ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 2024 ᠣᠨ ᠤ ᠪᠦᠬᠦ ᠣᠷᠣᠨ ᠤ ᠵᠢᠩᠬᠢᠨᠢ ᠠᠩᠭᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠬᠢᠨᠠᠨ ᠪᠠᠶᠢᠴᠠᠭᠠᠵᠤ ᠦᠨᠡᠯᠡᠨ ᠵᠢᠱᠢᠵᠦ ᠲᠤᠷᠰᠢᠯᠭ᠎ᠠ ᠰᠣᠯᠢᠯᠴᠠᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/22
      3 ᠳ᠋ᠤᠭᠠᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ           ᠲᠢᠩᠬᠢᠮ 2024 ᠣᠨ ᠤ ᠪᠦᠬᠦ ᠣᠷᠣᠨ ᠤ ᠵᠢᠩᠬᠢᠨᠢ ᠠᠩᠭᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠬᠢᠨᠠᠨ ᠪᠠᠶᠢᠴᠠᠭᠠᠵᠤ ᠦᠨᠡᠯᠡᠨ ᠵᠢᠱᠢᠵᠦ ᠲᠤᠷᠰᠢᠯᠭ᠎ᠠ ᠰᠣᠯᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠸᠧᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃

dd15a3394e3cc5bb4091b68043aa4412_640_wx_fmt=png&from=appmsg&wxfrom=5&wx_lazy=1&wx_co=1.png

     ᠬᠤᠷᠠᠯ ᠠᠴᠠ ᠰᠢᠨ᠎ᠡ ᠡᠭᠡᠯᠵᠢ ᠶᠢᠨ ᠬᠢᠨᠠᠨ ᠪᠠᠶᠢᠴᠠᠭᠠᠵᠤ ᠦᠨᠡᠯᠡᠨ ᠵᠢᠱᠢᠬᠦ ᠠᠵᠢᠯ ᠢ ᠡᠬᠢᠯᠡᠭᠦᠯᠦᠭᠰᠡᠨ ᠠᠴᠠ

ᠨᠠᠭᠠᠰᠢ  ᠣᠯᠤᠭᠰᠠᠨ ᠢᠳᠡᠪᠬᠢᠲᠡᠢ ᠦᠷ᠎ᠡ ᠪᠦᠲᠦᠮᠵᠢ ᠪᠠ ᠲᠤᠷᠰᠢᠯᠭ᠎ᠠ ᠠᠷᠭ᠎ᠠ ᠪᠠᠷᠢᠯ ᠢ ᠡᠮᠬᠢᠯᠡᠨ ᠳ᠋ᠦᠩᠨᠡᠵᠦ᠂

ᠳᠠᠷᠠᠭᠠᠴᠢ ᠶᠢᠨ ᠱᠠᠲᠤᠨ ᠤ ᠬᠢᠨᠠᠨ ᠪᠠᠶᠢᠴᠠᠭᠠᠵᠤ ᠦᠨᠡᠯᠡᠨ ᠵᠢᠱᠢᠬᠦ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ

ᠪᠠᠶᠢᠷᠢᠯᠠᠭᠤᠯᠬᠤ ᠶᠢᠨ ᠬᠠᠮᠲᠤ ᠳᠤᠮᠳᠠᠳᠤ ᠤᠯᠤᠰ ᠤᠨ ᠪᠠᠷᠠᠭᠤᠨ ᠣᠷᠣᠨ ᠤ ᠳᠡᠭᠡᠳᠦ ᠵᠡᠷᠭᠡ ᠶᠢᠨ ᠰᠤᠷᠭᠠᠨ

ᠬᠥᠮᠦᠵᠢᠯ ᠢ ᠦᠨᠡᠯᠡᠨ ᠵᠢᠱᠢᠬᠦ ᠲᠥᠪ ᠤᠨ ᠡᠷᠬᠢᠯᠡᠭᠴᠢ᠂ ᠰᠢ ᠠᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠯᠦ

ᠭᠧᠨ ᠱᠣ᠋ ᠫᠷᠤᠹᠧᠰᠰᠤᠷ ᠢ ᠤᠷᠢᠵᠤ ︽ᠰᠢᠨ᠎ᠡ ᠡᠭᠡᠯᠵᠢ ᠶᠢᠨ ᠬᠢᠨᠠᠨ ᠪᠠᠶᠢᠴᠠᠭᠠᠵᠤ ᠦᠨᠡᠯᠡᠨ ᠵᠢᠱᠢᠬᠦ ᠶᠢᠨ ᠦᠨᠳᠦᠰᠦᠨ

ᠣᠨᠴᠠᠯᠢᠭ᠂ ᠬᠢᠨᠠᠨ ᠪᠠᠶᠢᠴᠠᠭᠠᠬᠤ ᠭᠤᠣᠯᠳᠠᠯᠭ᠎ᠠ ᠪᠣᠯᠤᠨ ᠰᠤᠷᠭᠠᠭᠤᠯᠢ ᠶᠢᠨ ᠪᠡᠯᠡᠳᠬᠡᠯ︾ ᠭᠡᠬᠦ ᠰᠡᠳᠦᠪ ᠢᠶᠠᠷ

ᠲᠤᠰᠬᠠᠢ ᠰᠡᠳᠦᠪᠲᠦ ᠲᠠᠶᠢᠯᠤᠮᠵᠢ ᠬᠢᠯᠭᠡᠵᠡᠢ᠃

      ᠬᠤᠷᠠᠯ ᠠᠴᠠ᠂ ᠰᠢᠨ᠎ᠡ ᠡᠭᠡᠯᠵᠢ ᠶᠢᠨ ᠬᠢᠨᠠᠨ ᠪᠠᠶᠢᠴᠠᠭᠠᠵᠤ ᠦᠨᠡᠯᠡᠨ ᠵᠢᠱᠢᠬᠦ ᠠᠵᠢᠯ ᠡᠬᠢᠯᠡᠭᠰᠡᠨ ᠠᠴᠠ

ᠨᠠᠭᠠᠰᠢ᠂ ᠥᠪᠥᠷ ᠮᠣᠩᠭᠤᠯ ᠤᠨ ᠰᠢᠨᠵᠢᠯᠡᠭᠡ ᠮᠡᠷᠭᠡᠵᠢᠯ ᠤᠨ ᠶᠡᠭᠡ ᠰᠤᠷᠭᠠᠭᠤᠯᠢ ᠥᠪᠡᠷᠲᠡᠭᠡᠨ ᠵᠠᠰᠠᠬᠤ ᠣᠷᠣᠨ ᠤ

ᠲᠤᠷᠰᠢᠯᠲᠠ ᠶᠢᠨ ᠴᠡᠭ ᠤᠨ ᠶᠡᠭᠡ ᠳᠡᠭᠡᠳᠦ ᠰᠤᠷᠭᠠᠭᠤᠯᠢ ᠪᠣᠯᠤᠭᠰᠠᠨ ᠤ ᠬᠤᠪᠢ ᠳᠤ᠂ ᠬᠢᠨᠠᠨ ᠪᠠᠶᠢᠴᠠᠭᠠᠵᠤ ᠦᠨᠡᠯᠡᠨ

ᠵᠢᠱᠢᠬᠦ ᠠᠵᠢᠯ ᠢ ᠨᠢᠭᠡᠨᠲᠡ ᠠᠮᠵᠢᠯᠲᠠᠲᠠᠢ ᠪᠡᠶᠡᠯᠡᠭᠦᠯᠪᠡ᠃ ᠥᠪᠥᠷ ᠮᠣᠩᠭᠤᠯ ᠤᠨ ᠦᠨᠳᠦᠰᠦᠲᠡᠨ ᠤ ᠶᠡᠭᠡ

ᠰᠤᠷᠭᠠᠭᠤᠯᠢ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ᠂ ᠥᠪᠥᠷ

ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠨᠢᠭᠡᠨᠲᠡ 2023 ᠣᠨ ᠳᠤ ᠲᠤᠰᠬᠠᠢ ᠮᠡᠷᠭᠡᠵᠢᠯᠲᠡᠨ ᠢ

ᠰᠤᠷᠭᠠᠭᠤᠯᠢ ᠳᠤ ᠣᠷᠣᠭᠤᠯᠬᠤ ᠭᠤᠭᠴᠤᠭ᠎ᠠ ᠶᠢ ᠪᠡᠶᠡᠯᠡᠭᠦᠯᠵᠦ᠂ 2024 -2025 ᠣᠨ ᠪᠣᠯᠲᠠᠯ᠎ᠠ᠂ ᠮᠠᠨ ᠤ

ᠣᠷᠣᠨ 11 ᠶᠡᠭᠡ ᠳᠡᠭᠡᠳᠦ ᠰᠤᠷᠭᠠᠭᠤᠯᠢ ᠳᠤ ᠬᠢᠨᠠᠨ ᠪᠠᠶᠢᠴᠠᠭᠠᠵᠤ ᠦᠨᠡᠯᠡᠨ ᠵᠢᠱᠢᠬᠦ ᠠᠵᠢᠯ ᠢ ᠥᠷᠨᠢᠭᠦᠯᠬᠦ ᠪᠠᠷ ᠪᠤᠢ

ᠭᠡᠵᠦ ᠵᠢᠭᠠᠵᠤ ᠭᠠᠷᠭᠠᠪᠠ᠃

      ᠬᠤᠷᠠᠯ ᠠᠴᠠ᠂ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠢᠨ ᠬᠢᠨᠠᠨ ᠪᠠᠶᠢᠴᠠᠭᠠᠵᠤ ᠦᠨᠡᠯᠡᠨ ᠵᠢᠱᠢᠬᠦ ᠠᠵᠢᠯ ᠢ

ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠢᠨᠠᠨ ᠪᠠᠶᠢᠴᠠᠭᠠᠵᠤ ᠦᠨᠡᠯᠡᠨ ᠵᠢᠱᠢᠬᠦ ᠶᠢᠨ ᠠᠭᠤᠯᠤᠭᠳᠠᠬᠤᠨ ᠪᠠ

ᠴᠢᠬᠤᠯᠠ ᠠᠭᠤᠯᠭ᠎ᠠ ᠶᠢ ᠣᠨᠣᠪᠴᠢᠲᠠᠢ ᠡᠵᠡᠮᠳᠡᠵᠦ᠂ ᠰᠢᠨ᠎ᠡ ᠣᠨᠣᠯᠵᠢᠬᠤᠨ ᠰᠢᠨ᠎ᠡ ᠠᠷᠭ᠎ᠠ ᠰᠢᠨ᠎ᠡ ᠪᠠᠷᠢᠮᠵᠢᠶ᠎ᠠ ᠪᠠᠷ

ᠵᠢᠩᠬᠢᠨᠢ ᠠᠩᠭᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠶᠡᠷᠦᠩᠬᠡᠶᠢᠯᠡᠨ ᠵᠢᠯᠣᠭᠤᠳᠴᠤ᠂

ᠨᠢᠭᠡᠳᠦᠭᠡᠷ ᠱᠠᠲᠤᠨ ᠤ ᠦᠨᠡᠯᠡᠨ ᠵᠢᠱᠢᠬᠦ ᠠᠵᠢᠯ ᠢ ᠪᠡᠶᠡᠯᠡᠭᠦᠯᠦᠭᠰᠡᠨ ᠤ ᠳᠠᠷᠠᠭᠠᠬᠢ ᠶᠡᠭᠡ ᠳᠡᠭᠡᠳᠦ ᠰᠤᠷᠭᠠᠭᠤᠯᠢ

ᠦᠨᠡᠯᠡᠨ ᠵᠢᠱᠢᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠨᠡ ᠵᠢᠯ ᠪᠠ ᠢᠷᠡᠬᠦ

ᠵᠢᠯ ᠳᠤ ᠦᠨᠡᠯᠡᠨ ᠵᠢᠱᠢᠬᠦ ᠳᠤ ᠣᠷᠣᠯᠴᠠᠬᠤ ᠶᠡᠭᠡ ᠳᠡᠭᠡᠳᠦ ᠰᠤᠷᠭᠠᠭᠤᠯᠢ ᠦᠨᠡᠯᠡᠨ ᠵᠢᠱᠢᠬᠦ ᠠᠭᠤᠯᠭ᠎ᠠ ᠶᠢᠨ ᠶᠣᠰᠣᠭᠠᠷ᠂

ᠡᠯ᠎ᠡ ᠵᠦᠢᠯ ᠤᠨ ᠪᠡᠯᠡᠳᠬᠡᠯ ᠠᠵᠢᠯ ᠢ ᠭᠦᠢᠴᠡᠳ ᠰᠠᠶᠢᠲᠤᠷ ᠬᠢᠵᠦ᠂ ᠦᠨᠡᠯᠡᠯᠲᠡ ᠪᠠᠷ ᠪᠠᠶᠢᠭᠤᠯᠤᠯᠲᠠ ᠶᠢ

ᠠᠬᠢᠭᠤᠯᠬᠤ᠂ ᠦᠨᠡᠯᠡᠯᠲᠡ ᠪᠠᠷ ᠥᠭᠡᠷᠡᠴᠢᠯᠡᠯᠲᠡ ᠶᠢ ᠠᠬᠢᠭᠤᠯᠬᠤ᠂ ᠦᠨᠡᠯᠡᠯᠲᠡ ᠪᠠᠷ ᠬᠠᠮᠢᠶᠠᠷᠤᠯᠲᠠ ᠶᠢ ᠠᠬᠢᠭᠤᠯᠬᠤ᠂

ᠦᠨᠡᠯᠡᠯᠲᠡ ᠪᠠᠷ ᠬᠦᠴᠦᠷᠬᠡᠭ ᠢ ᠠᠬᠢᠭᠤᠯᠬᠤ ᠶᠢ ᠪᠡᠶᠡᠯᠡᠭᠦᠯᠵᠦ᠂ ᠵᠢᠩᠬᠢᠨᠢ ᠠᠩᠭᠢ ᠶᠢᠨ ᠰᠤᠷᠭᠠᠨ ᠬᠥᠮᠦᠵᠢᠯ ᠵᠢᠭᠠᠨ

ᠰᠤᠷᠭᠠᠯᠲᠠ ᠶᠢᠨ ᠴᠢᠨᠠᠷ ᠴᠢᠨᠰᠠᠭ᠎ᠠ ᠶᠢ ᠦᠨᠡᠨ ᠬᠦ ᠳᠡᠭᠡᠭᠰᠢᠯᠡᠭᠦᠯᠦᠨ᠂ ᠶᠡᠭᠡ ᠳᠡᠭᠡᠳᠦ ᠰᠤᠷᠭᠠᠭᠤᠯᠢ ᠶᠢᠨ ᠳᠡᠰ

ᠳᠡᠪᠰᠢᠬᠦ ᠬᠠᠷᠠᠯᠲᠠ ᠶᠢᠨ ᠪᠡᠶᠡᠯᠡᠭᠳᠡᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃

      ᠪᠦᠬᠦ ᠣᠷᠣᠨ ᠤ ᠡᠯ᠎ᠡ ᠵᠢᠩᠬᠢᠨᠢ ᠠᠩᠭᠢᠲᠤ ᠶᠡᠭᠡ ᠳᠡᠭᠡᠳᠦ ᠰᠤᠷᠭᠠᠭᠤᠯᠢ ᠶᠢᠨ ᠬᠤᠪᠢᠳᠠᠨ ᠬᠠᠮᠢᠶᠠᠷᠬᠤ

ᠬᠠᠷᠢᠭᠤᠴᠠᠯᠭᠠᠲᠠᠨ᠂ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠭᠠᠵᠠᠷ ᠲᠠᠰᠤᠭ ᠤᠨ ᠬᠠᠷᠢᠭᠤᠴᠠᠯᠭᠠᠲᠠᠨ ᠬᠤᠷᠠᠯ ᠳᠤ

ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map