ᠣᠷᠳᠣᠰ ᠬᠤᠲᠠ᠄ ︽ᠡᠬᠢᠯᠡᠯᠲᠡ ᠶᠢᠨ ᠪᠡᠶ᠎ᠡ ᠶᠢᠨ ᠲᠠᠮᠢᠷ︾ ᠢᠶᠠᠷ ᠥᠰᠦᠨ ᠪᠥᠢᠵᠢᠯᠲᠠ ᠶᠢ ᠠᠬᠢᠭᠤᠯᠪᠠ
ᠨᠡᠶᠢᠲᠡᠯᠡᠭᠰᠡᠨ ᠴᠠᠭ᠄
2024/3/22
      ᠰᠢᠨ᠎ᠡ ᠰᠤᠷᠤᠯᠭ᠎ᠠ ᠶᠢᠨ ᠬᠤᠭᠤᠴᠠᠭᠠᠨ ᠳᠤ᠂ ᠣᠷᠳᠣᠰ ᠬᠤᠲᠠ ᠶᠢᠨ ᠰᠤᠷᠤᠭᠴᠢᠳ ᠰᠢᠨ᠎ᠡ ᠵᠢᠭᠠᠬᠤ ᠮᠠᠲ᠋ᠧᠷᠢᠶᠠᠯ ᠠᠴᠠ ᠭᠠᠳᠠᠨ᠎ᠠ ᠰᠢᠨ᠎ᠡ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠠᠷᠭ᠎ᠠ ᠮᠠᠶ᠋ᠢᠭ - ᠡᠬᠢᠯᠡᠯᠲᠡ ᠶᠢᠨ ᠪᠡᠶ᠎ᠡ ᠶᠢᠨ ᠲᠠᠮᠢᠷ ᠢ ᠡᠬᠢᠯᠡᠭᠦᠯᠪᠡ᠃ ᠬᠡᠦᠬᠡᠳ ᠤᠳ ᠥᠷᠯᠥᠭᠡ ᠪᠦᠷᠢ ᠰᠤᠷᠭᠠᠭᠤᠯᠢ ᠳᠤ ᠬᠦᠷᠦᠭᠰᠡᠨ ᠤ ᠳᠠᠷᠠᠭᠠᠬᠢ ᠠᠩᠬᠠᠨ ᠤ ᠠᠵᠢᠯ ᠪᠣᠯ ᠳᠠᠷᠤᠶᠢᠬᠠᠨ ᠪᠡᠶ᠎ᠡ ᠶᠢᠨ ᠲᠠᠮᠢᠷ ᠤᠨ ᠲᠠᠯᠠᠪᠠᠢ ᠳᠤ ᠬᠦᠷᠴᠦ᠂ ᠡᠯ᠎ᠡ ᠲᠥᠷᠥᠯ ᠵᠦᠢᠯ ᠤᠨ ᠣᠷᠣᠨ ᠵᠠᠢ ᠶᠢᠨ ᠬᠤᠭᠤᠷᠣᠨᠳᠣ ᠶᠠᠪᠤᠵᠤ᠂ ᠡᠯ᠎ᠡ ᠵᠦᠢᠯ ᠤᠨ ᠪᠡᠶ᠎ᠡ ᠶᠢᠨ ᠲᠠᠮᠢᠷ ᠤᠨ ᠪᠠᠭᠠᠵᠢ ᠬᠡᠷᠡᠭᠰᠡᠯ᠂ ᠲᠠᠯᠠᠪᠤᠷ ᠭᠠᠵᠠᠷ ᠤᠨ ᠬᠠᠷᠰᠢ ᠰᠠᠭᠠᠳ ᠲᠠᠢ ᠬᠦᠴᠦᠨ ᠴᠢᠳᠠᠯ ᠪᠠ ᠤᠷ᠎ᠠ ᠴᠢᠳᠠᠪᠤᠷᠢ ᠪᠠᠨ ︽ᠦᠵᠡᠯᠴᠡᠵᠦ︾᠂ ᠪᠡᠶ᠎ᠡ ᠮᠠᠬᠠᠪᠤᠳ ᠪᠣᠯᠤᠨ ᠶᠡᠭᠡ ᠲᠠᠷᠢᠬᠢ ᠪᠠᠨ ᠰᠡᠷᠭᠦᠭᠡᠨ᠂ ᠪᠠᠶᠠᠷ ᠪᠠᠶᠠᠰᠬᠤᠯᠠᠩᠲᠤ ᠰᠡᠳᠬᠢᠯᠭᠡ ᠪᠠᠷ ᠨᠢᠭᠡ ᠡᠳᠦᠷ ᠤᠨ ᠰᠤᠷᠤᠯᠭ᠎ᠠ ᠪᠠ ᠠᠮᠢᠳᠤᠷᠠᠯ ᠢᠶᠠᠨ ᠡᠬᠢᠯᠡᠭᠦᠯᠦᠨ᠂ ︽ᠡᠬᠢᠯᠡᠯᠳᠡ ᠶᠢᠨ ᠪᠡᠶ᠎ᠡ ᠶᠢᠨ ᠲᠠᠮᠢᠷ︾ ᠢᠶᠠᠷ ᠡᠷᠡᠭᠦᠯ ᠴᠢᠬᠢᠷᠠᠭ ᠥᠰᠦᠨ ᠪᠣᠶᠢᠵᠢᠯᠲᠠ ᠪᠠ ᠨᠠᠰᠤᠨ ᠲᠤᠷᠰᠢᠳᠠ ᠶᠢᠨ ᠬᠥᠭᠵᠢᠯᠲᠡ ᠶᠢ ᠠᠬᠢᠭᠤᠯᠪᠠ᠃      ︽ᠡᠬᠢᠯᠡᠯᠳᠡ ᠶᠢᠨ ᠪᠡᠶ᠎ᠡ ᠶᠢᠨ ᠲᠠᠮᠢᠷ︾ ᠪᠣᠯ ᠨᠢᠭᠡ ᠡᠳᠦᠷ ᠤᠨ ᠳᠣᠲᠣᠷᠠᠬᠢ ᠨᠢᠭᠡᠳᠦᠭᠡᠷ ᠴᠠᠭ ᠤᠨ ᠰᠣᠶᠣᠯ ᠤᠨ ᠬᠢᠴᠢᠶᠡᠯ ᠠᠴᠠ ᠡᠮᠦᠨᠡᠬᠢ ᠪᠡᠶ᠎ᠡ ᠶᠢᠨ ᠲᠠᠮᠢᠷ ᠤᠨ ᠪᠣᠯᠪᠠᠰᠤᠷᠠᠯ ᠪᠣᠯᠤᠨ᠎ᠠ᠂ ᠭᠤᠣᠯ ᠵᠣᠷᠢᠯᠭ᠎ᠠ ᠨᠢ ᠪᠡᠶ᠎ᠡ ᠶᠢᠨ ᠲᠠᠮᠢᠷ ᠤᠨ ᠬᠥᠳᠡᠯᠭᠡᠭᠡᠨ ᠢᠶᠠᠷ ᠳᠠᠮᠵᠢᠭᠤᠯᠤᠨ ᠰᠤᠷᠤᠭᠴᠢᠳ ᠤᠨ ᠶᠡᠭᠡ ᠲᠠᠷᠢᠬᠢ ᠶᠢ ᠰᠡᠷᠭᠦᠭᠡᠨ᠂ ᠨᠢᠭᠡ ᠡᠳᠦᠷ ᠤᠨ ᠰᠤᠷᠤᠯᠴᠠᠯᠭ᠎ᠠ ᠳᠤ ᠰᠠᠭᠤᠷᠢ ᠲᠠᠯᠪᠢᠬᠤ ᠶᠠᠪᠤᠳᠠᠯ ᠪᠣᠯᠤᠨ᠎ᠠ᠃ ︿ᠡᠬᠢᠯᠡᠯᠳᠡ ᠶᠢᠨ ᠪᠡᠶ᠎ᠡ ᠶᠢᠨ ᠲᠠᠮᠢᠷ﹀ ᠨᠢ ᠰᠤᠷᠤᠭᠴᠢᠳ ᠤᠨ ᠰᠤᠷᠤᠯᠴᠠᠬᠤ ᠦᠷ᠎ᠡ ᠪᠦᠲᠦᠮᠵᠢ ᠪᠣᠯᠤᠨ ᠰᠤᠷᠤᠯᠴᠠᠬᠤ ᠴᠢᠳᠠᠪᠤᠷᠢ ᠶᠢ ᠳᠡᠭᠡᠭᠰᠢᠯᠡᠭᠦᠯᠵᠦ ᠴᠢᠳᠠᠬᠤ ᠮᠥᠷᠲᠡᠭᠡᠨ ᠣᠶᠢᠷ᠎ᠠ ᠬᠠᠷᠠᠭ᠎ᠠ ᠪᠣᠯᠤᠨ ᠮᠠᠷᠢᠶᠠᠯᠠᠬᠤ ᠵᠡᠷᠭᠡ ᠦᠵᠡᠭᠳᠡᠯ ᠢ ᠪᠦᠲᠦᠮᠵᠢᠲᠡᠢ ᠰᠡᠷᠭᠡᠶᠢᠯᠡᠵᠦ ᠴᠢᠳᠠᠨ᠎ᠠ ᠭᠡᠳᠡᠭ ᠢ ᠰᠣᠳᠤᠯᠭᠠᠨ ᠬᠠᠷᠠᠭᠤᠯᠪᠠ᠃ ︽ᠪᠢᠳᠡ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠳᠤ ︿ᠡᠬᠢᠯᠡᠯᠳᠡ ᠶᠢᠨ ᠪᠡᠶ᠎ᠡ ᠶᠢᠨ ᠲᠠᠮᠢᠷ﹀ ᠢ ᠬᠡᠷᠡᠭᠵᠢᠭᠦᠯᠵᠦ᠂ ᠡᠯ᠎ᠡ ᠰᠤᠷᠭᠠᠭᠤᠯᠢ ᠶᠢᠨ ᠰᠤᠷᠤᠭᠴᠢᠳ ᠤᠨ ᠦᠰᠦᠨ ᠪᠤᠶᠢᠵᠢᠯᠲᠠ ᠶᠢᠨ ᠱᠠᠲᠤ ᠪᠠ ᠪᠡᠶ᠎ᠡ ᠮᠠᠬᠠᠪᠣᠳ ᠤᠨ ᠬᠢᠷᠢ ᠲᠦᠪᠰᠢᠨ ᠢ ᠦᠨᠳᠦᠰᠦᠯᠡᠨ᠂ ᠤᠶᠠᠨ ᠬᠠᠳᠠᠨ᠂ ᠳᠠᠭᠠᠭᠠᠴᠠ ᠲᠠᠢ᠂ ᠰᠢᠨ᠎ᠡ ᠰᠣᠷᠭᠤᠭ᠂ ᠬᠤᠷᠳᠤᠴᠠ ᠪᠠ ᠬᠦᠴᠦᠨ ᠴᠢᠳᠠᠯ ᠵᠡᠷᠭᠡ ᠲᠠᠯ᠎ᠠ ᠶᠢᠨ ᠪᠣᠯᠪᠠᠰᠤᠷᠠᠯ ᠢ ᠬᠠᠨᠳᠤᠯᠭᠠᠲᠠᠢ ᠶᠠᠪᠤᠭᠤᠯᠤᠨ᠎ᠠ︾ ᠭᠡᠵᠦ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠳᠣᠪᠴᠢᠶᠠᠨ ᠤ ᠰᠤᠷᠭᠠᠭᠤᠯᠢ ᠶᠢᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠪᠣᠯᠤᠨ ᠤᠷᠠᠯᠢᠭ ᠤᠨ ᠰᠤᠷᠭᠠᠨ ᠬᠥᠮᠦᠵᠢᠯ ᠤᠨ ᠰᠠᠯᠠᠭᠠᠨ ᠤ ᠬᠠᠷᠢᠭᠤᠴᠠᠯᠭᠠᠲᠠᠨ ᠶᠠᠷᠢᠪᠠ᠃      ᠣᠶᠢᠯᠠᠭᠠᠭᠰᠠᠨ ᠢᠶᠠᠷ᠂ ᠣᠳᠣ ᠪᠣᠯᠲᠠᠯ᠎ᠠ᠂ ᠣᠷᠳᠣᠰ ᠬᠤᠲᠠ ᠶᠢᠨ 9 ᠬᠤᠰᠢᠭᠤ ᠲᠣᠭᠤᠷᠢᠭ ᠤᠨ 183 ᠳᠤᠮᠳᠠᠳᠤ ᠪᠠᠭ᠎ᠠ ᠰᠤᠷᠭᠠᠭᠤᠯᠢ ︽ᠡᠬᠢᠯᠡᠯᠳᠡ ᠶᠢᠨ ᠪᠡᠶ᠎ᠡ ᠶᠢᠨ ᠲᠠᠮᠢᠷ︾ ᠢ ᠬᠡᠷᠡᠭᠵᠢᠭᠦᠯᠵᠦ᠂ 3 ᠰᠠᠷ᠎ᠠ ᠶᠢᠨ 20 ᠤ ᠡᠳᠦᠷ ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃

1.png

2.png

3.png

4.png

5.png

6.png

7.png

8.png

     ︽ᠡᠬᠢᠯᠡᠯᠳᠡ ᠶᠢᠨ ᠪᠡᠶ᠎ᠡ ᠶᠢᠨ ᠲᠠᠮᠢᠷ︾ ᠢ ᠬᠡᠷᠡᠭᠵᠢᠭᠦᠯᠦᠭᠰᠡᠨ ᠨᠢ ᠪᠦᠬᠦ ᠬᠤᠲᠠ ᠶᠢᠨ ᠳᠤᠮᠳᠠᠳᠤ ᠪᠠᠭ᠎ᠠ

ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠮᠠᠬᠠᠪᠣᠳ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠲᠡᠳᠡᠨ ᠤ

ᠨᠡᠶᠢᠭᠡᠮ ᠤᠨ ᠬᠠᠷᠢᠯᠴᠠᠭᠠᠨ ᠤ ᠴᠢᠳᠠᠪᠤᠷᠢ ᠪᠠ ᠰᠡᠳᠬᠢᠴᠡ ᠶᠢᠨ ᠡᠷᠡᠭᠦᠯ ᠮᠡᠨᠳᠦ ᠶᠢᠨ ᠬᠢᠷᠢ ᠲᠦᠪᠰᠢᠨ ᠢ

ᠳᠡᠭᠡᠭᠰᠢᠯᠡᠭᠦᠯᠦᠨ᠂ ᠡᠭᠦᠨ ᠤ ᠤᠯᠠᠮ ᠠᠴᠠ ᠰᠤᠷᠤᠯᠴᠠᠯᠭ᠎ᠠ  ᠶᠢᠨ ᠦᠷ᠎ᠡ ᠪᠦᠲᠦᠮᠵᠢ ᠪᠠ ᠡᠷᠡᠭᠦᠯ ᠮᠡᠨᠳᠦ ᠶᠢᠨ ᠬᠢᠷᠢ

ᠲᠦᠪᠰᠢᠨ ᠤ ᠬᠤᠣᠰ ᠳᠡᠭᠡᠭᠰᠢᠯᠡᠯᠲᠡ ᠶᠢ ᠪᠡᠶᠡᠯᠡᠭᠦᠯᠵᠦ᠂ ᠰᠤᠷᠤᠭᠴᠢᠳ ᠤᠨ ᠡᠷᠡᠭᠦᠯ ᠢᠶᠠᠷ ᠥᠰᠦᠨ ᠪᠤᠶᠢᠵᠢᠬᠤ ᠪᠠ

ᠪᠦᠬᠦ ᠲᠠᠯ᠎ᠠ ᠪᠠᠷ ᠬᠥᠭᠵᠢᠬᠦ ᠳᠤ ᠪᠠᠲᠤ ᠪᠠᠬᠢ ᠰᠠᠭᠤᠷᠢ ᠲᠠᠯᠪᠢᠪᠠ᠃

      ︵ᠨᠠᠶᠢᠷᠠᠭᠤᠯᠤᠭᠴᠢ᠄ ᠵᠧᠩ ᠵᠢᠶᠠ ᠴᠢ  ᠬᠢᠨᠠᠭᠴᠢ᠄ ᠠᠨ ᠶᠥᠩ ᠮᠢᠩ︶

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map