ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡ ᠵᠢᠴᠢ ︽ᠬᠤᠶᠠᠷ ᠨᠡᠷ᠎ᠡ ᠮᠡᠳᠡᠭᠦᠯᠬᠦ᠂ ᠬᠤᠶᠠᠷ ᠦᠢᠯᠡᠴᠢᠯᠡᠬᠦ᠂ ᠬᠤᠶᠠᠷ ᠬᠠᠷᠢᠭᠤ ᠮᠡᠳᠡᠭᠦᠯᠬᠦ︾ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/3/22
      ᠯᠧᠢ ᠹᠧᠩ ᠤᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠨᠠᠮ ᠤᠨ ᠭᠡᠰᠢᠭᠦᠨ ᠢ ᠬᠥᠲᠥᠯᠥᠨ ᠵᠢᠯᠣᠭᠤᠳᠴᠤ ᠣᠯᠠᠨ ᠲᠦᠮᠡᠨ ᠳᠤ ᠨᠡᠩ ᠰᠠᠶᠢᠨ ᠦᠢᠯᠡᠴᠢᠯᠡᠭᠦᠯᠬᠦ ᠶᠢᠨ ᠲᠥᠯᠥᠭᠡ᠂ 3 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠭᠡᠰᠢᠭᠦᠨ ᠺᠠᠳ᠋ᠷᠴᠤᠳ ︽ᠬᠤᠯᠪᠤᠭᠠᠯᠠᠨ ᠳᠠᠭᠠᠭᠠᠴᠢᠯᠠᠭᠰᠠᠨ ᠨᠡᠶᠢᠭᠡᠮ ᠲᠣᠭᠤᠷᠢᠭ︾ ᠰᠢ ᠯᠥᠸᠧ ᠹᠧᠩ ᠵᠡᠭᠡᠯᠢ ᠶᠢᠨ ᠨᠡᠶᠢᠭᠡᠮ ᠲᠣᠭᠤᠷᠢᠭ  ᠲᠤ ᠬᠦᠷᠴᠦ᠂ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡ ᠵᠢᠴᠢ ︽ᠬᠤᠶᠠᠷ ᠨᠡᠷ᠎ᠡ ᠮᠡᠳᠡᠭᠦᠯᠬᠦ᠂ ᠬᠤᠶᠠᠷ ᠦᠢᠯᠡᠴᠢᠯᠡᠬᠦ᠂ ᠬᠤᠶᠠᠷ ᠬᠠᠷᠢᠭᠤ ᠮᠡᠳᠡᠭᠦᠯᠬᠦ︾ ᠠᠵᠢᠯᠯᠠᠭ᠎ᠠ ᠶᠢ ᠥᠷᠨᠢᠭᠦᠯᠪᠡ᠃      ᠪᠠᠶᠢᠭᠤᠯᠭ᠎ᠠ ᠶᠢᠨ ᠠᠵᠢᠯ ᠤᠨ ᠪᠠᠶᠢᠷᠢ ᠳᠤ ᠪᠠᠶᠢᠭ᠎ᠠ 20 ᠭᠠᠷᠤᠢ ᠨᠠᠮ ᠤᠨ ᠭᠡᠰᠢᠭᠦᠨ ᠪᠣᠯᠤᠨ ᠵᠠᠯᠠᠭᠤ ᠰᠠᠶᠢᠨ ᠳᠤᠷᠠᠴᠤᠤᠯ ᠨᠡᠶᠢᠭᠡᠮ ᠲᠣᠭᠤᠷᠢᠭ ᠲᠤ ᠭᠦᠨᠵᠡᠭᠡᠶᠢᠷᠡᠨ᠂ ᠨᠡᠶᠢᠲᠡᠯᠢᠭ ᠬᠡᠯᠡᠨ  ᠤ ᠮᠠᠲ᠋ᠧᠷᠢᠶᠠᠯ ᠢ ᠤᠬᠠᠭᠤᠯᠤᠨ ᠳᠡᠯᠭᠡᠷᠡᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ  ᠤᠨ ᠠᠵᠢᠯ ᠣᠯᠵᠤ ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠵᠢᠴᠢ ᠰᠤᠷᠤᠭᠴᠢᠳ ᠢ ᠳᠡᠳᠬᠦᠬᠦ ᠲᠥᠷᠥ ᠶᠢᠨ ᠪᠣᠳᠣᠯᠭ᠎ᠠ ᠶᠢ ᠤᠬᠠᠭᠤᠯᠵᠤ᠂ ᠬᠡᠷᠡᠮ ᠳᠡᠭᠡᠷ᠎ᠡ ᠨᠠᠭᠠᠭᠰᠠᠨ ᠵᠠᠷ ᠢ ᠠᠷᠢᠯᠭᠠᠵᠤ᠂ ᠰᠢᠯ ᠵᠦᠯᠭᠦᠨ᠂ ᠠᠰᠠᠷ ᠤᠨ ᠬᠤᠩᠬᠢᠯ ᠤᠨ ᠥᠨᠴᠥᠭ ᠪᠤᠯᠤᠩ ᠢ ᠴᠡᠪᠡᠷᠯᠡᠬᠦ ᠵᠡᠷᠭᠡ ᠠᠵᠢᠯ ᠢ ᠥᠷᠨᠢᠭᠦᠯᠪᠡ᠃ ᠰᠠᠶᠢᠨ ᠳᠤᠷᠠᠴᠤᠤᠯ ᠤᠨ ᠠᠵᠢᠯ ᠤᠨ ᠬᠤᠪᠢᠶᠠᠷᠢᠯᠠᠯ ᠲᠣᠳᠣᠷᠬᠠᠢ᠂ ᠡᠷᠴᠢ ᠵᠣᠷᠢᠭ ᠲᠡᠭᠦᠯᠳᠡᠷ ᠪᠠᠶᠢᠵᠤ᠂ ᠦᠨᠡᠨ ᠪᠣᠳᠠᠲᠠᠢ ᠠᠵᠢᠯᠯᠠᠭ᠎ᠠ ᠪᠠᠷ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠴᠡᠪᠡᠷ ᠲᠣᠬᠢᠯᠢᠭ ᠪᠣᠯᠭᠠᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠮᠡᠳᠡᠷᠡᠭᠳᠡᠭᠰᠡᠨ ᠪᠠᠶᠢᠨ᠎ᠠ᠃   

1.jpg

2.jpg

      ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠰᠠᠶᠢᠨ

ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠦᠷᠭᠦᠯᠵᠢᠯᠡᠨ ᠦᠢᠯᠡᠳᠦᠯᠭᠡᠵᠢᠭᠦᠯᠵᠦ᠂ ᠥᠷᠭᠡᠨ ᠣᠯᠠᠨ ᠨᠠᠮ ᠤᠨ

ᠭᠡᠰᠢᠭᠦᠨ ᠺᠠᠳ᠋ᠷ ᠢ ᠬᠥᠲᠥᠯᠥᠨ ᠵᠢᠯᠣᠭᠤᠳᠴᠤ ᠠᠵᠢᠯ ᠤᠨ ᠪᠠᠶᠢᠷᠢ ᠳᠤ ᠰᠠᠭᠤᠷᠢᠯᠠᠨ᠂ ᠦᠨᠳᠦᠰᠦᠨ ᠱᠠᠲᠤᠨ ᠳᠤ

ᠦᠢᠯᠡᠴᠢᠯᠡᠬᠦ᠂ ᠣᠯᠠᠨ ᠲᠦᠮᠡᠨ ᠳᠤ ᠦᠢᠯᠡᠴᠢᠯᠡᠬᠦ ︽ᠬᠠᠯᠠᠭᠤᠨ ᠲᠣᠲᠤᠨᠤ ᠠᠵᠢᠯᠯᠠᠭ᠎ᠠ︾ ᠶᠢ ᠨᠡᠩ ᠣᠯᠠᠨ ᠰᠠᠶᠢᠲᠤᠷ

ᠬᠢᠨ᠎ᠡ᠃

   

3.jpg

   

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map