ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠡᠭᠡ ᠰᠣᠷᠢᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠪᠠ
ᠨᠡᠶᠢᠲᠡᠯᠡᠭᠰᠡᠨ ᠴᠠᠭ᠄
2024/3/26
      ᠶᠡᠷᠦᠩᠬᠡᠢ ᠱᠦᠵᠢ ᠰᠢ ᠶᠢᠨ ᠫᠢᠩ ᠤᠨ ᠠᠶᠤᠯ ᠦᠭᠡᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 3 ᠳ᠋ᠤᠭᠠᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ︽ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠡᠭᠡ ᠰᠣᠷᠢᠯᠲᠠ ᠶᠢᠨ ᠠᠵᠢᠯᠯᠠᠭ᠎ᠠ︾ ᠶᠢᠨ ᠡᠬᠢᠯᠡᠯᠲᠡ ᠶᠢᠨ ᠶᠣᠰᠣᠯᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠣᠷᠣᠨ ᠤ ᠠᠷᠪᠠᠨ ᠬᠤᠶᠠᠷ ᠠᠶᠢᠮᠠᠭ ᠬᠤᠲᠠ ᠭᠠᠯ ᠰᠡᠷᠭᠡᠶᠢᠯᠡᠵᠦ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠡᠭᠡ ᠰᠣᠷᠢᠯᠲᠠ ᠶᠢ ᠵᠡᠷᠭᠡ ᠪᠠᠷ           ᠡᠬᠢᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ ᠭᠤᠣᠯ ᠬᠤᠷᠠᠯ ᠤᠨ ᠲᠠᠯᠠᠪᠠᠢ ᠳᠤ ᠶᠠᠷᠢᠶ᠎ᠠ ᠲᠠᠯᠪᠢᠭᠰᠠᠨ ᠪᠥᠭᠡᠳ ᠶᠡᠭᠡ ᠰᠣᠷᠢᠯᠲᠠ ᠶᠢᠨ ᠠᠵᠢᠯᠯᠠᠭ᠎ᠠ ᠡᠬᠢᠯᠡᠭᠰᠡᠨ ᠢ ᠵᠠᠷᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠡᠬᠢᠯᠡᠯᠲᠡ ᠶᠢᠨ ᠶᠣᠰᠣᠯᠠᠯ ᠢ ᠡᠷᠬᠢᠯᠡᠪᠡ᠃ 

1.png

      ᠡᠨᠡ ᠤᠳᠠᠭᠠᠨ ᠤ ᠶᠡᠭᠡ ᠰᠣᠷᠢᠯᠲᠠ ᠶᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂

ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ

ᠲᠤᠰᠠᠯᠠᠬᠤ ᠶᠡᠷᠦᠩᠬᠡᠢ ᠠᠩᠭᠢ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠬᠠᠮᠲᠤᠷᠠᠨ ᠡᠷᠬᠢᠯᠡᠵᠦ᠂

︽ᠰᠤᠷᠭᠠᠭᠤᠯᠢ ᠶᠢᠨ ᠬᠦᠷᠢᠶᠡᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠳᠤ ᠠᠩᠬᠠᠷᠤᠯ ᠢᠶᠠᠨ

ᠬᠠᠨᠳᠤᠭᠤᠯᠤᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠬᠦ︾ ᠪᠠᠷ ᠭᠤᠣᠯ

ᠰᠡᠳᠦᠪ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ︽ᠪᠦᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ

ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠤᠨ ᠭᠠᠷᠠᠭ︾ ᠪᠠ ᠪᠦᠬᠦ ᠣᠷᠣᠨ ᠠᠴᠠ ︽ᠭᠠᠯ ᠰᠡᠷᠭᠡᠶᠢᠯᠡᠵᠦ

ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠰᠠᠷ᠎ᠠ︾ ᠲᠠᠢ ᠤᠶᠠᠯᠳᠤᠭᠤᠯᠤᠨ ᠥᠷᠨᠢᠭᠦᠯᠦᠭᠰᠡᠨ

ᠲᠤᠰᠬᠠᠢ ᠰᠡᠳᠦᠪᠲᠦ ᠠᠵᠢᠯᠯᠠᠭ᠎ᠠ ᠪᠣᠯᠤᠨ᠎ᠠ᠃

      ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ

ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠢ ᠠᠩᠭᠢ ᠯᠤᠭ᠎ᠠ

ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠪᠦᠬᠦ ᠣᠷᠣᠨ ᠤ 12 ᠠᠶᠢᠮᠠᠭ

ᠬᠤᠲᠠ ᠶᠢᠨ 6700 ᠭᠠᠷᠤᠢ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ 324 ᠲᠦᠮᠡᠨ ᠪᠠᠭᠰᠢ

ᠰᠤᠷᠤᠭᠴᠢᠳ ᠰᠣᠷᠢᠯᠲᠠ ᠥᠷᠨᠢᠭᠦᠯᠪᠡ᠃ ᠡᠯ᠎ᠡ ᠭᠠᠵᠠᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠵᠢᠯᠣᠭᠤᠳᠤᠭᠴᠢ

ᠪᠠᠶᠢᠯᠳᠤᠭᠴᠢ ᠪᠣᠯᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ

ᠳᠤᠰᠠᠯᠠᠭᠴᠢ ᠶᠢᠨ ᠡᠩᠨᠡᠭᠡ ᠪᠣᠳᠠᠲᠤ ᠠᠬᠤᠢ ᠪᠣᠯᠤᠨ ᠵᠢᠱᠢᠮᠡᠭ ᠪᠠᠶᠢᠳᠠᠯ ᠢ ᠬᠠᠷᠢᠯᠴᠠᠨ ᠤᠶᠠᠯᠳᠤᠭᠤᠯᠬᠤ ᠠᠷᠭ᠎ᠠ

ᠮᠠᠶ᠋ᠢᠭ ᠢ ᠠᠪᠴᠤ᠂ ᠰᠤᠷᠤᠭᠴᠢᠳ ᠢ ᠵᠣᠬᠢᠶᠠᠨ ᠪᠠᠶᠢᠭᠤᠯᠤᠨ ᠪᠠᠴᠢᠮ ᠠᠮᠢ ᠵᠢᠭᠤᠳᠠᠭᠤᠯᠵᠤ ᠲᠠᠷᠬᠠᠭᠠᠬᠤ᠂ ᠡᠬᠢᠨ ᠤ

ᠦᠶ᠎ᠡ ᠶᠢᠨ ᠭᠠᠯ ᠤᠨ ᠠᠶᠤᠯ ᠠᠴᠠ ᠠᠪᠤᠷᠠᠬᠤ᠂ ᠵᠢᠷᠦᠬᠡ ᠠᠭᠤᠰᠬᠢᠨ ᠤ ᠰᠡᠷᠭᠦᠭᠡᠯᠲᠡ᠂ ᠠᠮᠢᠰᠬᠤᠯ ᠤᠨ ᠵᠠᠮ ᠤᠨ

ᠣᠨᠳᠣᠤ ᠪᠣᠳᠠᠰ ᠤᠨ ᠲᠦᠭᠵᠢᠷᠡᠯ ᠢ ᠬᠤᠷᠢᠭᠯᠠᠵᠤ ᠠᠪᠤᠷᠠᠬᠤ᠂ ᠠᠮᠢ ᠵᠢᠭᠤᠲᠠᠬᠤ ᠮᠠᠶᠢᠬᠠᠨ ᠪᠤᠰᠬᠠᠬᠤ᠂ ᠤᠲᠤᠭᠠᠨ

ᠳᠤᠮᠳᠠ ᠠᠮᠢ ᠵᠢᠭᠤᠲᠠᠬᠤ ᠵᠡᠷᠭᠡ ᠶᠢ ᠠᠬᠤᠢ ᠲᠠᠯᠠᠪᠠᠢ ᠳᠤ ᠰᠣᠷᠢᠯᠲᠠ ᠬᠢᠵᠦ᠂ ᠰᠣᠷᠢᠯᠲᠠ ᠶᠢᠨ ᠠᠵᠢᠯᠯᠠᠭ᠎ᠠ ᠨᠢ

ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠤᠨ ᠪᠣᠳᠠᠲᠤ ᠪᠠᠶᠢᠳᠠᠯ ᠲᠠᠢ ᠣᠶᠢᠷᠠᠳᠴᠤ᠂ ᠪᠠᠭᠰᠢ ᠰᠤᠷᠤᠭᠴᠢᠳ ᠢ

ᠬᠠᠪᠰᠤᠷᠤᠨ ᠠᠮᠢ ᠵᠢᠭᠤᠲᠠᠵᠤ ᠥᠪᠡᠷ ᠢ ᠪᠠᠨ ᠠᠪᠤᠷᠠᠬᠤ ᠦᠨᠳᠦᠰᠦᠨ ᠠᠷᠭ᠎ᠠ ᠶᠢ ᠡᠵᠡᠮᠰᠢᠭᠦᠯᠪᠡ᠃

    

2.png

      ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠭᠡᠷ ᠪᠦᠯᠢ᠂

ᠰᠤᠷᠭᠠᠭᠤᠯᠢ᠂ ᠨᠡᠶᠢᠭᠡᠮ ᠤᠨ ᠨᠢᠭᠲᠠ ᠬᠠᠷᠢᠯᠴᠠᠭ᠎ᠠ ᠶᠢ ᠢᠳᠡᠪᠬᠢᠲᠡᠢ ᠠᠬᠢᠭᠤᠯᠵᠤ᠂ ᠳᠣᠷᠣᠮᠵᠢᠯᠠᠯ ᠢ ᠰᠡᠷᠭᠡᠶᠢᠯᠡᠬᠦ᠂

ᠤᠰᠤᠨ ᠳᠤ ᠠᠳᠡᠬᠦ ᠶᠢ ᠰᠡᠷᠭᠡᠶᠢᠯᠡᠬᠦ᠂ ᠵᠠᠮ ᠬᠠᠷᠢᠯᠴᠠᠭᠠᠨ ᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ᠂

ᠲᠤᠷᠰᠢᠯᠲᠠ ᠶᠢᠨ ᠲᠠᠰᠤᠭ ᠤᠨ ᠠᠮᠤᠷ ᠲᠦᠪᠰᠢᠨ᠂ ᠪᠠᠷᠢᠯᠭ᠎ᠠ ᠶᠢᠨ ᠠᠮᠤᠷ ᠲᠦᠪᠰᠢᠨ ᠵᠡᠷᠭᠡ ᠭᠤᠣᠯᠳᠠᠯᠭ᠎ᠠ ᠲᠠᠢ

ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠣᠯᠠᠨ ᠰᠠᠯᠠᠭ᠎ᠠ ᠮᠥᠴᠢᠷ ᠵᠡᠷᠭᠡ ᠪᠠᠷ ᠠᠳᠬᠤᠨ ᠬᠠᠮᠲᠤ ᠳᠤ ᠪᠠᠨ

ᠬᠠᠮᠢᠶᠠᠷᠴᠤ᠂ ᠪᠦᠬᠦ ᠨᠡᠶᠢᠭᠡᠮ ᠢᠶᠠᠷ ᠢᠶᠠᠨ ᠢᠳᠡᠪᠬᠢᠲᠡᠢ ᠣᠷᠣᠯᠴᠠᠭᠰᠠᠨ ᠰᠤᠷᠭᠠᠭᠤᠯᠢ ᠶᠢᠨ ᠬᠦᠷᠢᠶᠡᠨ ᠤ ᠠᠮᠤᠷ

ᠲᠦᠪᠰᠢᠨ ᠤ ᠠᠵᠢᠯ ᠤᠨ ᠪᠠᠶᠢᠷᠢᠰᠢᠯᠠᠭᠤᠯᠤᠯᠲᠠ ᠶᠢ ᠪᠠᠶᠢᠭᠤᠯᠵᠤ᠂ ᠬᠠᠮᠵᠢᠯᠴᠠᠨ ᠬᠥᠮᠦᠨ ᠬᠥᠮᠦᠵᠢᠭᠦᠯᠬᠦ 

ᠳᠣᠭᠲᠠᠴᠠᠯᠭ᠎ᠠ ᠪᠠ ᠠᠮᠤᠷ ᠲᠦᠪᠰᠢᠨ ᠤ ᠠᠵᠢᠯ ᠤᠨ ᠤᠳᠠᠭᠠᠨ ᠳᠠᠭᠠᠭᠠᠮᠠᠭᠠᠢ ᠪᠦᠲᠦᠮᠵᠢᠲᠡᠢ ᠬᠠᠮᠢᠶᠠᠷᠤᠯᠲᠠ ᠶᠢᠨ

ᠲᠣᠭᠲᠠᠴᠠ ᠶᠢ ᠴᠢᠷᠮᠠᠶᠢᠨ ᠪᠠᠶᠢᠭᠤᠯᠵᠤ᠂ ᠰᠤᠷᠭᠠᠭᠤᠯᠢ  ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ

ᠱᠤᠭᠤᠮ ᠢ ᠨᠢᠭᠲᠠ ᠪᠠᠶᠢᠭᠤᠯᠤᠨ᠂ ᠵᠠᠯᠠᠭᠤᠴᠤᠳ ᠪᠠᠭᠠᠴᠤᠳ ᠤᠨ ᠠᠮᠤᠷ ᠲᠦᠪᠰᠢᠨ ᠢᠶᠠᠷ ᠥᠰᠦᠨ ᠪᠤᠶᠢᠵᠢᠬᠤ ᠶᠢ

ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃

 

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map