ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 2024 ᠣᠨ ᠤ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠤᠬᠠᠭᠤᠯᠭ᠎ᠠ ᠪᠠ ᠨᠢᠭᠡᠳᠦᠮᠡᠯ ᠹᠷᠣᠨᠲ ᠤᠨ ᠠᠵᠢᠯ ᠢ ᠬᠠᠮᠢᠶᠠᠷᠬᠤ ᠺᠠᠳ᠋ᠷ ᠤᠨ ᠤᠯᠤᠰ ᠲᠥᠷᠥ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢ ᠡᠷᠬᠢᠯᠡᠪᠡ
ᠨᠡᠶᠢᠲᠡᠯᠡᠭᠰᠡᠨ ᠴᠠᠭ᠄
2024/3/25
     3 ᠳ᠋ᠤᠭᠠᠷ ᠰᠠᠷ᠎ᠠ ᠶᠢᠨ 18 - 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠦᠬᠠᠨ ᠶᠡᠭᠡ ᠰᠤᠷᠭᠠᠭᠤᠯᠢ ᠳᠤ ᠤᠬᠠᠭᠤᠯᠭ᠎ᠠ ᠪᠠ ᠨᠢᠭᠡᠳᠦᠮᠡᠯ ᠹᠷᠣᠨᠲ ᠤᠨ ᠠᠵᠢᠯ ᠢ ᠬᠠᠮᠢᠶᠠᠷᠬᠤ ᠺᠠᠳ᠋ᠷ ᠤᠨ ᠤᠯᠤᠰ ᠲᠥᠷᠥ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢ           ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠳᠡᠳ᠋ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠦᠬᠠᠨ ᠶᠡᠭᠡ ᠰᠤᠷᠭᠠᠭᠤᠯᠢ ᠶᠢᠨ ᠦᠷᠭᠦᠯᠵᠢᠯᠡᠯ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠶᠢᠨ ᠳᠡᠳ᠋ ᠳᠠᠷᠤᠭ᠎ᠠ ᠰᠢᠶᠧ ᠶᠦᠨ ᠶᠣᠰᠣᠯᠠᠯ ᠳᠤ ᠣᠷᠣᠯᠴᠠᠭᠰᠠᠨ ᠪᠥᠭᠡᠳ ᠤᠭᠲᠤᠬᠤ ᠦᠭᠡ ᠬᠡᠯᠡᠪᠡ᠃   

1.png

     ᠪᠣᠯᠪᠠᠰᠤᠷᠠᠯ ᠤᠨ ᠠᠩᠭᠢ ᠲᠤᠰᠬᠠᠢ ᠰᠡᠳᠦᠪᠲᠦ ᠲᠠᠶᠢᠯᠤᠮᠵᠢ᠂ ᠠᠬᠤᠢ ᠲᠠᠯᠠᠪᠠᠢ ᠶᠢᠨ ᠵᠢᠭᠠᠨ ᠰᠤᠷᠭᠠᠯᠲᠠ᠂

ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ

ᠤᠬᠠᠭᠤᠯᠭ᠎ᠠ ᠪᠠ ᠨᠢᠭᠡᠳᠦᠮᠡᠯ ᠹᠷᠣᠨᠲ ᠤᠨ ᠠᠵᠢᠯ ᠢ ᠬᠠᠮᠢᠶᠠᠷᠬᠤ ᠺᠠᠳ᠋ᠷ ᠤᠨ ᠣᠨᠣᠯ ᠤᠨ ᠬᠡᠪ ᠪᠣᠯᠪᠠᠰᠤᠷᠠᠯ ᠵᠢᠴᠢ

ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠣᠯᠠᠨ ᠲᠠᠯ᠎ᠠ ᠠᠴᠠ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠣᠨᠣᠯ ᠤᠨ

ᠵᠢᠭᠠᠨ ᠰᠤᠷᠭᠠᠯᠲᠠ ᠶᠢᠨ ᠭᠤᠭᠴᠤᠭ᠎ᠠ ᠳᠤ᠂ ᠦᠬᠠᠨ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠡᠷᠳᠡᠮᠲᠡᠳ

︽ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠣᠳᠣ

ᠦᠶ᠎ᠡ ᠶᠢᠨ ᠶᠡᠭᠡ ᠳᠡᠭᠡᠳᠦ ᠰᠤᠷᠭᠠᠭᠤᠯᠢ ᠶᠢᠨ ᠴᠢᠨᠠᠷᠯᠢᠭ ᠬᠥᠭᠵᠢᠯᠲᠡ ᠶᠢᠨ ᠣᠨᠣᠯᠵᠢᠬᠤᠨ︾᠂ ︽ᠰᠢ ᠶᠢᠨ

ᠫᠢᠩ ᠤᠨ ᠰᠣᠶᠣᠯ ᠤᠨ ᠦᠵᠡᠯ ᠰᠠᠨᠠᠭ᠎ᠠ ᠪᠠᠷ ᠶᠡᠭᠡ ᠳᠡᠭᠡᠳᠦ ᠰᠤᠷᠭᠠᠭᠤᠯᠢ ᠶᠢᠨ ᠤᠬᠠᠭᠤᠯᠭ᠎ᠠ ᠶᠢᠨ ᠠᠵᠢᠯ ᠤᠨ

ᠴᠢᠨᠠᠷᠯᠢᠭ ᠬᠥᠭᠵᠢᠯᠲᠡ ᠶᠢ ᠠᠬᠢᠭᠤᠯᠬᠤ︾᠂ ︽ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠴᠢᠬᠤᠯᠠ          

ᠥᠭᠦᠯᠡᠯᠲᠡ︾᠂ ︽ᠰᠦᠯᠵᠢᠶᠡᠨ ᠤ ᠴᠠᠭ ᠦᠶ᠎ᠡ ᠳᠤ ᠶᠡᠭᠡ ᠳᠡᠭᠡᠳᠦ ᠰᠤᠷᠭᠠᠭᠤᠯᠢ ᠳᠤ ᠡᠭᠦᠰᠬᠦ ᠭᠡᠨᠡᠳᠲᠡ ᠶᠢᠨ

ᠬᠡᠷᠡᠭ ᠤᠨ ᠬᠢᠮᠤᠷᠠᠯ ᠤᠨ ᠨᠡᠶᠢᠲᠡ ᠶᠢᠨ ᠬᠠᠷᠢᠴᠠᠭ᠎ᠠ ᠪᠠ ᠶᠠᠷᠢᠶ᠎ᠠ ᠬᠡᠯᠡᠯᠴᠡᠭᠡ ᠶᠢ  ᠰᠢᠢᠳᠪᠦᠷᠢᠯᠡᠬᠦ︾ ᠵᠡᠷᠭᠡ ᠭᠤᠣᠯ

ᠰᠡᠳᠦᠪ ᠤᠨ ᠲᠣᠭᠤᠷᠢᠨ ᠳᠤ ᠲᠤᠰᠬᠠᠢ ᠰᠡᠳᠦᠪᠲᠦ ᠲᠠᠶᠢᠯᠤᠮᠵᠢ ᠬᠢᠪᠡ᠃ ᠠᠬᠤᠢ ᠲᠠᠯᠠᠪᠠᠢ ᠶᠢᠨ ᠵᠢᠭᠠᠨ

ᠰᠤᠷᠭᠠᠯᠲᠠ ᠶᠢᠨ ᠭᠤᠭᠴᠤᠭ᠎ᠠ ᠳᠤ᠂ ᠬᠤᠷᠠᠯ ᠳᠤ ᠣᠷᠣᠯᠴᠠᠭᠰᠠᠳ ᠬᠠᠮᠲᠤ ᠳᠤ ᠪᠠᠨ ᠦᠬᠠᠨ ᠶᠡᠭᠡ

ᠰᠤᠷᠭᠠᠭᠤᠯᠢ ᠶᠢᠨ ᠬᠤᠪᠢᠰᠬᠠᠯᠲᠤ ᠰᠤᠷᠭᠠᠭᠤᠯᠢ ᠶᠢᠨ ᠬᠦᠷᠢᠶᠡᠨ ᠤ ᠰᠣᠶᠣᠯ ᠢ ᠲᠣᠭᠤᠷᠢᠨ ᠦᠵᠡᠵᠦ᠂ ᠦᠬᠠᠨ ᠤ

ᠬᠤᠪᠢᠰᠬᠠᠯ ᠤᠨ ᠮᠦᠽᠧᠢ᠂ ᠬᠤᠪᠧᠢ ᠮᠤᠵᠢ ᠶᠢᠨ ᠮᠦᠽᠧᠢ ᠳᠤ ᠬᠦᠷᠴᠦ᠂ ᠳᠤᠮᠳᠠᠳᠤ ᠶᠢᠨ ᠰᠢᠯᠢᠳᠡᠭ          

ᠤᠯᠠᠮᠵᠢᠯᠠᠯᠲᠤ ᠰᠣᠶᠣᠯ ᠢ ᠪᠡᠶᠡᠴᠢᠯᠡᠨ ᠣᠶᠢᠯᠠᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ

ᠴᠢᠩᠭᠠᠳᠬᠠᠪᠠ᠃ ᠪᠣᠯᠪᠠᠰᠤᠷᠠᠯ ᠤᠨ ᠠᠭᠤᠯᠭ᠎ᠠ ᠣᠨᠣᠯ ᠤᠨ ᠦᠨᠳᠦᠷᠴᠡ ᠲᠠᠢ ᠪᠥᠭᠡᠳ ᠦᠢᠯᠡᠳᠦᠯᠭᠡ ᠶᠢᠨ

ᠭᠦᠨᠴᠡ ᠲᠠᠢ ᠪᠠᠶᠢᠵᠤ᠂ ᠮᠠᠰᠢ ᠴᠢᠩᠭ᠎ᠠ ᠬᠠᠨᠳᠤᠯᠭᠠᠲᠤ ᠴᠢᠨᠠᠷ᠂ ᠵᠢᠯᠣᠭᠤᠳᠬᠤ ᠴᠢᠨᠠᠷ᠂ ᠪᠣᠳᠠᠲᠤ ᠠᠵᠢᠯᠯᠠᠭᠠᠨ ᠤ

ᠴᠢᠨᠠᠷ ᠲᠠᠢ ᠶᠤᠮ᠃

   

2.png

3.png

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠡᠯ᠎ᠡ ᠶᠡᠭᠡ ᠳᠡᠭᠡᠳᠦ

ᠰᠤᠷᠭᠠᠭᠤᠯᠢ ᠶᠢᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠣᠯ ᠴᠣᠭᠴᠠ ᠶᠢᠨ

ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ᠂ ᠶᠡᠷᠦᠩᠬᠡᠢ ᠱᠦᠵᠢ

ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ᠂

ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢᠴᠢ ᠥᠪᠥᠷ

ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠣᠨᠣᠯ ᠤᠨ

ᠰᠠᠭᠤᠷᠢ ᠪᠠᠨ ᠪᠠᠬᠢᠵᠢᠭᠦᠯᠦᠨ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠨᠡᠮᠡᠭᠳᠡᠭᠦᠯᠬᠦ ᠬᠡᠷᠡᠭᠲᠡᠢ᠃ ᠴᠠᠭ

ᠦᠶ᠎ᠡ ᠳᠤ ᠰᠠᠭᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ

ᠶᠠᠪᠤᠳᠠᠯ ᠳᠤ ᠠᠩᠬᠠᠷᠤᠯ ᠢᠶᠠᠨ ᠬᠠᠨᠳᠤᠭᠤᠯᠤᠨ᠂ ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ ᠪᠣᠳᠠᠲᠠᠢ ᠲᠠᠢ

ᠤᠶᠠᠯᠳᠤᠭᠤᠯᠵᠤ᠂ 2024 ᠣᠨ ᠤ ᠲᠥᠪ ᠪᠠ ᠥᠪᠡᠷᠲᠡᠭᠡᠨ ᠵᠠᠰᠠᠬᠤ ᠣᠷᠣᠨ ᠤ ᠤᠬᠠᠭᠤᠯᠭ᠎ᠠ ᠪᠠ ᠨᠢᠭᠡᠳᠦᠮᠡᠯ

ᠹᠷᠣᠨᠲ ᠤᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠭᠲᠠᠭᠠᠵᠤ᠂ ᠡᠨᠡ ᠤᠳᠠᠭᠠᠨ ᠤ ᠪᠣᠯᠪᠠᠰᠤᠷᠠᠯ ᠪᠠ

ᠰᠤᠷᠤᠯᠴᠠᠯᠭ᠎ᠠ ᠶᠢᠨ ᠦᠷ᠎ᠡ ᠪᠦᠲᠦᠭᠡᠯ ᠢ ᠶᠡᠭᠡ ᠳᠡᠭᠡᠳᠦ ᠰᠤᠷᠭᠠᠭᠤᠯᠢ ᠶᠢᠨ ᠤᠬᠠᠭᠤᠯᠭ᠎ᠠ ᠶᠢᠨ ᠠᠵᠢᠯ ᠪᠣᠯᠤᠨ

ᠨᠢᠭᠡᠳᠦᠮᠡᠯ ᠹᠷᠣᠨᠲ ᠤᠨ ᠠᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠬᠥᠳᠡᠯᠭᠡᠬᠦ ᠬᠦᠴᠦᠨ ᠪᠣᠯᠭᠠᠨ ᠦᠨᠡᠨ

ᠬᠦ ᠬᠤᠪᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃

4.png

    ᠥᠪᠡᠷᠲᠡᠭᠡᠨ ᠵᠠᠰᠠᠬᠤ ᠣᠷᠣᠨ ᠤ ᠡᠯ᠎ᠡ ᠶᠡᠭᠡ ᠳᠡᠭᠡᠳᠦ ᠰᠤᠷᠭᠠᠭᠤᠯᠢ ᠶᠢᠨ ᠤᠬᠠᠭᠤᠯᠬᠤ ᠬᠡᠯᠲᠡᠰ ᠤᠨ ᠳᠠᠷᠤᠭ᠎ᠠ᠂

ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ

ᠪᠣᠯᠪᠠᠰᠤᠷᠠᠯ ᠳᠤ ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map