ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ ᠳᠤ ᠬᠤᠯᠪᠤᠭᠳᠠᠬᠤ ᠠᠵᠢᠯ ᠢ ᠰᠠᠶᠢᠲᠤᠷ ᠬᠢᠬᠦ ᠲᠤᠬᠠᠢ ᠤᠨ ᠮᠡᠳᠡᠭᠳᠡᠯ
ᠨᠡᠶᠢᠲᠡᠯᠡᠭᠰᠡᠨ ᠴᠠᠭ᠄
2024/3/27
           ᠥᠪᠥᠷ ᠵᠢᠭᠠᠬᠤ ᠶᠢ ᠰᠤᠳᠤᠯᠬᠤ ᠪᠢᠴᠢᠭ  ﹇2024﹈ 11 ᠳ᠋ᠦ᠋ᠭᠡᠷ ᠲᠣᠭᠠᠲᠤ    ᠡᠯ᠎ᠡ ᠬᠤᠯᠪᠣᠭᠳᠠᠯ ᠪᠦᠬᠦᠢ ᠳᠡᠭᠡᠳᠦ ᠰᠤᠷᠭᠠᠭᠤᠯᠢ ᠳᠤ᠄      ︽ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠥᠪᠥᠷ ᠵᠢᠭᠠᠬᠤ  ᠶᠢ ᠰᠣᠳᠤᠯᠬᠤ ﹇2022﹈ 43 ᠳ᠋ᠤᠭᠠᠷ ᠲᠣᠭᠠᠲᠤ︶ ᠶᠣᠰᠤᠭᠠᠷ᠂ ᠡᠳᠦᠭᠡ 2023 ᠣᠨ ᠳᠤ ᠵᠥᠪᠰᠢᠶᠡᠷᠡᠯ ᠣᠯᠤᠭᠰᠠᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ ︵ᠳᠣᠷᠣᠭᠰᠢ ︽ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ︾ ᠭᠡᠵᠦ  ᠳᠦᠭᠦᠮᠴᠢᠯᠡᠨ᠎ᠡ︶ ᠤᠨ ᠵᠢᠯ ᠤᠨ ᠥᠪᠡᠷ ᠢ ᠪᠠᠨ ᠦᠨᠡᠯᠡᠬᠦ ᠠᠵᠢᠯ ᠪᠠ 2024 ᠣᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ ᠤᠨ ᠡᠭᠦᠷᠭᠡ ᠶᠢᠨ ᠪᠢᠴᠢᠭ︾ ᠲᠠᠬᠢ ᠬᠤᠯᠪᠣᠭᠳᠠᠯ ᠪᠦᠬᠦᠢ ᠠᠵᠢᠯ ᠢ ᠳᠣᠣᠷᠠᠬᠢ ᠮᠡᠲᠦ  ᠪᠠᠶᠢᠷᠢᠯᠠᠭᠤᠯᠪᠠ᠃      ᠨᠢᠭᠡ᠂ 2023 ᠣᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ      ᠲᠥᠷᠥᠯ ᠵᠦᠢᠯ ᠤᠨ ᠵᠢᠯ ᠤᠨ ᠥᠪᠡᠷ ᠢ ᠪᠠᠨ ᠦᠨᠡᠯᠡᠬᠦ ᠠᠵᠢᠯ      ᠡᠨᠡ ᠤᠳᠠᠭᠠᠨ ᠤ ᠠᠵᠢᠯ ᠤᠨ ᠲᠥᠷᠥᠯ ᠵᠦᠢᠯ ᠢ ᠲᠣᠭᠲᠠᠭᠠᠬᠤ ᠦᠨᠳᠦᠰᠦᠯᠡᠯ ᠪᠣᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ  ᠰᠤᠷᠭᠠᠨ ᠬᠥᠮᠦᠵᠢᠯ ᠤᠨ ᠲᠢᠩᠬᠢᠮ ᠤᠨ ᠣᠷᠣᠨ ᠨᠤᠲᠤᠭ ᠤᠨ ᠶᠡᠭᠡ ᠳᠡᠭᠡᠳᠦ ᠰᠤᠷᠭᠠᠭᠤᠯᠢ ᠶᠢᠨ ᠥᠭᠡᠷᠡᠴᠢᠯᠡᠯᠲᠡ ᠬᠥᠭᠵᠢᠭᠦᠯᠦᠯᠲᠡ ᠶᠢ ᠳᠡᠮᠵᠢᠬᠦ ᠪᠡᠯᠡ ᠮᠥᠩᠭᠦᠨ ᠤ ᠲᠥᠰᠦᠪ ᠢ ᠤᠷᠢᠳᠴᠢᠯᠠᠨ ᠪᠠᠭᠤᠯᠭᠠᠬᠤ ᠲᠤᠬᠠᠢ ᠮᠡᠳᠡᠭᠳᠡᠯ︾ ︵ᠥᠪᠥᠷ ᠡᠳ᠋ ᠰᠤᠷᠭᠠᠨ ﹇2022﹈ 1581 ᠳ᠋ᠦ᠋ᠭᠡᠷ ᠲᠣᠭᠠᠲᠤ︶ ᠪᠣᠯᠤᠨ᠎ᠠ᠂ ᠡᠭᠦᠨ ᠳᠤ ᠳ᠋ᠣᠺᠲ᠋ᠣᠷᠠᠨᠲ ᠪᠠ ᠮᠠᠰᠲ᠋ᠧᠷ ᠤᠨ ᠡᠷᠳᠡᠮ ᠤᠨ ᠴᠣᠯᠠ ᠣᠯᠭᠤᠬᠤ ᠨᠢᠭᠡᠴᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠲᠡᠷᠢᠭᠦᠨ ᠤ ᠬᠢ ᠪᠣᠶᠢᠵᠢᠭᠤᠯᠬᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ᠂ ᠭᠤᠣᠯᠳᠠᠯᠭ᠎ᠠ ᠲᠠᠢ ᠰᠠᠭᠤᠷᠢ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ  ᠶᠢᠨ ᠲᠥᠷᠥᠯ ᠵᠦᠢᠯ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠪᠤᠶᠢᠵᠢᠭᠤᠯᠬᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ ᠢ ᠪᠠᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠢᠯ  ᠤᠨ ᠥᠪᠡᠷ ᠢ ᠪᠠᠨ ᠦᠨᠡᠯᠡᠭᠰᠡᠨ ᠮᠠᠲ᠋ᠧᠷᠢᠶᠠᠯ ᠢ ᠬᠢᠨᠠᠨ ᠪᠠᠶᠢᠴᠠᠭᠠᠬᠤ ᠶᠢᠨ ᠬᠠᠮᠲᠤ           ᠳᠠᠩᠰᠠᠯᠠᠨ᠎ᠠ᠃ ᠬᠢᠨᠠᠨ ᠪᠠᠶᠢᠴᠠᠭᠠᠭᠰᠠᠨ ᠦᠷ᠎ᠡ ᠳ᠋ᠦᠩ ᠢ ᠲᠥᠷᠥᠯ ᠵᠦᠢᠯ ᠢ ᠪᠡᠶᠡᠯᠡᠭᠦᠯᠵᠦ ᠰᠢᠯᠭᠠᠨ ᠠᠪᠬᠤ ᠪᠠ ᠬᠠᠨᠳᠤᠰᠢ ᠶᠢ ᠳᠣᠭᠢᠷᠠᠭᠤᠯᠬᠤ ᠦᠨᠳᠦᠰᠦᠯᠡᠯ ᠪᠣᠯᠭᠠᠨ᠎ᠠ᠃      ︵ᠨᠢᠭᠡ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ ᠤᠨ ᠦᠷ᠎ᠡ ᠪᠦᠲᠦᠭᠡᠯ ᠤᠨ ᠬᠤᠷᠢᠶᠠᠩᠭᠤᠢ ᠬᠦᠰᠦᠨᠦᠭᠲᠦ︾ ︵ᠳᠠᠭᠠᠯᠳᠤᠭᠤᠯᠤᠯ 1᠂ ᠳᠣᠷᠣᠭᠰᠢ ︽ᠦᠷ᠎ᠡ ᠪᠦᠲᠦᠭᠡᠯ ᠤᠨ ᠬᠤᠷᠢᠶᠠᠩᠭᠤᠢ ᠬᠦᠰᠦᠨᠦᠭᠲᠦ︾ ᠭᠡᠵᠦ ᠳᠦᠭᠦᠮᠴᠢᠯᠡᠨ᠎ᠡ︶ ᠶᠢ ᠲᠠᠭᠯᠠᠨ᠎ᠠ᠂ ᠡᠯ᠎ᠡ ᠵᠦᠢᠯ ᠤᠨ ᠭᠦᠢᠴᠡᠳᠬᠡᠯ ᠲᠤᠭ᠎ᠠ ᠶᠢ 2023 ᠣᠨ ᠤ 12 ᠰᠠᠷ᠎ᠠ ᠶᠢᠨ 31 ᠤ ᠡᠳᠦᠷ ᠢᠶᠠᠷ ᠬᠢᠵᠠᠭᠠᠷᠯᠠᠨ᠎ᠠ᠃      ︵ᠬᠤᠶᠠᠷ︶ ᠵᠢᠯ ᠤᠨ ᠥᠪᠡᠷ ᠢ ᠪᠠᠨ ᠦᠨᠡᠯᠡᠬᠦ ᠮᠡᠳᠡᠭᠦᠯᠦᠯᠲᠡ ︵1200 ᠦᠰᠦᠭ ᠠᠴᠠ ᠬᠡᠲᠦᠷᠡᠭᠦᠯᠬᠦ ᠦᠭᠡᠢ︶ ᠶᠢ ᠪᠢᠴᠢᠨ᠎ᠡ᠂ ᠠᠭᠤᠯᠭ᠎ᠠ ᠳᠤ᠄       1. ᠥᠪᠡᠷ ᠢ ᠪᠠᠨ ᠦᠨᠡᠯᠡᠬᠦ ᠮᠡᠳᠡᠭᠦᠯᠦᠯᠲᠡ ᠨᠢ 2023 ᠣᠨ ᠳᠤ ᠲᠤᠰ ᠲᠥᠷᠥᠯ ᠵᠦᠢᠯ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠲᠤᠰᠢᠶᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ ᠤᠨ ᠡᠭᠦᠷᠭᠡ ᠶᠢᠨ ᠪᠢᠴᠢᠭ︾ ᠤᠨ ᠬᠤᠯᠪᠣᠭᠳᠠᠯ ᠪᠦᠬᠦᠢ ᠪᠠᠶᠢᠭᠤᠯᠤᠯᠲᠠ ᠶᠢᠨ ᠬᠠᠷᠠᠯᠲᠠ ᠶᠣᠰᠣᠭᠠᠷ᠂ ᠨᠢᠭᠡ ᠵᠢᠯ ᠤᠨ ᠲᠤᠷᠰᠢᠬᠢ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ᠂ ᠡᠭᠦᠷᠭᠡ ᠶᠢ ᠠᠬᠢᠭᠤᠯᠤᠭᠰᠠᠨ ᠠᠬᠢᠴᠠ ᠪᠠᠨ ᠳ᠋ᠦᠩᠨᠡᠵᠦ᠂ ᠲᠣᠪᠴᠢ ᠠᠪᠰᠠᠷᠬᠠᠨ ᠪᠠᠶᠢᠵᠤ᠂ ᠨᠡᠮᠡᠭᠳᠡᠯ ᠢ ᠢᠯᠡᠷᠡᠭᠦᠯᠵᠦ᠂ ᠰᠢᠭᠤᠳ ᠭᠤᠣᠯ ᠰᠡᠳᠦᠪ ᠢᠶᠠᠨ ᠢᠯᠡᠳᠭᠡᠨ᠎ᠡ᠃      2. ︽ᠦᠷ᠎ᠡ ᠪᠦᠲᠦᠭᠡᠯ ᠤᠨ ᠬᠤᠷᠢᠶᠠᠩᠭᠤᠢ ᠬᠦᠰᠦᠨᠦᠭᠲᠦ︾ ᠳᠤ ᠲᠤᠰᠬᠠᠵᠤ ᠳᠡᠶᠢᠯᠬᠦ ᠦᠭᠡᠢ ᠬᠤᠯᠪᠣᠭᠳᠠᠯ ᠪᠦᠬᠦᠢ ᠠᠭᠤᠯᠭ᠎ᠠ ᠶᠢ ᠥᠪᠡᠷ ᠢ ᠢᠶᠠᠨ ᠦᠨᠡᠯᠡᠬᠦ ᠮᠠᠲ᠋ᠧᠷᠢᠶᠠᠯ ᠳᠤ ᠵᠣᠬᠢᠰᠲᠠᠢ ᠲᠣᠳᠣᠷᠬᠠᠶᠢᠯᠠᠵᠤ ᠪᠣᠯᠤᠨ᠎ᠠ᠃      3. ︽ᠬᠢᠷᠢ ᠪᠦᠲᠦᠮᠵᠢ ᠶᠢᠨ ᠬᠠᠷᠠᠯᠲᠠᠲᠤ ᠬᠦᠰᠦᠨᠦᠭᠲᠦ︾ ᠶᠣᠰᠣᠭᠠᠷ᠂ 2023 ᠣᠨ ᠤ ᠣᠷᠣᠨ ᠨᠤᠲᠤᠭ ᠤᠨ ᠶᠡᠭᠡ ᠳᠡᠭᠡᠳᠦ ᠰᠤᠷᠭᠠᠭᠤᠯᠢ ᠶᠢᠨ ᠥᠭᠡᠷᠡᠴᠢᠯᠡᠯᠲᠡ ᠬᠥᠭᠵᠢᠭᠦᠯᠦᠯᠲᠡ ᠶᠢ ᠳᠡᠮᠵᠢᠬᠦ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ᠂ ᠶᠡᠭᠡ ᠳᠡᠭᠡᠳᠦ ᠰᠤᠷᠭᠠᠭᠤᠯᠢ ᠶᠢᠨ ᠪᠡᠯᠡ ᠮᠥᠩᠭᠦᠨ ᠤ ᠢᠵᠢ  ᠪᠦᠷᠢᠳᠦᠭᠦᠯᠦᠭᠰᠡᠨ ᠪᠠᠶᠢᠳᠠᠯ ᠵᠢᠴᠢ ᠬᠢᠷᠢ ᠪᠦᠲᠦᠮᠵᠢ ᠶᠢᠨ ᠬᠠᠷᠠᠯᠲᠠᠲᠤ ᠬᠦᠰᠦᠨᠦᠭᠲᠦ ᠶᠢᠨ ᠭᠦᠢᠴᠡᠳᠬᠡᠯ ᠲᠤᠭ᠎ᠠ ᠶᠢ ᠵᠦᠢᠯ ᠳᠠᠷᠠᠭᠠᠯᠠᠨ ᠬᠠᠷᠢᠭᠤ ᠪᠤᠴᠠᠭᠠᠨ᠎ᠠ᠃      ᠬᠤᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡᠨ ᠤ ᠰᠠᠯᠠᠭᠠᠨ ᠤ      ᠪᠠᠶᠢᠭᠤᠯᠤᠯᠲᠠ ᠶᠢᠨ ᠲᠥᠷᠥᠯ ᠵᠦᠢᠯ ᠤᠨ ᠡᠭᠦᠷᠭᠡ ᠶᠢᠨ ᠪᠢᠴᠢᠭ︾ ᠢ ᠳᠠᠬᠢᠨ ᠮᠡᠳᠡᠭᠦᠯᠦᠨ᠎ᠡ      ᠡᠨᠡ ᠤᠳᠠᠭᠠᠨ ᠤ ᠠᠵᠢᠯ ᠤᠨ ᠲᠥᠷᠥᠯ ᠵᠦᠢᠯ ᠢ ᠲᠣᠭᠲᠠᠭᠠᠬᠤ ᠦᠨᠳᠦᠰᠦᠯᠡᠯ ᠪᠣᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠤᠨ 2024 ᠣᠨ ᠤ ᠣᠷᠣᠨ ᠨᠤᠲᠤᠭ ᠤᠨ ᠶᠡᠭᠡ ᠳᠡᠭᠡᠳᠦ ᠰᠤᠷᠭᠠᠭᠤᠯᠢ ᠶᠢᠨ ᠥᠭᠡᠷᠡᠴᠢᠯᠡᠯᠲᠡ  ᠬᠥᠭᠵᠢᠭᠦᠯᠦᠯᠲᠡ ᠶᠢ ᠳᠡᠮᠵᠢᠬᠦ ᠪᠡᠯᠡ ᠮᠥᠩᠭᠦᠨ ᠤ ᠲᠥᠰᠦᠪ  ᠢ ᠤᠷᠢᠳᠴᠢᠯᠠᠨ ᠪᠠᠭᠤᠯᠭᠠᠬᠤ ᠲᠤᠬᠠᠢ ᠮᠡᠳᠡᠭᠳᠡᠯ︾ ︵ᠥᠪᠥᠷ ᠡᠳ᠋ ᠰᠤᠷᠭᠠᠨ ﹇2023﹈ 1788 ᠳ᠋ᠤᠭᠠᠷ ᠲᠣᠭᠠᠲᠤ︶ ᠪᠣᠯᠤᠨ᠎ᠠ᠃ 2024 ᠣᠨ ᠤ ᠲᠡᠷᠢᠭᠦᠨ ᠤ ᠬᠢ ᠪᠤᠶᠢᠵᠢᠭᠤᠯᠬᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ ᠪᠣᠯᠤᠨ ᠴᠢᠨᠠᠷ ᠴᠢᠨᠰᠠᠭ᠎ᠠ  ᠶᠢ ᠳᠡᠭᠡᠭᠰᠢᠯᠡᠭᠦᠯᠦᠨ ᠪᠤᠶᠢᠵᠢᠭᠤᠯᠬᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ ᠢ ᠳᠠᠬᠢᠨ ᠮᠡᠳᠡᠭᠦᠯᠬᠦ ᠳᠤ ᠰᠢᠨ᠎ᠡ ᠬᠡᠪᠯᠡᠯ ᠤᠨ ᠲᠥᠷᠥᠯ ᠵᠦᠢᠯ ᠤᠨ ᠡᠭᠦᠷᠭᠡ ᠶᠢᠨ ᠪᠢᠴᠢᠭ ᠢ ᠲᠠᠭᠯᠠᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ ᠤᠨ ᠬᠤᠯᠪᠣᠭᠳᠠᠯ ᠪᠦᠬᠦᠢ ᠮᠠᠲ᠋ᠧᠷᠢᠶᠠᠯ ᠢ ᠮᠡᠳᠡᠭᠦᠯᠦᠨ ᠬᠦᠷᠭᠡᠬᠦ ᠲᠤᠬᠠᠢ ᠮᠡᠳᠡᠭᠳᠡᠯ︾ ︵ᠥᠪᠥᠷ ᠵᠢᠭᠠᠬᠤ ᠶᠢ ᠰᠤᠳᠤᠯᠬᠤ ᠪᠢᠴᠢᠭ ﹇2023﹈ 57 ᠳ᠋ᠤᠭᠠᠷ ᠲᠣᠭᠠᠲᠤ︶ ᠳᠤ ᠬᠤᠯᠪᠤᠭᠳᠠᠭᠰᠠᠨ ︽ᠬᠢᠷᠢ ᠪᠦᠲᠦᠮᠵᠢ ᠶᠢᠨ ᠬᠠᠷᠠᠯᠲᠠᠲᠤ ᠬᠦᠰᠦᠨᠦᠭᠲᠦ︾ ᠳᠤ ᠵᠠᠰᠠᠪᠤᠷᠢ ᠣᠷᠣᠭᠤᠯᠤᠭᠰᠠᠨ ᠦᠭᠡᠢ᠂ ᠳᠠᠬᠢᠵᠤ ᠶᠠᠪᠤᠭᠤᠯᠬᠤ ᠦᠭᠡᠢ᠂ ᠰᠢᠨ᠎ᠡ ᠬᠡᠪᠯᠡᠯ ᠤᠨ ᠡᠭᠦᠷᠭᠡ ᠶᠢᠨ ᠪᠢᠴᠢᠭ ᠲᠠᠢ ᠨᠡᠶᠢᠯᠡᠭᠦᠯᠦᠨ ᠳᠡᠭᠡᠭᠰᠢ ᠮᠡᠳᠡᠭᠦᠯᠬᠦ ᠪᠣᠯᠪᠠᠤ᠃      ᠭᠤᠷᠪᠠ᠂ ᠮᠡᠳᠡᠭᠦᠯᠬᠦ ᠱᠠᠭᠠᠷᠳᠠᠯᠭ᠎ᠠ      ︵ᠨᠢᠭᠡ︶ 2023 ᠣᠨ ᠤ ᠥᠪᠡᠷ ᠢ ᠪᠠᠨ ᠦᠨᠡᠯᠡᠬᠦ ᠠᠵᠢᠯ᠂ ︽ᠥᠪᠡᠷ ᠢ ᠪᠠᠨ ᠦᠨᠡᠯᠡᠭᠰᠡᠨ           ᠮᠡᠳᠡᠭᠦᠯᠦᠯᠲᠡ︾ ᠪᠣᠯᠤᠨ ︽ᠦᠷ᠎ᠡ ᠪᠦᠲᠦᠭᠡᠯ ᠤᠨ ᠬᠤᠷᠢᠶᠠᠩᠭᠤᠢ ᠬᠦᠰᠦᠨᠦᠭᠲᠦ︾  ᠶᠢ ᠨᠡᠶᠢᠯᠡᠭᠦᠯᠦᠨ ᠳᠡᠪᠲᠡᠷᠯᠡᠵᠦ ᠳᠡᠭᠡᠭᠰᠢ ᠮᠡᠳᠡᠭᠦᠯᠦᠨ᠎ᠡ᠂ ᠴᠠᠭ ᠬᠤᠭᠤᠴᠠᠭ᠎ᠠ ᠶᠢ 2024 ᠣᠨ ᠤ 4 ᠰᠠᠷ᠎ᠠ ᠶᠢᠨ 18 ᠤ ᠡᠳᠦᠷ ᠢᠶᠠᠷ           ᠬᠢᠵᠠᠭᠠᠷᠯᠠᠨ᠎ᠠ᠃      ︵ᠬᠤᠶᠠᠷ︶ 2024 ᠣᠨ ᠤ ︽ᠡᠭᠦᠷᠭᠡ ᠶᠢᠨ ᠪᠢᠴᠢᠭ︾ ᠤᠨ ᠠᠵᠢᠯ ᠢ ᠳᠠᠬᠢᠨ ᠮᠡᠳᠡᠭᠦᠯᠵᠦ᠂ ︽ᠡᠭᠦᠷᠭᠡ ᠶᠢᠨ ᠪᠢᠴᠢᠭ︾ ᠪᠣᠯᠤᠨ ︽ᠬᠢᠷᠢ ᠪᠦᠲᠦᠮᠵᠢ ᠶᠢᠨ ᠬᠠᠷᠠᠯᠲᠠᠲᠤ ᠬᠦᠰᠦᠨᠦᠭᠲᠦ︾ ᠶᠢ ᠨᠡᠶᠢᠯᠡᠭᠦᠯᠦᠨ ᠳᠡᠪᠲᠡᠷᠯᠡᠵᠦ ᠳᠡᠭᠡᠭᠰᠢ ᠮᠡᠳᠡᠭᠦᠯᠦᠨ᠎ᠡ᠂ ᠴᠠᠭ ᠬᠤᠭᠤᠴᠠᠭ᠎ᠠ ᠶᠢ 2024 ᠣᠨ ᠤ 4 ᠰᠠᠷ᠎ᠠ ᠶᠢᠨ 11 ᠤ ᠡᠳᠦᠷ ᠢᠶᠠᠷ ᠬᠢᠵᠠᠭᠠᠷᠯᠠᠨ᠎ᠠ᠃      ᠳᠡᠭᠡᠷᠡᠬᠢ ᠮᠠᠲ᠋ᠧᠷᠢᠶᠠᠯ ᠤᠨ ᠳᠠᠷᠤᠮᠠᠯᠯᠠᠯ ︵ᠪᠠᠶᠢᠭᠤᠯᠭ᠎ᠠ ᠶᠢᠨ ᠠᠯᠪᠠᠨ ᠲᠠᠮᠠᠭ᠎ᠠ ᠶᠢ ᠳᠠᠷᠤᠨ᠎ᠠ︶ ᠤᠨ ᠨᠢᠭᠡ ᠬᠡᠯᠪᠡᠷᠢ ᠬᠤᠶᠠᠷ ᠬᠤᠪᠢ ᠶᠢ ᠮᠠᠨ ᠤ ᠲᠢᠩᠬᠢᠮ ᠳᠤ ᠬᠦᠷᠭᠡᠨ᠎ᠡ᠃ ᠡᠯᠧᠺᠲᠷᠣᠨ ᠬᠡᠪᠯᠡᠯ ︵ᠨᠢᠭᠡᠴᠢ ᠶᠢᠨ ᠠᠯᠪᠠᠨ ᠲᠠᠮᠠᠭ᠎ᠠ ᠳᠠᠷᠤᠭᠰᠠᠨ PDF ᠬᠡᠪᠯᠡᠯ᠂ Word ᠬᠡᠪᠯᠡᠯ ᠪᠤᠶᠤ excel ᠬᠡᠪᠯᠡᠯ︶ ᠢ ᠢᠮᠧᠯ᠄ nmg_xwb@163.com ᠲᠤ ᠬᠦᠷᠭᠡᠨ᠎ᠡ᠃      ᠬᠠᠷᠢᠯᠴᠠᠬᠤ ᠬᠥᠮᠦᠨ᠄ ᠰᠥᠩ ᠱᠤᠸᠠᠩ᠂ ᠬᠠᠷᠢᠯᠴᠠᠬᠤ ᠤᠲᠠᠰᠤ᠄ 0471-2856607          ᠳᠠᠭᠠᠯᠳᠤᠭᠤᠯᠤᠯ᠄       1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡᠨ ᠤ ᠰᠠᠯᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠦᠷ᠎ᠡ ᠪᠦᠲᠦᠭᠡᠯ ᠤᠨ ᠬᠤᠷᠢᠶᠠᠩᠭᠤᠢ ᠬᠦᠰᠦᠨᠦᠭᠲᠦ      2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡᠨ ᠤ ᠰᠠᠯᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠯ ᠤᠨ  ᠥᠪᠡᠷ ᠢ ᠪᠠᠨ ᠦᠨᠡᠯᠡᠭᠰᠡᠨ ᠮᠡᠳᠡᠭᠦᠯᠦᠯᠲᠡ ︵ᠬᠠᠪᠢᠰᠤ︶      3᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡᠨ ᠤ ᠰᠠᠯᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠭᠦᠷᠭᠡ ᠶᠢᠨ ᠪᠢᠴᠢᠭ           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ               2024 ᠣᠨ ᠤ 3 ᠰᠠᠷ᠎ᠠ ᠶᠢᠨ 25 ᠤ ᠡᠳᠦᠷ   ᠳᠠᠭᠠᠯᠳᠤᠭᠤᠯᠤᠯ 1᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡᠨ ᠤ ᠰᠠᠯᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠦᠷ᠎ᠡ ᠪᠦᠲᠦᠭᠡᠯ ᠤᠨ ᠬᠤᠷᠢᠶᠠᠩᠭᠤᠢ ᠬᠦᠰᠦᠨᠦᠭᠲᠦ.docxᠳᠠᠭᠠᠯᠳᠤᠭᠤᠯᠤᠯ 2᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡᠨ ᠤ ᠰᠠᠯᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠯ ᠤᠨ ᠥᠪᠡᠷ ᠢ ᠪᠠᠨ ᠦᠨᠡᠯᠡᠭᠰᠡᠨ ᠮᠡᠳᠡᠭᠦᠯᠦᠯᠲᠡ ︵ᠬᠠᠪᠢᠰᠤ︶.docxᠳᠠᠭᠠᠯᠳᠤᠭᠤᠯᠤᠯ 3᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡᠨ ᠤ ᠰᠠᠯᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠭᠦᠷᠭᠡ ᠶᠢᠨ ᠪᠢᠴᠢᠭ.docx 
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map