯ ᠤᠨ ᠬᠥᠭᠵᠢᠯᠲᠡ ᠪᠣᠯᠤᠨ ᠠᠵᠢᠯ ᠣᠯᠭᠤᠯᠲᠠ ᠶᠢ

ᠵᠢᠯᠣᠭᠤᠳᠬᠤ︾ ᠬᠢᠴᠢᠶᠡᠯ ᠤᠨ 110  ᠪᠠᠭᠰᠢ ᠨᠡᠷ᠎ᠡ ᠮᠡᠳᠡᠭᠦᠯᠵᠦ ᠤᠷᠤᠯᠳᠤᠭᠠᠨ ᠳᠤ ᠣᠷᠣᠯᠴᠠᠪᠠ᠃ ᠶᠡᠭᠡ ᠳᠡᠭᠡᠳᠦ

ᠰᠤᠷᠭᠠᠭᠤᠯᠢ ᠠᠴᠠ ᠲᠠᠨᠢᠯᠴᠠᠭᠤᠯᠬᠤ᠂ ᠤᠷᠤᠯᠳᠤᠭᠠᠨ ᠢ ᠵᠣᠬᠢᠶᠠᠨ ᠪᠠᠶᠢᠭᠤᠯᠬᠤ ᠺᠣᠮᠢᠰ ᠠᠴᠠ ᠬᠢᠷᠢ ᠭᠡᠮ ᠢ ᠬᠢᠨᠠᠨ

ᠰᠢᠯᠭᠠᠬᠤ ᠵᠡᠷᠭᠡ ᠭᠤᠭᠴᠤᠭ᠎ᠠ ᠪᠠᠷ ᠳᠠᠮᠵᠢᠨ᠂ 27 ᠶᠡᠭᠡ ᠳᠡᠭᠡᠳᠦ ᠰᠤᠷᠭᠠᠭᠤᠯᠢ ᠶᠢᠨ 38 ᠣᠷᠣᠯᠴᠠᠭᠴᠢ

ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠤᠷᠤᠯᠳᠤᠭᠠᠨ ᠳᠤ ᠳᠡᠪᠰᠢᠨ ᠣᠷᠣᠪᠠ᠃

      ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠤᠷᠤᠯᠳᠤᠭᠠᠨ ᠢ ᠳᠡᠭᠡᠳᠦ ᠵᠡᠷᠭᠡ ᠶᠢᠨ ᠰᠤᠷᠭᠠᠨ

ᠬᠥᠮᠦᠵᠢᠯ ᠤᠨ ᠳᠤᠭᠤᠶᠢᠯᠠᠩ ᠤᠨ ᠤᠷᠤᠯᠳᠤᠭᠠᠨ ᠪᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠳᠤᠭᠤᠶᠢᠯᠠᠩ ᠤᠨ ᠤᠷᠤᠯᠳᠤᠭᠠᠨ ᠭᠡᠵᠦ ᠬᠤᠪᠢᠶᠠᠨ᠂ ᠣᠷᠣᠯᠴᠠᠭᠰᠠᠳ ᠤᠨ ᠮᠠᠲ᠋ᠧᠷᠢᠶᠠᠯ ᠢ ᠬᠢᠨᠠᠨ ᠳᠣᠭᠲᠠᠭᠠᠬᠤ ᠪᠠ

ᠠᠬᠤᠢ ᠲᠠᠯᠠᠪᠠᠢ ᠶᠢᠨ ᠤᠷᠤᠯᠳᠤᠭᠠᠨ ᠭᠡᠬᠦ ᠬᠤᠶᠠᠷ ᠭᠤᠭᠴᠤᠭ᠎ᠠ ᠪᠠᠷ ᠳᠠᠮᠵᠢᠨ ᠮᠥᠷᠥᠶᠢᠴᠡᠯᠳᠦᠪᠡ᠃ ᠡᠭᠦᠨ ᠳᠤ

ᠠᠬᠤᠢ ᠲᠠᠯᠠᠪᠠᠢ ᠶᠢᠨ ᠤᠷᠤᠯᠳᠤᠭᠠᠨ ᠳᠤ ᠣᠷᠣᠯᠴᠠᠭᠴᠢ ᠠᠬᠤᠢ ᠲᠠᠯᠠᠪᠠᠢ ᠳᠤ ᠬᠢᠴᠢᠶᠡᠯ ᠤᠨ ᠪᠠᠶᠢᠭᠤᠯᠤᠯᠲᠠ ᠶᠢᠨ

ᠪᠠᠶᠢᠳᠠᠯ ᠢ ᠬᠠᠷᠢᠭᠤ ᠮᠡᠳᠡᠭᠦᠯᠬᠦ᠂ ᠦᠢᠯᠡᠳᠦᠯᠴᠡᠵᠦ ᠰᠡᠴᠡᠯᠳᠦᠬᠦ᠂ ᠵᠢᠭᠠᠨ ᠰᠤᠷᠭᠠᠯᠲᠠ ᠪᠠ ᠠᠬᠤᠢ ᠪᠠᠶᠢᠳᠠᠯ ᠤᠨ

ᠵᠢᠱᠢᠮᠡᠭ ᠦᠨᠡᠨ ᠪᠠᠶᠢᠳᠠᠯ ᠢ ᠵᠢᠯᠣᠭᠤᠳᠬᠤ ᠵᠡᠷᠭᠡ ᠭᠤᠷᠪᠠᠨ ᠭᠤᠭᠴᠤᠭ᠎ᠠ ᠶᠢ ᠪᠠᠭᠲᠠᠭᠠᠪᠠ᠃

      ᠡᠴᠦᠰ ᠲᠤ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠭᠤᠤ ᠾᠥᠩ ᠳᠡᠭᠡᠳᠦ ᠵᠡᠷᠭᠡ ᠶᠢᠨ ᠰᠤᠷᠭᠠᠨ

ᠬᠥᠮᠦᠵᠢᠯ ᠤᠨ ᠳᠤᠭᠤᠶᠢᠯᠠᠩ ᠤᠨ ᠨᠢᠭᠡᠳᠦᠭᠡᠷ ᠳᠡᠰ ᠤᠨ ᠱᠠᠩᠨᠠᠯ᠂ ᠪᠤᠭᠤᠲᠤ ᠪᠠᠭᠰᠢ ᠶᠢᠨ ᠳᠡᠭᠡᠳᠦ ᠰᠤᠷᠭᠠᠭᠤᠯᠢ ᠶᠢᠨ

ᠶᠠᠩ ᠯᠢ ᠵᠢᠶᠦ᠋ᠨ ᠵᠡᠷᠭᠡ 4 ᠰᠤᠷᠤᠭᠴᠢ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠳᠤᠭᠤᠶᠢᠯᠠᠩ ᠤᠨ

ᠬᠤᠶᠠᠳᠤᠭᠠᠷ ᠳᠡᠰ ᠤᠨ ᠱᠠᠩᠨᠠᠯ᠂ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠯᠢᠦ ᠸᠧᠢ ᠸᠧᠢ

ᠵᠡᠷᠭᠡ 6 ᠰᠤᠷᠤᠭᠴᠢ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠳᠤᠭᠤᠶᠢᠯᠠᠩ ᠤᠨ ᠭᠤᠷᠪᠠᠳᠤᠭᠠᠷ ᠳᠡᠰ ᠤᠨ

ᠱᠠᠩᠨᠠᠯ ᠢ ᠬᠦᠷᠲᠡᠪᠡ᠃ ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ᠶᠢᠨ ᠶᠠᠩ ᠯᠢ ᠵᠢᠦᠸᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠤᠭᠤᠶᠢᠯᠠᠩ ᠤᠨ ᠨᠢᠭᠡᠳᠦᠭᠡᠷ

ᠳᠡᠰ ᠤᠨ ᠱᠠᠩᠨᠠᠯ᠂ ᠲᠦᠩᠯᠢᠶᠣᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠦ ᠯᠢᠨ ᠵᠡᠷᠭᠡ 4 ᠬᠥᠮᠦᠨ

ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠤᠭᠤᠶᠢᠯᠠᠩ ᠤᠨ ᠬᠤᠶᠠᠳᠤᠭᠠᠷ ᠳᠡᠰ ᠤᠨ ᠱᠠᠩᠨᠠᠯ᠂ ᠪᠤᠭᠤᠲᠤ ᠶᠢᠨ

ᠪᠣᠯᠣᠳ ᠲᠡᠮᠦᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠸᠠᠩ ᠹᠠᠨ ᠵᠡᠷᠭᠡ 6 ᠰᠤᠷᠤᠭᠴᠢ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠳᠤᠭᠤᠶᠢᠯᠠᠩ ᠤᠨ ᠭᠤᠷᠪᠠᠳᠤᠭᠠᠷ ᠳᠡᠰ ᠤᠨ ᠱᠠᠩᠨᠠᠯ ᠢ ᠬᠦᠷᠲᠡᠪᠡ᠃

      ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠠᠵᠢᠯ ᠣᠯᠭᠤᠯᠲᠠ ᠪᠠᠷ ᠬᠥᠮᠦᠨ

ᠬᠥᠮᠦᠵᠢᠭᠦᠯᠦᠭᠰᠡᠨ ᠦᠷ᠎ᠡ ᠪᠦᠲᠦᠮᠵᠢ ᠶᠢ ᠭᠦᠢᠴᠡᠳ ᠳᠡᠯᠭᠡᠨ ᠦᠵᠡᠭᠦᠯᠵᠦ᠂ ᠰᠤᠷᠭᠠᠭᠤᠯᠢ ᠶᠢᠨ ᠬᠤᠭᠤᠷᠣᠨᠳᠣᠬᠢ

ᠠᠵᠢᠯ ᠣᠯᠭᠤᠯᠲᠠ ᠶᠢᠨ ᠦᠷ᠎ᠡ ᠪᠦᠲᠦᠭᠡᠯ ᠤᠨ ᠰᠣᠯᠢᠯᠴᠠᠭ᠎ᠠ ᠶᠢ ᠠᠬᠢᠭᠤᠯᠬᠤ ᠶᠢᠨ ᠲᠥᠯᠥᠭᠡ᠂ ᠤᠷᠤᠯᠳᠤᠭᠠᠨ ᠤ

ᠬᠤᠭᠤᠴᠠᠭᠠᠨ ᠳᠤ ᠣᠨᠴᠠᠭᠠᠶᠢᠯᠠᠨ ᠶᠡᠭᠡ ᠳᠡᠭᠡᠳᠦ ᠰᠤᠷᠭᠠᠭᠤᠯᠢ ᠶᠢᠨ ᠠᠵᠢᠯ ᠣᠯᠭᠤᠵᠤ ᠬᠥᠮᠦᠨ ᠬᠥᠮᠦᠵᠢᠭᠦᠯᠦᠭᠰᠡᠨ

ᠦᠷ᠎ᠡ ᠪᠦᠲᠦᠭᠡᠯ ᠤᠨ ᠦᠵᠡᠭᠦᠯᠭᠡ ᠭᠠᠷᠭᠠᠵᠤ᠂ ᠲᠥᠪ ᠤᠨ ᠲᠤᠰᠬᠠᠢ ᠲᠥᠷᠦᠯ ᠤᠨ ᠱᠠᠩᠨᠠᠯᠲᠤ ᠰᠤᠭᠤᠯᠤᠭ᠎ᠠ ᠶᠢᠨ

ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠬᠤᠩ ᡁᠢ ᠠᠶᠠᠯᠠᠯ ᠢ ᠳᠡᠮᠵᠢᠬᠦ ᠲᠥᠯᠥᠪᠯᠡᠭᠡ - ᠪᠦᠬᠦ ᠤᠯᠤᠰ ᠤᠨ ᠶᠡᠭᠡ

ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠬᠤ ᠴᠢᠳᠠᠪᠤᠷᠢ ᠶᠢ ᠪᠣᠯᠪᠠᠰᠤᠷᠠᠭᠤᠯᠬᠤ ᠰᠠᠭᠤᠷᠢᠨ ᠭᠠᠵᠠᠷ ᠤᠨ

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠠᠬᠢ ᠰᠠᠭᠤᠷᠢᠨ ᠭᠠᠵᠠᠷ ᠤᠨ ᠦᠷ᠎ᠡ ᠪᠦᠲᠦᠭᠡᠯ ᠤᠨ

ᠦᠵᠡᠭᠦᠯᠭᠡ᠂ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠶᠢ ᠡᠭᠦᠳᠦᠨ ᠦᠢᠯᠡᠰ ᠪᠣᠰᠬᠠᠭᠰᠠᠨ

ᠠᠯᠲᠠᠨ ᠬᠢᠴᠢᠶᠡᠯ ᠤᠨ ᠦᠷ᠎ᠡ ᠪᠦᠲᠦᠭᠡᠯ ᠤᠨ ᠦᠵᠡᠭᠦᠯᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠠᠮᠢᠳᠤᠷᠠᠬᠤᠢ ᠶᠢᠨ ᠵᠦᠪᠯᠡᠯᠭᠡ ᠥᠭᠬᠦ ᠣᠨᠴᠠᠯᠢᠭᠲᠤ ᠠᠵᠢᠯᠯᠠᠬᠤ ᠭᠠᠵᠠᠷ ᠤᠨ ᠦᠷ᠎ᠡ ᠪᠦᠲᠦᠭᠡᠯ ᠤᠨ ᠦᠵᠡᠭᠦᠯᠭᠡ᠂

ᠶᠡᠭᠡ ᠳᠡᠭᠡᠳᠦ ᠰᠤᠷᠭᠠᠭᠤᠯᠢ ᠶᠢᠨ ᠤᠷᠤᠯᠳᠤᠭᠠᠨ ᠳᠤ ᠣᠷᠣᠯᠴᠠᠭᠰᠠᠨ ᠪᠠᠭᠰᠢ  ᠶᠢᠨ ᠬᠡᠪ ᠨᠠᠮᠪᠠᠭ᠎ᠠ ᠶᠢ ᠳᠡᠯᠭᠡᠨ

ᠦᠵᠡᠭᠦᠯᠬᠦ ᠵᠡᠷᠭᠡ ᠶᠢ ᠪᠠᠭᠲᠠᠭᠠᠵᠤ᠂ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠤᠶᠤᠲᠠᠳ ᠤᠨ

ᠠᠮᠢᠳᠤᠷᠠᠬᠤᠢ ᠶᠢᠨ ᠰᠤᠷᠭᠠᠨ ᠬᠥᠮᠦᠵᠢᠯ ᠢ ᠠᠬᠢᠭᠤᠯᠬᠤ᠂ ᠠᠵᠢᠯ ᠣᠯᠭᠤᠯᠲᠠ ᠶᠢ ᠵᠢᠯᠣᠭᠤᠳᠬᠤ ᠦᠢᠯᠡᠴᠢᠯᠡᠭᠡ ᠶᠢ

ᠪᠣᠳᠠᠲᠠᠢ ᠪᠥᠭᠡᠳ ᠨᠠᠷᠢᠯᠢᠭ ᠬᠢᠬᠦ  ᠳᠤ ᠬᠦᠴᠦᠲᠡᠢ ᠲᠤᠯᠭᠠᠭᠤᠷᠢᠯᠠᠯ ᠬᠠᠩᠭᠠᠪᠠ᠃

      ᠡᠨᠡ ᠤᠳᠠᠭᠠᠨ ᠤ ᠤᠷᠤᠯᠳᠤᠭᠠᠨ ᠨᠢ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ

ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ᠂ ᠤᠶᠤᠲᠠᠳ ᠤᠨ ᠴᠢᠨᠠᠷᠯᠢᠭ ᠪᠥᠭᠡᠳ ᠭᠦᠢᠴᠡᠳ ᠠᠵᠢᠯ ᠣᠯᠬᠤ ᠶᠢ

ᠠᠬᠢᠭᠤᠯᠬᠤ ᠭᠤᠣᠯ ᠰᠡᠳᠦᠪ ᠤᠨ ᠲᠣᠭᠤᠷᠢᠨ ᠳᠤ᠂ ᠶᠡᠭᠡ ᠳᠡᠭᠡᠳᠦ ᠰᠤᠷᠭᠠᠭᠤᠯᠢ ᠶᠢᠨ ︽ᠤᠶᠤᠲᠠᠳ ᠤᠨ ᠠᠵᠢᠯ

ᠮᠡᠷᠭᠡᠵᠢᠯ ᠤᠨ ᠬᠥᠭᠵᠢᠯᠲᠡ ᠪᠣᠯᠤᠨ ᠠᠵᠢᠯ ᠣᠯᠭᠤᠯᠲᠠ ᠶᠢ ᠵᠢᠯᠣᠭᠤᠳᠬᠤ︾ ᠪᠠᠭᠰᠢ ᠶᠢᠨ ᠡᠩᠨᠡᠭᠡ ᠪᠣᠯᠤᠨ

ᠬᠢᠴᠢᠶᠡᠯ ᠤᠨ ᠳᠣᠭᠲᠠᠯᠴᠠᠭᠠᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠭᠦᠢᠴᠡᠳ ᠳᠡᠯᠭᠡᠨ ᠦᠵᠡᠭᠦᠯᠵᠦ᠂ ᠠᠵᠢᠯ

ᠣᠯᠭᠤᠯᠲᠠ  ᠶᠢ ᠵᠢᠯᠣᠭᠤᠳᠬᠤ ᠪᠠ ᠦᠢᠯᠡᠴᠢᠯᠡᠭᠡᠨ ᠤ ᠠᠵᠢᠯ ᠤᠨ ᠲᠤᠰᠬᠠᠶᠢᠵᠢᠭᠰᠠᠨ ᠪᠠᠶᠢᠭᠤᠯᠤᠯᠲᠠ ᠶᠢ

ᠪᠦᠲᠦᠮᠵᠢᠲᠡᠢ ᠠᠬᠢᠭᠤᠯᠵᠤ᠂ ᠠᠵᠢᠯ ᠣᠯᠭᠤᠵᠤ ᠬᠥᠮᠦᠨ ᠬᠥᠮᠦᠵᠢᠭᠦᠯᠬᠦ ᠪᠣᠳᠠᠲᠤ ᠦᠷ᠎ᠡ ᠪᠦᠲᠦᠮᠵᠢ ᠶᠢ ᠪᠦᠬᠦ

ᠲᠠᠯ᠎ᠠ ᠪᠠᠷ ᠳᠡᠭᠡᠭᠰᠢᠯᠡᠭᠦᠯᠪᠡ᠃ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠠᠵᠢᠯ ᠣᠯᠭᠤᠬᠤ ᠠᠵᠢᠯ ᠤᠨ

ᠡᠭᠦᠷᠭᠡ ᠴᠢᠳᠠᠮᠵᠢᠲᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ︽ᠤᠶᠤᠲᠠᠳ ᠤᠨ ᠠᠵᠢᠯ ᠮᠡᠷᠭᠡᠵᠢᠯ ᠤᠨ

ᠬᠥᠭᠵᠢᠯᠲᠡ ᠪᠣᠯᠤᠨ ᠠᠵᠢᠯ ᠣᠯᠭᠤᠯᠲᠠ ᠶᠢ ᠵᠢᠯᠣᠭᠤᠳᠬᠤ︾ ᠬᠢᠴᠢᠶᠡᠯ ᠤᠨ ᠬᠠᠷᠢᠭᠤᠴᠠᠯᠭᠠᠲᠠᠨ᠂ ᠤᠷᠤᠯᠳᠤᠭᠠᠨ ᠳᠤ

ᠣᠷᠣᠯᠴᠠᠭᠴᠢ᠂ ᠲᠣᠭᠤᠷᠢᠨ ᠦᠵᠡᠬᠦ ᠪᠠᠭᠰᠢ ᠵᠡᠷᠭᠡ ᠮᠢᠩᠭ᠎ᠠ ᠰᠢᠬᠠᠮ ᠬᠥᠮᠦᠨ ᠣᠷᠣᠯᠴᠠᠵᠠᠢ᠃

      ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠭᠦᠨᠵᠡᠭᠡᠢ

ᠬᠠᠶᠢᠨ ᠰᠦᠪᠡᠭᠴᠢᠯᠡᠭᠰᠡᠨ᠂ ᠤᠷᠤᠯᠳᠤᠭᠠᠨ ᠢᠶᠠᠷ ᠬᠥᠳᠡᠯᠭᠡᠭᠦᠷ ᠪᠣᠯᠭᠠᠭᠰᠠᠨ᠂ ᠦᠯᠢᠭᠡᠷ ᠳᠠᠭᠤᠷᠢᠶᠠᠯ ᠢᠶᠠᠷ ᠬᠥᠲᠥᠯᠥᠨ

ᠳᠠᠭᠠᠭᠤᠯᠬᠤ ᠶᠢ ᠨᠢᠭᠡ ᠴᠣᠭᠴᠠᠵᠢᠭᠤᠯᠤᠭᠰᠠᠨ ᠳᠡᠭᠡᠳᠦ ᠰᠤᠷᠭᠠᠭᠤᠯᠢ ᠶᠢᠨ ᠠᠮᠢᠳᠤᠷᠠᠬᠤᠢ ᠶᠢᠨ ᠰᠤᠷᠭᠠᠨ ᠬᠥᠮᠦᠵᠢᠯ

ᠪᠠ ᠠᠵᠢᠯ ᠣᠯᠭᠤᠯᠲᠠ ᠶᠢ ᠵᠢᠯᠣᠭᠤᠳᠬᠤ ᠳᠣᠭᠲᠠᠯᠴᠠᠭ᠎ᠠ ᠶᠢ ᠠᠯᠬᠤᠮ ᠠᠯᠬᠤᠮ ᠢᠶᠠᠷ ᠪᠠᠶᠢᠭᠤᠯᠤᠨ᠂ ᠶᠡᠭᠡ ᠳᠡᠭᠡᠳᠦ

ᠰᠤᠷᠭᠠᠭᠤᠯᠢ ᠶᠢᠨ ᠠᠵᠢᠯ ᠣᠯᠭᠤᠵᠤ ᠬᠥᠮᠦᠨ ᠬᠥᠮᠦᠵᠢᠭᠦᠯᠬᠦ ᠠᠵᠢᠯ ᠤᠨ ᠬᠡᠯᠪᠡᠷᠢ ᠪᠠᠨ ᠬᠤᠪᠢᠷᠠᠭᠤᠯᠤᠨ ᠳᠡᠰ

ᠳᠡᠪᠰᠢᠬᠦ ᠶᠢ ᠲᠦᠯᠬᠢᠨ ᠠᠬᠢᠭᠤᠯᠵᠤ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ᠂ ᠤᠷᠤᠯᠳᠤᠭᠠᠨ ᠢᠶᠠᠷ

ᠰᠤᠷᠭᠠᠨ ᠬᠥᠮᠦᠵᠢᠯ ᠢ ᠠᠬᠢᠭᠤᠯᠬᠤ᠂ ᠤᠷᠤᠯᠳᠤᠭᠠᠨ ᠢᠶᠠᠷ ᠠᠵᠢᠯ ᠣᠯᠬᠤ ᠶᠢ ᠠᠬᠢᠭᠤᠯᠬᠤ ᠵᠢᠱᠢᠭᠰᠡᠨ ᠬᠠᠷᠠᠯᠲᠠ ᠶᠢ

ᠪᠡᠶᠡᠯᠡᠭᠦᠯᠦᠨ᠎ᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map