2024 ᠣᠨ ᠳᠤ ᠥᠪᠥᠷ ᠮᠣᠩᠭᠤᠯ ᠤᠨ ᠤᠶᠤᠲᠠᠳ ᠤᠨ ︽ᠰᠤᠷᠭᠠᠭᠤᠯᠢ ᠶᠢᠨ ᠬᠦᠷᠢᠶᠡᠨ ᠤ ᠠᠷᠪᠠᠨ ᠰᠢᠯᠢᠳᠡᠭ ᠳᠠᠭᠤᠴᠢᠨ︾ ᠤ ᠤᠷᠤᠯᠳᠤᠭᠠᠨ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2024/3/25
      ᠣᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠤᠳᠭ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠠᠴᠠ ᠬᠠᠮᠲᠤᠷᠠᠨ ᠡᠷᠬᠢᠯᠡᠭᠰᠡᠨ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠲᠠᠳ ᠤᠨ ︽ᠰᠤᠷᠭᠠᠭᠤᠯᠢ ᠶᠢᠨ ᠬᠦᠷᠢᠶᠡᠨ ᠤ ᠠᠷᠪᠠᠨ ᠰᠢᠯᠢᠳᠡᠭ ᠳᠠᠭᠤᠴᠢᠨ︾ ᠤ ᠤᠷᠤᠯᠳᠤᠭᠠᠨ ᠵᠢᠩᠬᠢᠨᠢ ᠪᠠᠷ ᠡᠬᠢᠯᠡᠪᠡ᠃ ᠲᠤᠰ ᠬᠤᠭᠤᠴᠠᠭᠠᠨ ᠤ ᠤᠷᠤᠯᠳᠤᠭᠠᠨ  ᠨᠢ ︽ᠵᠠᠯᠠᠭᠤᠴᠤᠳ ᠬᠤᠷᠠᠨ ᠴᠤᠭᠯᠠᠷᠠᠵᠤ ᠤᠮᠠᠷᠠᠲᠤ ᠬᠢᠯᠢ ᠪᠠᠨ ᠮᠠᠭᠲᠠᠨ ᠳᠠᠭᠤᠯᠠᠨᠠᠮ︾ ᠢᠶᠠᠷ ᠭᠤᠣᠯ ᠰᠡᠳᠦᠪ ᠪᠣᠯᠭᠠᠵᠤ᠂ ᠦᠨᠳᠦᠰᠦᠲᠡᠨ ᠤ ᠵᠣᠷᠢᠭ ᠰᠠᠨᠠᠭ᠎ᠠ᠂ ᠴᠠᠭ ᠦᠶ᠎ᠡ ᠶᠢᠨ ᠵᠣᠷᠢᠭ ᠰᠠᠨᠠᠭ᠎ᠠ᠂ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠶᠡᠭᠡ ᠪᠠᠷ ᠳᠡᠯᠭᠡᠷᠡᠭᠦᠯᠬᠦ ᠪᠠ ᠤᠯᠠᠮᠵᠢᠯᠠᠵᠤ᠂ ᠢᠳᠡᠪᠬᠢ ᠰᠢᠯᠢᠳᠡᠭ ᠪᠦᠲᠦᠭᠡᠯ ᠢ ᠳᠠᠮᠵᠢᠭᠤᠯᠤᠨ᠂ ᠤᠮᠠᠷᠠᠲᠤ ᠬᠢᠯᠢ ᠶᠢᠨ ᠰᠤᠷᠭᠠᠭᠤᠯᠢ ᠶᠢᠨ ᠬᠦᠷᠢᠶᠡᠨ ᠤ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ  ᠢᠯᠡᠷᠡᠭᠦᠯᠪᠡ᠃     ᠤᠷᠤᠯᠳᠤᠭᠠᠨ ᠨᠢ ᠪᠦᠬᠦ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠪᠠᠶᠢᠭ᠎ᠠ ᠣᠶᠤᠲᠠᠨ ᠵᠢᠴᠢ ᠵᠠᠯᠠᠭᠤ ᠪᠠᠭᠰᠢ ᠨᠠᠷ ᠴᠢᠭᠯᠡᠭᠦᠯᠦᠨ᠂ ᠲᠤᠰᠬᠠᠢ ᠮᠡᠷᠭᠡᠵᠢᠯ ᠤᠨ ᠳᠤᠭᠤᠶᠢᠯᠠᠩ ᠪᠠ ᠠᠵᠢᠯ ᠤᠨ ᠴᠢᠯᠥᠭᠡᠨ ᠤ ᠳᠤᠭᠤᠶᠢᠯᠠᠩ ᠭᠡᠵᠦ ᠬᠤᠶᠠᠷ ᠳᠤᠭᠤᠶᠢᠯᠠᠩ ᠬᠤᠪᠢᠶᠠᠵᠤ᠂ ᠰᠤᠷᠭᠠᠭᠤᠯᠢ ᠶᠢᠨ ᠳᠡᠰ ᠤᠨ ᠠᠩᠬᠠᠨ ᠤ ᠤᠷᠤᠯᠳᠤᠭᠠᠨ᠂ ᠥᠪᠡᠷᠲᠡᠭᠡᠨ ᠵᠠᠰᠠᠬᠤ ᠣᠷᠣᠨ ᠤ ᠬᠤᠶᠠᠳᠠᠬᠢ ᠤᠷᠤᠯᠳᠤᠭᠠᠨ᠂ ᠰᠢᠢᠳᠪᠦᠷᠢᠲᠦ ᠤᠷᠤᠯᠳᠤᠭᠠᠨ ᠪᠠ ᠲᠥᠪᠯᠡᠷᠡᠭᠦᠯᠦᠨ ᠳᠡᠯᠭᠡᠨ ᠦᠵᠡᠭᠦᠯᠬᠦ ᠵᠡᠷᠭᠡ ᠳᠥᠷᠪᠡᠨ ᠱᠠᠲᠤ ᠢᠶᠠᠷ ᠳᠠᠮᠵᠢᠭᠤᠯᠤᠨ ᠥᠷᠭᠡᠨ ᠢᠶᠠᠷ ᠳᠠᠶᠢᠴᠢᠯᠠᠭᠰᠠᠨ ᠪᠠ ᠵᠣᠬᠢᠶᠠᠨ ᠪᠠᠶᠢᠭᠤᠯᠵᠤ ᠥᠷᠨᠢᠭᠦᠯᠪᠡ᠃ ᠰᠤᠷᠭᠠᠭᠤᠯᠢ ᠶᠢᠨ ᠬᠦᠷᠢᠶᠡᠨ ᠤ ᠳᠠᠭᠤᠴᠢᠨ ᠤ ᠤᠷᠤᠯᠳᠤᠭᠠᠨ ᠢ ᠨᠢᠭᠡᠨᠲᠡ ᠦᠷᠭᠦᠯᠵᠢᠯᠡᠨ ᠬᠤᠶᠠᠷ ᠬᠤᠭᠤᠴᠠᠭ᠎ᠠ ᠡᠷᠬᠢᠯᠡᠵᠦ᠂ ᠲᠤᠰ ᠬᠤᠭᠤᠴᠠᠭᠠᠨ ᠤ ᠤᠷᠤᠯᠳᠤᠭᠠᠨ ᠢ ᠤᠷᠤᠯᠳᠤᠭᠠᠨ ᠤ ᠬᠡᠪᠴᠢᠶ᠎ᠡ ᠪᠠ ᠤᠷᠤᠯᠳᠤᠭᠠᠨ ᠤ ᠳᠦᠷᠢᠮ ᠤᠨ ᠲᠠᠯ᠎ᠠ ᠪᠠᠷ ᠳᠡᠰ ᠳᠡᠪᠰᠢᠭᠦᠯᠦᠨ ᠲᠣᠬᠢᠷᠠᠭᠤᠯᠵᠤ᠂ ᠤᠷᠤᠯᠳᠤᠭᠠᠨ ᠪᠠ ᠰᠢᠯᠢᠳᠡᠭ ᠳᠠᠭᠤᠤ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠰᠤᠷᠤᠭᠴᠢᠳ ᠤᠨ ᠬᠠᠮᠲᠤᠯᠢᠭ ᠪᠠ ᠨᠡᠶᠢᠭᠡᠮ ᠨᠡᠶᠢᠲᠡ ᠳᠤ ᠢᠳᠡᠪᠬᠢ ᠬᠦᠴᠦᠨ ᠪᠠ ᠴᠠᠭ ᠦᠶ᠎ᠡ ᠶᠢᠨ ᠵᠣᠷᠢᠭ ᠰᠠᠨᠠᠭ᠎ᠠ ᠶᠢ ᠳᠠᠮᠵᠢᠭᠤᠯᠪᠠ᠃     ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠡᠨᠡ ᠤᠳᠠᠭᠠᠨ ᠤ ᠤᠷᠤᠯᠳᠤᠭᠠᠨ ᠢᠶᠠᠷ ᠠᠵᠠ ᠲᠣᠬᠢᠶᠠᠯ ᠪᠣᠯᠭᠠᠵᠤ᠂ ᠡᠯ᠎ᠡ ᠰᠤᠷᠭᠠᠭᠤᠯᠢ ᠶᠢᠨ ᠡᠯ᠎ᠡ ᠲᠥᠷᠥᠯ ᠤᠨ ᠤᠷᠠᠯᠢᠭ ᠤᠨ ᠦᠢᠯᠡᠳᠦᠯᠭᠡ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠶᠢ ᠵᠣᠷᠢᠭᠵᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠠ ᠳᠤᠮᠳᠠᠳᠤ ᠶᠢᠨ ᠭᠤᠸ᠎ᠠ ᠰᠠᠶᠢᠬᠠᠨ ᠤ ᠬᠥᠮᠦᠵᠢᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠪᠠᠶᠠᠯᠢᠭ ᠰᠠᠶᠢᠬᠠᠨ ᠤᠳᠬ᠎ᠠ ᠤᠷᠠᠯᠢᠭ ᠤᠨ ᠬᠡᠯᠪᠡᠷᠢ ᠪᠠᠷ ᠰᠤᠷᠭᠠᠭᠤᠯᠢ ᠶᠢᠨ ᠬᠦᠷᠢᠶ᠎ᠡ ᠶᠢ ᠤᠮᠳᠠᠯᠠᠵᠤ᠂ ᠣᠶᠤᠨ ᠰᠠᠨᠠᠭ᠎ᠠ ᠶᠢ ᠰᠢᠮᠡᠵᠢᠭᠦᠯᠵᠦ᠂ ᠶᠣᠰᠣ ᠰᠤᠷᠲᠠᠬᠤᠨ ᠢ ᠪᠣᠢ ᠪᠣᠯᠭᠠᠵᠤ᠂ ᠤᠶᠤᠲᠠᠳ ᠤᠨ ᠰᠣᠶᠣᠯ ᠤᠷᠠᠯᠢᠭ ᠤᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠪᠠ᠃
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map