ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠷᠳᠡᠮ ᠤᠨ ᠴᠣᠯᠠ ᠶᠢᠨ ᠵᠥᠪᠯᠡᠯ ᠲᠠᠨᠢᠯᠴᠠᠭᠤᠯᠬᠤ ᠪᠠᠷ ᠪᠠᠶᠢᠭ᠎ᠠ ᠰᠢᠨ᠎ᠡ ᠪᠠᠷ ᠨᠡᠮᠡᠭᠳᠡᠭᠰᠡᠨ ᠳ᠋ᠣᠺᠲ᠋ᠣᠷ ᠪᠠ ᠮᠠᠰᠲ᠋ᠧᠷ ᠤᠨ ᠡᠷᠳᠡᠮ ᠤᠨ ᠴᠣᠯᠠ ᠣᠯᠭᠤᠬᠤ ᠨᠢᠭᠡᠴᠢ ᠵᠢᠴᠢ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠨᠡᠷᠡᠰ ᠪᠣᠯᠤᠨ ᠵᠢᠭᠰᠠᠭᠠᠯᠲᠠ ᠶᠢ ᠢᠯᠡ ᠨᠡᠶᠢᠲᠡᠯᠡᠪᠡ
ᠨᠡᠶᠢᠲᠡᠯᠡᠭᠰᠡᠨ ᠴᠠᠭ᠄
2024/3/21
      ᠲᠥᠷᠥ ᠶᠢᠨ ᠶᠠᠪᠤᠳᠠᠯ ᠤᠨ ᠬᠤᠷᠢᠶᠠᠨ ᠤ ᠡᠷᠳᠡᠮ ᠤᠨ ᠴᠣᠯᠠ ᠶᠢᠨ ᠵᠥᠪᠯᠡᠯ ᠤᠨ ︽ᠰᠢᠨ᠎ᠡ ᠪᠠᠷ ᠨᠡᠮᠡᠭᠳᠡᠭᠰᠡᠨ ᠳ᠋ᠣᠺᠲ᠋ᠣᠷ ᠪᠠ ᠮᠠᠰᠲ᠋ᠧᠷ ᠤᠨ ᠡᠷᠳᠡᠮ ᠤᠨ ᠴᠣᠯᠠ ᠶᠢᠨ ᠡᠷᠬᠡ ᠣᠯᠭᠤᠬᠤ ᠶᠢ ᠬᠢᠨᠠᠨ ᠪᠠᠶᠢᠴᠠᠭᠠᠬᠤ ᠠᠵᠢᠯ ᠤᠨ ᠲᠤᠬᠠᠢ ᠮᠡᠳᠡᠭᠳᠡᠯ︾ ︵ᠡᠷᠳᠡᠮ ᠤᠨ ᠴᠤᠯᠠ︹2024︺2 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠡᠷᠳᠡᠮ ᠤᠨ ᠴᠣᠯᠠ ᠶᠢᠨ ᠵᠥᠪᠯᠡᠯ ᠠᠴᠠ ᠬᠢᠨᠠᠨ ᠲᠣᠭᠲᠠᠭᠠᠬᠤ ᠪᠠᠷ ᠳᠠᠮᠵᠢᠭᠠᠳ᠂ ᠡᠳᠦᠭᠡ ᠮᠠᠨ ᠤ ᠣᠷᠣᠨ ᠤ ᠲᠠᠨᠢᠯᠴᠠᠭᠤᠯᠬᠤ ᠪᠠᠷ ᠪᠠᠶᠢᠭ᠎ᠠ ᠰᠢᠨ᠎ᠡ ᠪᠠᠷ ᠨᠡᠮᠡᠭᠳᠡᠭᠰᠡᠨ ᠳ᠋ᠣᠺᠲ᠋ᠣᠷ ᠪᠠ ᠮᠠᠰᠲ᠋ᠧᠷ ᠤᠨ ᠡᠷᠳᠡᠮ ᠤᠨ ᠴᠣᠯᠠ ᠣᠯᠭᠤᠬᠤ ᠨᠢᠭᠡᠴᠢ ᠵᠢᠴᠢ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠨᠡᠷᠡᠰ ᠪᠠ ᠵᠢᠭᠰᠠᠭᠠᠯᠲᠠ ᠶᠢ ᠢᠯᠡ ᠨᠡᠶᠢᠲᠡᠯᠡᠪᠡ᠃      ᠢᠯᠡ ᠨᠡᠶᠢᠲᠡᠯᠡᠬᠦ ᠬᠤᠭᠤᠴᠠᠭ᠎ᠠ 2024 ᠣᠨ ᠤ 3 ᠰᠠᠷ᠎ᠠ ᠶᠢᠨ 18 - 2024 ᠣᠨ ᠤ 3 ᠰᠠᠷ᠎ᠠ ᠶᠢᠨ 22 ᠤᠨ ᠡᠳᠦᠷ᠃      ᠢᠯᠡ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠢ ᠪᠤᠶᠤ ᠬᠤᠪᠢ ᠬᠥᠮᠦᠨ ᠬᠡᠷᠪᠡ ᠰᠠᠨᠠᠯ ᠲᠠᠢ ᠪᠣᠯ ᠰᠤᠷᠪᠤᠯᠵᠢᠯᠠᠬᠤ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠡᠷᠳᠡᠮ ᠤᠨ ᠴᠣᠯᠠ ᠶᠢᠨ ᠵᠥᠪᠯᠡᠯ ᠤᠨ ᠠᠯᠪᠠᠨ ᠭᠡᠷ ᠲᠤ ᠲᠤᠰᠬᠠᠭᠠᠷᠠᠢ᠃ ᠲᠤᠰᠬᠠᠭᠰᠠᠨ ᠠᠰᠠᠭᠤᠳᠠᠯ ᠢ ᠬᠢᠨᠠᠨ ᠪᠠᠶᠢᠴᠠᠭᠠᠬᠤ ᠳᠤ ᠳᠥᠭᠦᠮ ᠦᠵᠡᠭᠦᠯᠬᠦ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠦᠬᠦᠢ ᠰᠦᠪᠡᠭᠴᠢ ᠬᠠᠩᠭᠠᠬᠤ ᠵᠢᠴᠢ ᠲᠤᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠪᠠᠨ ᠬᠠᠩᠭᠠᠵᠤ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠪᠠᠶᠢᠴᠠᠭᠠᠭᠰᠠᠨ ᠪᠠᠶᠢᠳᠠᠯ ᠢ ᠴᠠᠭ ᠲᠤᠬᠠᠢ ᠳᠤ ᠨᠢ ᠬᠠᠷᠢᠭᠤ ᠪᠤᠴᠠᠭᠠᠨ᠎ᠠ᠃      ᠬᠦᠯᠢᠶᠡᠨ ᠠᠪᠴᠤ ᠰᠢᠢᠳᠪᠦᠷᠢᠯᠡᠬᠦ ᠢᠮᠧᠯ᠄ nmg_xwb@163.com      ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ 0417 - 2856601      ᠬᠦᠯᠢᠶᠡᠨ ᠠᠪᠴᠤ ᠰᠢᠢᠳᠪᠦᠷᠢᠯᠡᠬᠦ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00-12᠄ 00᠂ ᠦᠳᠡ ᠶᠢᠨ ᠬᠤᠶᠢᠨ᠎ᠠ 14᠄ 30-17᠄ 30      ᠰᠢᠤᠳᠠᠨ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠢᠩ ᠰᠢᠶᠠᠩ ᠵᠠᠮ ᠤᠨ 5 ᠳ᠋ᠤᠭᠠᠷ ᠨᠣᠮᠧᠷ  ᠥᠪᠡᠷᠲᠡᠭᠡᠨ ᠵᠠᠰᠠᠬᠤ ᠣᠷᠣᠨ ᠤ ᠡᠷᠳᠡᠮ ᠤᠨ ᠴᠣᠯᠠ ᠶᠢᠨ ᠵᠥᠪᠯᠡᠯ ᠤᠨ ᠠᠯᠪᠠᠨ ᠭᠡᠷ      ᠳᠠᠭᠠᠯᠳᠤᠭᠤᠯᠤᠯ᠄       1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠨᠢᠯᠴᠠᠭᠤᠯᠬᠤ ᠪᠠᠷ ᠪᠠᠶᠢᠭ᠎ᠠ ᠰᠢᠨ᠎ᠡ ᠪᠠᠷ ᠨᠡᠮᠡᠭᠳᠡᠭᠰᠡᠨ ᠳ᠋ᠣᠺᠲ᠋ᠣᠷ ᠪᠠ ᠮᠠᠰᠲ᠋ᠧᠷ ᠤᠨ ᠡᠷᠳᠡᠮ ᠤᠨ ᠴᠣᠯᠠ ᠣᠯᠭᠤᠬᠤ ᠨᠢᠭᠡᠴᠢ ᠶᠢᠨ ᠨᠡᠷᠡᠰ      2᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠨᠢᠯᠴᠠᠭᠤᠯᠬᠤ ᠪᠠᠷ ᠪᠠᠶᠢᠭ᠎ᠠ ᠰᠢᠨ᠎ᠡ ᠪᠠᠷ ᠨᠡᠮᠡᠭᠳᠡᠭᠰᠡᠨ ᠳ᠋ᠣᠺᠲ᠋ᠣᠷ ᠤᠨ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ  ᠤᠨ ᠨᠡᠷᠡᠰ ᠪᠠ ᠵᠢᠭᠰᠠᠭᠠᠯᠲᠠ      3᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠨᠢᠯᠴᠠᠭᠤᠯᠬᠤ ᠪᠠᠷ ᠪᠠᠶᠢᠭ᠎ᠠ ᠰᠢᠨ᠎ᠡ ᠪᠠᠷ ᠨᠡᠮᠡᠭᠳᠡᠭᠰᠡᠨ ᠮᠠᠰᠲ᠋ᠧᠷ ᠤᠨ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠨᠡᠷᠡᠰ ᠪᠠ ᠵᠢᠭᠰᠠᠭᠠᠯᠲᠠ        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ        ᠵᠠᠰᠠᠭ ᠤᠨ ᠣᠷᠳᠣᠨ ᠤ ᠡᠷᠳᠡᠮ ᠤᠨ ᠴᠤᠯᠠ ᠶᠢᠨ ᠵᠦᠪᠯᠡᠯ             2024 ᠣᠨ ᠤ 3 ᠰᠠᠷ᠎ᠠ ᠶᠢᠨ 15 ᠤ ᠡᠳᠦᠷᠳᠠᠭᠠᠯᠳᠤᠭᠤᠯᠤᠯ 1᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠨᠢᠯᠴᠠᠭᠤᠯᠬᠤ ᠪᠠᠷ ᠪᠠᠶᠢᠭ᠎ᠠ ᠰᠢᠨ᠎ᠡ ᠪᠠᠷ ᠨᠡᠮᠡᠭᠳᠡᠭᠰᠡᠨ ᠳ᠋ᠣᠺᠲ᠋ᠣᠷ ᠪᠠ ᠮᠠᠰᠲ᠋ᠧᠷ ᠤᠨ ᠡᠷᠳᠡᠮ ᠤᠨ ᠴᠣᠯᠠ ᠣᠯᠭᠤᠬᠤ ᠨᠢᠭᠡᠴᠢ ᠶᠢᠨ ᠨᠡᠷᠡᠰ .xlsᠳᠠᠭᠠᠯᠳᠤᠭᠤᠯᠤᠯ 2᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠨᠢᠯᠴᠠᠭᠤᠯᠬᠤ  ᠪᠠᠷ ᠪᠠᠶᠢᠭ᠎ᠠ ᠰᠢᠨ᠎ᠡ ᠪᠠᠷ ᠨᠡᠮᠡᠭᠳᠡᠭᠰᠡᠨ ᠳ᠋ᠣᠺᠲ᠋ᠣᠷ ᠤᠨ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠨᠡᠷᠡᠰ ᠪᠠ ᠵᠢᠭᠰᠠᠭᠠᠯᠲᠠ .xlsᠳᠠᠭᠠᠯᠳᠤᠭᠤᠯᠤᠯ 3᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠨᠢᠯᠴᠠᠭᠤᠯᠬᠤ  ᠪᠠᠷ ᠪᠠᠶᠢᠭ᠎ᠠ ᠰᠢᠨ᠎ᠡ ᠪᠠᠷ ᠨᠡᠮᠡᠭᠳᠡᠭᠰᠡᠨ ᠮᠠᠰᠲ᠋ᠧᠷ ᠤᠨ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠨᠡᠷᠡᠰ ᠪᠠ ᠵᠢᠭᠰᠠᠭᠠᠯᠲᠠ .xls 
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map