ᠣᠷᠳᠣᠰ ᠬᠤᠲᠠ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠦᠵᠡᠯ ᠰᠠᠨᠠᠭ᠎ᠠ ᠤᠯᠤᠰ ᠲᠥᠷᠥ ᠶᠢᠨ ᠲᠣᠮᠤ ᠬᠢᠴᠢᠶᠡᠯ ᠤᠨ ᠰᠢᠷᠢᠰ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/3/22
       ᠣᠶᠢᠷ᠎ᠠ ᠳᠤ᠂ ᠣᠷᠳᠣᠰ ᠬᠤᠳᠠ ᠡᠯ᠎ᠡ ᠳᠤᠮᠳᠠᠳᠤ ᠪᠠᠭ᠎ᠠ ᠰᠤᠷᠭᠠᠭᠤᠯᠢ ᠶᠢ ᠵᠣᠬᠢᠶᠠᠨ ᠪᠠᠶᠢᠭᠤᠯᠤᠨ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠪᠦᠬᠦ ᠬᠤᠲᠠ ᠳᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠬᠥᠮᠦᠵᠢᠯ ᠤᠨ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠵᠤ᠂ ᠰᠤᠷᠭᠠᠨ ᠬᠥᠮᠦᠵᠢᠯ ᠤᠨ ᠰᠠᠶᠢᠨ ᠰᠠᠶᠢᠬᠠᠨ ᠦᠷ᠎ᠡ ᠪᠦᠲᠦᠮᠵᠢ ᠣᠯᠪᠠ᠃      ᠤᠳᠤᠷᠢᠳᠬᠤ ᠺᠠᠳ᠋ᠷᠴᠤᠳ ᠢᠲᠠᠪᠭᠢᠲᠠᠢ ᠬᠥᠳᠡᠯᠦᠯᠴᠡᠵᠦ᠂ ᠣᠢᠵᠠᠯ      ᠰᠠᠨᠠᠭ᠎ᠠ ᠤᠯᠤᠰ ᠳᠦᠷᠤ ᠶᠢᠨ ᠬᠥᠮᠥᠵᠢᠯ ᠢ ᠪᠤᠢ ᠪᠣᠯᠭᠠᠪᠠ      ᠡᠯ᠎ᠡ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠣᠷᠳᠣᠰ ᠬᠤᠲᠠ ᠶᠢᠨ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠰᠤᠷᠭᠠᠭᠤᠯᠢ ᠶᠢᠨ ᠵᠠᠬᠢᠷᠤᠯ ᠲᠦᠷᠦᠭᠦᠯᠡᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠠᠶᠢᠴᠠᠭᠠᠨ ᠰᠣᠳᠤᠯᠵᠤ ᠵᠢᠭᠠᠨ ᠵᠢᠯᠣᠭᠤᠳᠴᠤ᠂ ᠬᠠᠮᠲᠤ ᠳᠤ ᠪᠠᠨ ᠬᠢᠴᠢᠶᠡᠯ ᠪᠡᠯᠡᠳᠬᠡᠬᠦ ᠪᠠᠷ ᠳᠠᠮᠵᠢᠨ᠂ ︽︿ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ﹀ ᠦᠵᠡᠯ ᠰᠠᠨᠠᠭ᠎ᠠ ᠤᠯᠤᠰ ᠲᠥᠷᠥ ᠶᠢᠨ ᠲᠠᠶᠢᠯᠤᠨ︾ ︵ᠳᠣᠷᠣᠭᠰᠢ ︽ᠲᠠᠶᠢᠯᠤᠨ︾ ᠭᠡᠵᠦ ᠳᠦᠭᠦᠮᠴᠢᠯᠡᠨ᠎ᠡ︶ ᠤ ᠠᠭᠤᠯᠭ᠎ᠠ ᠶᠢ ᠭᠦᠨᠵᠡᠭᠡᠢ ᠰᠤᠷᠤᠯᠴᠠᠵᠤ᠂           ︽ᠲᠠᠶᠢᠯᠤᠨ︾ ᠪᠠ ᠦᠵᠡᠯ ᠰᠠᠨᠠᠭ᠎ᠠ ᠤᠯᠤᠰ ᠲᠥᠷᠥ ᠶᠢᠨ ᠰᠢᠨᠵᠢᠯᠡᠭᠡᠨ ᠤ ᠰᠠᠯᠠᠭᠠᠨ ᠤ ᠵᠣᠯᠭᠠᠯᠳᠤᠬᠤ ᠴᠡᠭ ᠪᠠ ᠪᠣᠳᠠᠲᠠᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠢᠯᠡᠷᠡᠭᠦᠯᠦᠨ ᠰᠤᠳᠤᠯᠵᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠦᠵᠡᠯ ᠰᠠᠨᠠᠭ᠎ᠠ ᠤᠯᠤᠰ ᠲᠥᠷᠥ ᠶᠢᠨ ᠲᠠᠶᠢᠯᠤᠨ ᠢ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠳᠤ ᠭᠦᠢᠴᠡᠳ ᠠᠭᠤᠰᠬᠠᠪᠠ᠃ ︽ᠱᠦᠵᠢ ᠴᠢᠮ᠎ᠠ ᠲᠠᠢ ᠶᠠᠷᠢᠯᠴᠠᠬᠤ︾᠂ ︽ᠰᠤᠷᠭᠠᠭᠤᠯᠢ ᠶᠢᠨ ᠵᠠᠬᠢᠷᠤᠯ ᠤᠬᠠᠭᠤᠯᠤᠨ ᠲᠠᠶᠢᠯᠪᠤᠷᠢᠯᠠᠬᠤ︾᠂ ︽ᠣᠨᠣᠯ ᠢ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠤᠬᠠᠭᠤᠯᠤᠨ ᠲᠠᠶᠢᠯᠪᠤᠷᠢᠯᠠᠬᠤ︾ ᠵᠡᠷᠭᠡ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠰᠢᠨ᠎ᠡ ᠶᠢ ᠡᠭᠦᠳᠬᠦ ᠴᠢᠭᠯᠡᠯ ᠢ ᠲᠣᠳᠤᠷᠬᠠᠶᠢᠯᠠᠨ᠂ ᠵᠢᠷᠤᠮᠯᠠᠯ ᠬᠠᠩᠭᠠᠵᠠᠢ᠃   

1.jpg

      ᠦᠵᠡᠯ ᠰᠠᠨᠠᠭ᠎ᠠ ᠤᠯᠤᠰ ᠲᠥᠷᠥ ᠶᠢ ᠨᠢᠭᠡ ᠴᠣᠭᠴᠠᠵᠢᠭᠤᠯᠤᠭᠰᠠᠨ ᠬᠠᠮᠲᠤ ᠶᠢᠨ ᠴᠣᠭᠴᠠ  ᠶᠢ 

      ᠰᠤᠳᠤᠯᠤᠨ ᠰᠤᠷᠤᠯᠴᠠᠵᠤ᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠪᠣᠳᠠᠲᠠᠶᠢᠵᠢᠭᠤᠯᠪᠠ

      ᠪᠦᠬᠦ ᠬᠤᠲᠠ ᠪᠠᠷ ᠢᠶᠠᠨ ︽ᠲᠠᠶᠢᠯᠤᠨ︾ ᠢ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠵᠢᠴᠢ ᠳᠤᠮᠳᠠᠳᠤ

ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ  ᠢ ᠨᠢᠭᠡ ᠴᠣᠭᠴᠠᠵᠢᠭᠤᠯᠤᠭᠰᠠᠨ

ᠬᠠᠮᠲᠤ ᠶᠢᠨ ᠴᠣᠭᠴᠠ ᠶᠢᠨ ᠰᠤᠳᠤᠯᠤᠨ ᠰᠤᠷᠤᠯᠴᠠᠬᠤ ᠠᠵᠢᠯᠯᠠᠭ᠎ᠠ ᠶᠢ ᠥᠷᠨᠢᠭᠦᠯᠵᠦ᠂ ᠲᠤᠰᠬᠠᠢ ᠮᠡᠷᠭᠡᠵᠢᠯᠲᠡᠨ ᠢ

ᠤᠷᠢᠵᠤ ︽ᠵᠢᠷᠭᠤᠭᠠᠨ ᠦᠭᠡ︾ ᠶᠢᠨ ᠪᠣᠳᠠᠲᠤ ᠬᠡᠷᠡᠭ ᠪᠠ ᠶᠣᠰᠣ ᠵᠦᠢ ᠶᠢ ᠲᠤᠰᠬᠠᠢ  ᠰᠡᠳᠦᠪ ᠢᠶᠠᠷ ᠵᠠᠳᠠᠯᠵᠤ᠂

ᠡᠯ᠎ᠡ ᠰᠤᠷᠤᠯᠭ᠎ᠠ ᠶᠢᠨ ᠱᠠᠲᠤᠨ ᠤ ᠪᠠᠭᠰᠢ ︽ᠵᠢᠷᠭᠤᠭᠠᠨ ᠦᠭᠡ︾ ᠶᠢᠨ ᠪᠣᠳᠠᠲᠤ ᠬᠡᠷᠡᠭ ᠪᠠ ᠶᠣᠰᠣ ᠵᠦᠢ ᠶᠢ

ᠶᠠᠭᠠᠬᠢᠵᠤ ᠭᠦᠨᠵᠡᠭᠡᠢ ᠶᠠᠷᠢᠬᠤ᠂ ᠨᠡᠪᠲᠡᠷᠡᠲᠡᠯ᠎ᠡ ᠶᠠᠷᠢᠬᠤ  ᠠᠮᠢᠳᠤᠯᠢᠭ ᠶᠠᠷᠢᠬᠤ ᠲᠤᠬᠠᠢ ᠶᠠᠷᠢᠯᠴᠠᠵᠤ᠂ ︽ᠨᠠᠮ ᠤᠨ

ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ ᠶᠢ ᠰᠤᠷᠭᠠᠭᠤᠯᠢ ᠶᠢᠨ ᠰᠤᠷᠭᠠᠨ

ᠬᠥᠮᠦᠵᠢᠯ ᠵᠢᠭᠠᠨ ᠰᠤᠷᠭᠠᠯᠲᠠ ᠳᠤ  ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃

   

2.jpg

      ᠭᠤᠣᠯ ᠰᠡᠳᠦᠪᠲᠦ ᠠᠩᠭᠢ ᠪᠥᠯᠬᠦᠮ ᠤᠨ ᠠᠵᠢᠯᠯᠠᠭ᠎ᠠ᠂ ᠦᠵᠡᠯ ᠰᠠᠨᠠᠭ᠎ᠠ

      ᠤᠯᠤᠰ ᠲᠥᠷᠥ ᠶᠢᠨ ᠬᠥᠮᠦᠵᠢᠯ ᠢ ᠬᠥᠭᠵᠢᠶᠡᠨᠲᠡᠢ ᠪᠣᠯᠭᠠᠪᠠ

      ᠡᠯ᠎ᠡ ᠳᠤᠮᠳᠠᠳᠤ ᠪᠠᠭ᠎ᠠ ᠰᠤᠷᠭᠠᠭᠤᠯᠢ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂

ᠨᠠᠮ ᠢᠶᠠᠨ ᠳᠠᠭᠠᠬᠤ︾ ᠭᠤᠣᠯ ᠰᠡᠳᠦᠪᠲᠦ ᠠᠩᠭᠢ ᠶᠢᠨ ᠬᠤᠷᠠᠯ ᠤᠨ ᠠᠵᠢᠯᠯᠠᠭ᠎ᠠ ᠶᠢ ᠥᠷᠨᠢᠭᠦᠯᠵᠦ᠂ ᠠᠵᠢᠯ

ᠣᠯᠭᠤᠬᠤ᠂ ᠣᠶᠤᠨ ᠢ ᠨᠡᠮᠡᠭᠳᠡᠭᠦᠯᠬᠦ᠂ ᠰᠡᠳᠬᠢᠯ ᠶᠢ ᠤᠮᠳᠠᠯᠠᠬᠤ ᠶᠢ ᠣᠷᠭᠠᠨᠢᠭ ᠢᠶᠠᠷ  ᠤᠶᠠᠯᠳᠤᠭᠤᠯᠤᠨ᠂ ᠭᠤᠣᠯ

ᠰᠡᠳᠦᠪᠲᠦ ᠠᠩᠭᠢ ᠪᠥᠯᠬᠦᠮ ᠤᠨ ᠬᠤᠷᠠᠯ ᠢ ᠠᠰᠢᠭᠯᠠᠨ᠂ ᠰᠤᠷᠤᠭᠴᠢᠳ ᠤᠨ ᠳᠡᠷᠭᠡᠳᠡᠬᠢ ᠦᠯᠢᠭᠡᠷ ᠢ ᠭᠦᠢᠴᠡᠳ

ᠢᠯᠡᠷᠡᠭᠦᠯᠵᠦ᠂ ᠳᠡᠷᠭᠡᠳᠡᠬᠢ ᠦᠯᠢᠭᠡᠷ ᠢᠶᠠᠷ ᠰᠤᠷᠤᠭᠴᠢᠳ ᠢ ᠨᠥᠯᠥᠭᠡᠯᠡᠨ᠂ ᠰᠤᠷᠤᠭᠴᠢᠳ ᠣᠶᠢᠯᠠᠭᠠᠵᠤ᠂

ᠰᠤᠷᠤᠯᠴᠠᠵᠤ᠂ ᠬᠢᠵᠦ ᠴᠢᠳᠠᠬᠤ ᠪᠣᠯᠪᠠ᠃

   

3.jpg

      ︽ᠶᠠᠪᠤᠵᠤ ᠰᠤᠷᠤᠯᠴᠠᠬᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠢᠶᠠᠷ

      ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠠᠮᠢᠳᠤᠯᠢᠭᠵᠢᠭᠤᠯᠪᠠ

      ᠣᠷᠳᠣᠰ ᠬᠤᠲᠠ ᠶᠢᠨ ᠬᠡᠰᠡᠭ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠬᠤᠲᠠ ᠶᠢᠨ ᠳᠡᠰ ᠤᠨ

ᠰᠢᠯᠢᠳᠡᠭ ᠪᠥᠲᠦᠭᠡᠯ᠂ ᠳᠤᠷᠠᠰᠬᠠᠯ ᠤᠨ ᠣᠷᠳᠣᠨ ᠵᠡᠷᠭᠡ ᠭᠠᠵᠠᠷ ᠲᠤ ᠬᠦᠷᠴᠦ᠂ ᠰᠤᠷᠭᠠᠭᠤᠯᠢ ᠶᠢᠨ ᠭᠠᠳᠠᠨ᠎ᠠ

︽ᠶᠠᠪᠤᠵᠤ ᠰᠤᠷᠤᠯᠴᠠᠬᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠢ ᠪᠡᠶᠡᠴᠢᠯᠡᠨ ᠣᠶᠢᠯᠠᠭᠠᠬᠤ

ᠠᠵᠢᠯᠯᠠᠭ᠎ᠠ ᠶᠢ ᠥᠷᠨᠢᠭᠦᠯᠵᠦ᠂ ᠨᠢᠭᠡ ᠨᠢᠭᠡ ᠦᠯᠢᠭᠡᠷ᠂ ᠨᠢᠭᠡ ᠨᠢᠭᠡ ᠭᠡᠷᠡᠯ ᠵᠢᠷᠤᠭ᠂ ᠨᠢᠭᠡ ᠨᠢᠭᠡ ᠸᠢᠳᠢᠣ᠋ ᠪᠠᠷ

ᠳᠠᠮᠵᠢᠭᠤᠯᠤᠨ᠂ ᠰᠤᠷᠤᠭᠴᠢᠳ ᠲᠤ ᠰᠢᠨ᠎ᠡ ᠳᠤᠮᠳᠠᠳᠤ ᠤᠯᠤᠰ ᠤᠨ ᠪᠣᠰᠴᠤ ᠵᠣᠭᠰᠣᠭᠰᠠᠨ᠂ ᠪᠠᠶᠠᠵᠢᠭᠰᠠᠨ᠂

ᠬᠦᠴᠦᠷᠬᠡᠭᠵᠢᠭᠰᠡᠨ ᠭᠡᠷᠡᠯ ᠰᠠᠴᠤᠷᠠᠩᠭᠤᠢ ᠥᠩᠭᠡᠷᠡᠯᠲᠡ ᠶᠢ ᠭᠦᠢᠴᠡᠳ ᠣᠶᠢᠯᠠᠭᠠᠭᠤᠯᠪᠠ᠃

   

4.jpg

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map