ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠵᠥᠪᠯᠡᠯ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/25
      3 ᠳ᠋ᠤᠭᠠᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠵᠥᠪᠯᠡᠯ ᠤᠨ ᠡᠷᠬᠢᠯᠡᠭᠴᠢ ᠪᠦᠦ ᠰᠢᠶᠠᠨ ᠬᠤᠸᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠵᠥᠪᠯᠡᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠵᠥᠪᠯᠡᠯ ᠤᠨ ᠠᠯᠪᠠᠨ ᠭᠡᠷ ᠤᠨ ᠠᠵᠢᠯ ᠤᠨ ᠮᠡᠳᠡᠭᠡᠯᠡᠯ ᠵᠢᠴᠢ ᠬᠡᠰᠡᠭ ᠪᠦᠷᠢᠯᠳᠦᠬᠦᠨ ᠨᠢᠭᠡᠴᠢ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ ᠬᠤᠷᠠᠯ ᠳᠤ ᠣᠷᠣᠯᠴᠠᠪᠠ᠃      ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠵᠥᠪᠯᠡᠯ ᠪᠣᠯᠤᠨ ᠡᠯ᠎ᠡ ᠪᠦᠷᠢᠯᠳᠦᠬᠦᠨ ᠨᠢᠭᠡᠴᠢ ᠶᠢᠨ ᠬᠢᠨ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠬᠠᠮᠠᠭᠠᠯᠠᠬᠤ᠂ ᠰᠤᠷᠤᠭᠴᠢᠳ ᠤᠨ ᠠᠮᠤᠷ ᠲᠦᠪᠰᠢᠨ ᠢ ᠪᠠᠲᠤᠯᠠᠬᠤ ᠶᠢ ᠲᠣᠪᠤᠶᠢᠮ᠎ᠠ ᠪᠠᠶᠢᠷᠢᠨ ᠳᠤ ᠲᠠᠯᠪᠢᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠬᠠᠮᠠᠭᠠᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠠᠶᠤᠯ ᠦᠭᠡᠢ ᠦᠢᠯᠡᠳᠪᠦᠷᠢᠯᠡᠯ ᠢ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠵᠤ᠂ ᠨᠡᠩ ᠴᠢᠩᠭ᠎ᠠ ᠣᠪᠣᠷ᠂ ᠨᠡᠩ ᠴᠢᠩᠭ᠎ᠠ ᠳᠦᠷᠢᠮ᠂ ᠨᠡᠩ ᠴᠢᠩᠭ᠎ᠠ ᠪᠣᠳᠠᠲᠠᠢ ᠠᠷᠭ᠎ᠠ ᠬᠡᠮᠵᠢᠶ᠎ᠡ ᠪᠠᠷ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠪᠦᠬᠦ ᠣᠷᠣᠨ ᠤ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠳᠡᠰ ᠳᠡᠪᠰᠢᠭᠦᠯᠬᠦ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠰᠤᠷᠭᠠᠭᠤᠯᠢ ᠶᠢᠨ ᠬᠦᠷᠢᠶᠡᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠢ ᠴᠢᠩᠭᠠᠳᠬᠠᠵᠤ᠂ ᠬᠢᠴᠢᠶᠡᠯ ᠤᠨ ᠭᠡᠷ᠂ ᠪᠠᠶᠢᠷᠢ᠂ ᠬᠤᠭᠤᠯᠠᠨ ᠭᠡᠷ᠂ ᠲᠤᠷᠰᠢᠯᠲᠠ ᠶᠢᠨ ᠲᠠᠰᠤᠭ ᠵᠡᠷᠭᠡ ᠭᠤᠣᠯᠳᠠᠯᠭ᠎ᠠ ᠲᠠᠢ ᠣᠷᠣᠨ ᠪᠠᠶᠢᠷᠢ ᠪᠣᠯᠤᠨ ᠬᠥᠮᠦᠨ ᠬᠠᠷ᠎ᠠ ᠲᠥᠪᠯᠡᠷᠡᠭᠰᠡᠨ ᠪᠠᠶᠢᠷᠢ ᠲᠠᠯᠠᠪᠤᠷ ᠢ ᠴᠢᠩᠭ᠎ᠠ ᠠᠩᠬᠠᠷᠴᠤ᠂ ᠭᠠᠯ ᠰᠡᠷᠭᠡᠶᠢᠯᠡᠬᠦ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ ᠰᠡᠳᠬᠢᠴᠡ ᠶᠢᠨ ᠡᠷᠡᠭᠦᠯ ᠮᠡᠨᠳᠦ ᠶᠢᠨ ᠠᠵᠢᠯ ᠢ ᠴᠢᠬᠤᠯᠠᠴᠢᠯᠠᠵᠤ᠂ ᠭᠡᠷ ᠪᠦᠯᠢ ᠰᠤᠷᠭᠠᠭᠤᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠶᠢ ᠪᠠᠷᠢᠮᠲᠠᠯᠠᠵᠤ᠂ ᠡᠷᠡᠭᠦᠯ ᠮᠡᠨᠳᠦ ᠶᠢᠨ ᠬᠥᠮᠦᠵᠢᠯ᠂ ᠬᠢᠨᠠᠨ ᠰᠢᠯᠭᠠᠵᠤ ᠤᠷᠢᠳᠴᠢᠯᠠᠨ ᠰᠡᠷᠡᠮᠵᠢᠯᠡᠭᠦᠯᠬᠦ᠂ ᠵᠦᠪᠯᠡᠯᠭᠡ ᠥᠭᠬᠦ ᠦᠢᠯᠡᠴᠢᠯᠡᠭᠡ᠂ ᠬᠠᠮᠢᠶᠠᠷᠤᠨ ᠰᠢᠢᠳᠪᠦᠷᠢᠯᠡᠵᠦ ︽ᠲᠦᠷᠪᠡ ᠶᠢ ᠨᠢᠭᠡ ᠴᠤᠬᠴᠠᠵᠢᠭᠤᠯᠬᠤ︾ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠠᠵᠢᠯ ᠤᠨ ᠳᠣᠭᠲᠠᠯᠴᠠᠭ᠎ᠠ ᠶᠢ ᠲᠡᠭᠦᠯᠳᠡᠷᠵᠢᠭᠦᠯᠵᠦ᠂ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠲᠦᠪᠰᠢᠨ ᠢ ᠳᠡᠭᠡᠭᠰᠢᠯᠡᠭᠦᠯᠵᠦ᠂ ︽ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠠᠭᠠᠷᠳᠠᠯᠭ᠎ᠠ︾ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠣᠶᠤᠨᠴᠢ ᠠᠮᠤᠷ ᠲᠦᠪᠰᠢᠨ ᠤ ᠰᠡᠷᠭᠡᠶᠢᠯᠡᠯᠲᠡ ᠶᠢᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠨ᠂ ︽ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ᠂ ᠣᠶᠤᠨᠴᠢ ᠰᠡᠷᠭᠡᠶᠢᠯᠡᠬᠦ︾ ᠶᠢ ᠭᠦᠨᠵᠡᠭᠡᠶ ᠠᠭᠤᠰᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠶᠤᠨᠴᠢᠯᠠᠭᠰᠠᠨ ᠬᠠᠮᠢᠶᠠᠷᠤᠯᠲᠠ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠰᠤᠷᠭᠠᠭᠤᠯᠢ  ᠶᠢᠨ ᠬᠦᠷᠢᠶᠡᠨ ᠤ ᠡᠷᠬᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠵᠤ᠂ ︽ᠰᠤᠷᠤᠭᠴᠢ  ᠶᠢ ᠬᠠᠮᠠᠭᠠᠯᠠᠬᠤ ᠠᠵᠢᠯ ᠤᠨ           ᠪᠠᠶᠢᠷᠢ︾ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ︽ᠣᠷᠭᠢᠯ ᠴᠠᠭ ᠲᠤ ᠵᠢᠵᠢᠭᠦᠷᠯᠡᠬᠦ︾ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠬᠤᠳᠠᠯᠳᠤᠭᠠᠨ ᠤ ᠡᠷᠦᠬᠡ  ᠶᠢ ᠵᠢᠷᠤᠮᠵᠢᠭᠤᠯᠤᠨ ᠴᠡᠭᠴᠡᠯᠡᠨ ᠵᠠᠰᠠᠵᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠶ ᠭᠡᠵᠦ ᠱᠠᠭᠠᠷᠳᠠᠪᠠ᠃      ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠵᠥᠪᠯᠡᠯ ᠪᠣᠯ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠰᠤᠷᠭᠠᠭᠤᠯᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠬᠠᠮ ᠬᠦᠴᠦᠨ ᠢ ᠦᠨᠡᠨ ᠬᠦ ᠪᠦᠷᠢᠯᠳᠦᠭᠦᠯᠪᠡ᠃ ᠡᠯ᠎ᠡ ᠰᠠᠯᠠᠭ᠎ᠠ ᠮᠥᠴᠢᠷ ᠤᠨ ᠬᠢᠨ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠭᠡᠬᠦ︾ ᠱᠠᠭᠠᠷᠳᠠᠯᠭ᠎ᠠ ᠶᠣᠰᠣᠭᠠᠷ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠪᠣᠯᠤᠨ ᠲᠤᠬᠠᠶᠢᠯᠠᠭᠰᠠᠨ ᠠᠵᠢᠯ ᠢ ᠬᠠᠮᠲᠤ ᠳᠤ ᠨᠢ ᠲᠥᠯᠥᠪᠵᠢᠭᠦᠯᠵᠦ᠂ ᠬᠠᠮᠲᠤ ᠳᠤ ᠨᠢ ᠪᠠᠶᠢᠷᠢᠯᠠᠭᠤᠯᠵᠤ᠂ ᠬᠠᠮᠲᠤ ᠳᠤ ᠨᠢ ᠠᠬᠢᠭᠤᠯᠬᠤ ᠬᠡᠷᠡᠭᠲᠡᠶ᠃ ︽ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠠᠶᠤᠯ ᠠᠴᠠ ᠵᠠᠶᠢᠯᠠᠬᠤ ᠴᠢᠳᠠᠪᠤᠷᠢ ᠶᠢ ᠳᠡᠭᠡᠭᠰᠢᠯᠡᠭᠦᠯᠬᠦ︾ ᠪᠠᠷ ᠭᠤᠣᠯᠳᠠᠯᠭ᠎ᠠ ᠪᠣᠯᠭᠠᠵᠤ᠂ ᠤᠬᠠᠭᠤᠯᠭ᠎ᠠ ᠪᠣᠯᠪᠠᠰᠤᠷᠠᠯ ᠵᠢᠴᠢ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠦᠷᠭᠦᠯᠵᠢᠯᠡᠨ ᠥᠷᠨᠢᠭᠦᠯᠬᠦ ᠬᠡᠷᠡᠭᠲᠡᠢ᠃ ᠬᠢᠨᠠᠨ ᠵᠢᠯᠣᠭᠤᠳᠴᠤ ᠪᠠᠶᠢᠴᠠᠭᠠᠬᠤ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠠᠰᠠᠭᠤᠳᠠᠯ ᠢ ᠴᠢᠩᠭ᠎ᠠ ᠠᠩᠬᠠᠷᠴᠤ᠂ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map