ᠠᠯᠠᠱᠠ ᠠᠶᠢᠮᠠᠭ ᠤᠯᠤᠰ ᠤᠨ ᠨᠡᠶᠢᠲᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠪᠠ
ᠨᠡᠶᠢᠲᠡᠯᠡᠭᠰᠡᠨ ᠴᠠᠭ᠄
2024/3/29
     ᠣᠶᠢᠷ᠎ᠠ ᠶᠢᠨ ᠵᠢᠯ᠂ ᠠᠯᠠᠱᠠ ᠠᠶᠢᠮᠠᠭ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠵᠢᠴᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠤᠨ ᠬᠠᠷᠠᠯᠲᠠ ᠪᠠ ᠡᠭᠦᠷᠭᠡ ᠶᠢ ᠴᠢᠩᠭᠠᠳᠬᠠᠬᠤ ᠶᠢ ᠴᠢᠩᠭ᠎ᠠ ᠠᠩᠬᠠᠷᠴᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠵᠢᠷᠤᠮᠵᠢᠭᠤᠯᠤᠨ ᠪᠠᠷᠢᠮᠵᠢᠶ᠎ᠠ ᠳᠤ ᠬᠦᠷᠭᠡᠬᠦ ᠰᠤᠷᠭᠠᠭᠤᠯᠢ ᠶᠢ ᠡᠭᠦᠳᠦᠨ ᠪᠠᠶᠢᠭᠤᠯᠬᠤ ᠶᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠥᠷᠨᠢᠭᠦᠯᠦᠨ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠵᠢᠴᠢ ᠵᠢᠭᠠᠬᠤ ᠶᠢ ᠰᠤᠳᠤᠯᠬᠤ ᠠᠵᠢᠯᠯᠠᠭ᠎ᠠ ᠶᠢ ᠴᠢᠩᠭᠠᠳᠬᠠᠵᠤ᠂ ᠪᠠᠭᠰᠢ ᠨᠠᠷ ᠠᠵᠢᠯ ᠤᠨ ᠪᠠᠶᠢᠷᠢ ᠡᠭᠡᠯᠵᠢᠯᠡᠨ ᠰᠣᠯᠢᠯᠴᠠᠬᠤ᠂ ᠪᠠᠭᠰᠢ ᠶᠢ ᠪᠣᠯᠪᠠᠰᠤᠷᠠᠭᠤᠯᠬᠤ᠂ ᠬᠤᠷᠰᠢᠶᠠᠯᠠᠵᠤ ᠬᠠᠮᠲᠤ ᠳᠤ ᠪᠠᠨ ᠪᠠᠶᠢᠭᠤᠯᠬᠤ᠂ ᠵᠢᠭᠠᠨ ᠰᠤᠷᠭᠠᠯᠲᠠ ᠶᠢ ᠵᠢᠯᠣᠭᠤᠳᠬᠤ ᠵᠡᠷᠭᠡ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠪᠡ᠃

1.webp.jpg

      2021 ᠣᠨ ᠳᠤ ᠠᠯᠠᠱᠠ ᠠᠶᠢᠮᠠᠭ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ

ᠵᠢᠷᠤᠮᠵᠢᠭᠤᠯᠤᠨ ᠪᠠᠷᠢᠮᠵᠢᠶ᠎ᠠ ᠳᠤ ᠬᠦᠷᠭᠡᠬᠦ ᠰᠤᠷᠭᠠᠭᠤᠯᠢ ᠶᠢ ᠡᠭᠦᠳᠦᠨ ᠪᠠᠶᠢᠭᠤᠯᠤᠭᠰᠠᠨ ᠠᠴᠠ ᠨᠠᠭᠠᠰᠢ᠂ ᠪᠦᠬᠦ

ᠠᠶᠢᠮᠠᠭ ᠤᠨ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ

ᠦᠰᠦᠭ ᠪᠢᠴᠢᠭ ᠤᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠬᠠᠤᠯᠢ ᠴᠠᠭᠠᠵᠠ ᠬᠠᠤᠯᠢ ᠳᠦᠷᠢᠮ ᠢ

ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠭᠡ ᠬᠡᠯᠡ ᠦᠰᠦᠭ ᠪᠢᠴᠢᠭ ᠢ ᠵᠢᠷᠤᠮᠵᠢᠭᠤᠯᠵᠤ

ᠪᠠᠶᠢᠭᠤᠯᠤᠯᠲᠠ  ᠶᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ          

ᠦᠭᠡ ᠬᠡᠯᠡ ᠦᠰᠦᠭ ᠪᠢᠴᠢᠭ ᠤᠨ ᠠᠵᠢᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠢ ᠦᠷᠭᠦᠯᠵᠢᠯᠡᠨ

ᠳᠡᠭᠡᠭᠰᠢᠯᠡᠭᠦᠯᠪᠡ᠃ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ  ᠶᠢ ᠴᠢᠩᠭᠠᠳᠬᠠᠬᠤ ᠶᠢᠨ ᠲᠥᠯᠥᠭᠡ᠂ ᠠᠯᠠᠱᠠ

ᠠᠶᠢᠮᠠᠭ ᠨᠡᠶᠢᠲᠡᠯᠢᠭ ᠬᠡᠯᠡ ᠶᠢ ᠳᠡᠯᠭᠡᠷᠡᠭᠦᠯᠬᠦ᠂ ᠵᠢᠷᠤᠮᠵᠢᠭᠰᠠᠨ ᠬᠢᠲᠠᠳ ᠦᠰᠦᠭ ᠤᠨ ᠰᠤᠷᠭᠠᠨ ᠬᠥᠮᠦᠵᠢᠯ ᠢ ᠡᠯ᠎ᠡ

ᠰᠤᠷᠭᠠᠭᠤᠯᠢ ᠶᠢᠨ ᠬᠥᠮᠦᠵᠢᠭᠦᠯᠬᠦ ᠬᠠᠷᠠᠯᠲᠠ ᠪᠠ ᠵᠢᠭᠠᠨ ᠰᠤᠷᠭᠠᠯᠲᠠ ᠶᠢᠨ ᠡᠩ ᠤᠨ ᠬᠠᠮᠢᠶᠠᠷᠤᠯᠲᠠ ᠳᠤ 

ᠣᠷᠣᠭᠤᠯᠬᠤ ᠶᠢ ᠠᠬᠢᠭᠤᠯᠤᠨ᠂ ᠶᠣᠰᠣ ᠮᠣᠷᠠᠯ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ

ᠵᠡᠷᠭᠡ ᠡᠯ᠎ᠡ ᠵᠦᠢᠯ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯᠯᠠᠭ᠎ᠠ ᠳᠤ ᠠᠭᠤᠰᠬᠠᠪᠠ︔ ᠡᠯ᠎ᠡ

ᠰᠤᠷᠭᠠᠭᠤᠯᠢ ᠶᠢ ᠵᠢᠯᠣᠭᠤᠳᠤᠨ ᠬᠡᠯᠡ ᠪᠢᠴᠢᠭ ᠤᠨ ᠡᠷᠲᠡ ᠶᠢᠨ ᠣᠩᠰᠢᠯᠭ᠎ᠠ᠂ ᠣᠷᠣᠢ ᠶᠢᠨ ᠣᠩᠰᠢᠯᠭ᠎ᠠ᠂ ᠬᠢᠴᠢᠶᠡᠯ

ᠳᠡᠭᠡᠷᠡᠬᠢ ᠤᠷᠠᠨ ᠤᠩᠰᠢᠯᠭ᠎ᠠ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠤᠭᠴᠢᠳ ᠤᠨ

ᠰᠣᠨᠣᠰᠬᠤ᠂ ᠬᠡᠯᠡᠬᠦ᠂ ᠤᠩᠰᠢᠬᠤ᠂ ᠪᠢᠴᠢᠬᠦ ᠴᠢᠳᠠᠪᠤᠷᠢ ᠶᠢ ᠳᠡᠭᠡᠭᠰᠢᠯᠡᠭᠦᠯᠪᠡ᠃ ᠡᠭᠦᠨ ᠤ ᠬᠠᠮᠲᠤ᠂ ᠦᠨᠳᠦᠰᠦᠲᠡᠨ  ᠤ

ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ᠂ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠭᠠᠷᠠᠭ ᠵᠡᠷᠭᠡ

ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠡᠯ᠎ᠡ ᠰᠤᠷᠭᠠᠭᠤᠯᠢ ᠶᠢ ᠵᠣᠬᠢᠶᠠᠨ ᠪᠠᠶᠢᠭᠤᠯᠤᠨ ᠳᠤᠮᠳᠠᠳᠤ ᠶᠢᠨ

ᠰᠣᠩᠭᠤᠳᠠᠭ ᠪᠦᠲᠦᠭᠡᠯ ᠢ ᠤᠶᠠᠩᠭᠠᠯᠠᠨ ᠤᠩᠰᠢᠬᠤ ᠤᠷᠤᠯᠳᠤᠭᠠᠨ᠂ ᠬᠢᠲᠠᠳ ᠦᠰᠦᠭ ᠢ ᠪᠢᠴᠢᠬᠦ ᠠᠵᠢᠯᠯᠠᠭ᠎ᠠ

ᠵᠡᠷᠭᠡ ᠶᠢ ᠥᠷᠨᠢᠭᠦᠯᠵᠦ᠂ ᠨᠡᠶᠢᠲᠡᠯᠢᠭ ᠬᠡᠯᠡ ᠶᠢ ᠶᠠᠷᠢᠬᠤ᠂ ᠵᠢᠷᠤᠮᠵᠢᠭᠰᠠᠨ ᠦᠰᠦᠭ ᠢ ᠪᠢᠴᠢᠬᠦ ᠰᠠᠶᠢᠨ ᠰᠠᠶᠢᠬᠠᠨ

ᠠᠭᠤᠷ ᠠᠮᠢᠰᠬᠤᠯ ᠢ ᠶᠡᠭᠡ ᠪᠠᠷ ᠪᠣᠢ ᠪᠣᠯᠭᠠᠪᠠ᠃

      ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠵᠢᠷᠤᠮᠵᠢᠭᠤᠯᠤᠨ ᠪᠠᠷᠢᠮᠵᠢᠶ᠎ᠠ ᠳᠤ ᠬᠦᠷᠭᠡᠬᠦ

ᠰᠤᠷᠭᠠᠭᠤᠯᠢ ᠶᠢ ᠡᠭᠦᠳᠦᠨ ᠪᠠᠶᠢᠭᠤᠯᠬᠤ ᠪᠠᠷ ᠭᠤᠣᠯᠳᠠᠯᠭ᠎ᠠ ᠪᠣᠯᠭᠠᠵᠤ᠂ ᠪᠦᠬᠦ ᠠᠶᠢᠮᠠᠭ ᠤᠨ ᠡᠯ᠎ᠡ ᠰᠤᠷᠭᠠᠭᠤᠯᠢ ᠶᠢ

ᠵᠣᠬᠢᠶᠠᠨ ᠪᠠᠶᠢᠭᠤᠯᠤᠨ ᠦᠭᠡ ᠬᠡᠯᠡ ᠦᠰᠦᠭ ᠪᠢᠴᠢᠭ  ᠤᠨ ᠠᠵᠢᠯ ᠤᠨ ᠪᠠᠶᠢᠳᠠᠯ ᠢ ᠪᠦᠬᠦ ᠲᠠᠯ᠎ᠠ ᠪᠠᠷ ᠳ᠋ᠦᠩᠨᠡᠵᠦ᠂

ᠳᠡᠭᠡᠳᠦ ᠳᠣᠣᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠬᠠᠷᠢᠶ᠎ᠠ ᠭᠠᠵᠠᠷ ᠢᠶᠠᠷ ᠭᠤᠣᠯ ᠪᠣᠯᠭᠠᠬᠤ ᠠᠷᠭ᠎ᠠ ᠮᠠᠶ᠋ᠢᠭ ᠢ

ᠠᠪᠴᠤ ᠦᠨᠡᠯᠡᠨ ᠵᠢᠱᠢᠵᠦ ᠮᠠᠭᠠᠳᠯᠠᠨ ᠳᠣᠭᠲᠠᠭᠠᠬᠤ ᠶᠢ ᠥᠷᠨᠢᠭᠦᠯᠪᠡ᠃ ᠡᠯ᠎ᠡ ᠰᠤᠷᠭᠠᠭᠤᠯᠢ ᠬᠠᠮᠢᠶ᠎ᠠ ᠪᠦᠬᠦᠢ

ᠵᠢᠯᠣᠭᠤᠳᠬᠤ ᠪᠠᠷᠢᠮᠵᠢᠶ᠎ᠠ ᠶᠣᠰᠣᠭᠠᠷ ᠪᠠᠷᠢᠮᠵᠢᠶᠠᠯᠠᠨ ᠬᠠᠷᠢᠴᠠᠭᠤᠯᠵᠤ᠂ ᠡᠭᠦᠳᠦᠨ ᠪᠠᠶᠢᠭᠤᠯᠬᠤ ᠱᠠᠭᠠᠷᠳᠠᠯᠭ᠎ᠠ ᠶᠢ

ᠵᠦᠢᠯ ᠳᠠᠷᠠᠭᠠᠯᠠᠨ ᠨᠠᠶᠢᠳᠠᠪᠤᠷᠢᠵᠢᠭᠤᠯᠪᠠ᠃ ᠬᠤᠰᠢᠭᠤᠨ ︵ᠲᠣᠭᠤᠷᠢᠭ︶ ᠤ ᠪᠠᠷᠢᠮᠵᠢᠶ᠎ᠠ ᠳᠤ ᠬᠦᠷᠦᠭᠦᠯᠬᠦ ᠶᠢ ᠦᠨᠡᠯᠡᠨ

ᠵᠢᠱᠢᠬᠦ ᠵᠦᠪᠯᠡᠯ ᠲᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠳᠠᠩᠰᠠ

ᠡᠪᠬᠡᠮᠡᠯ ᠪᠠᠶᠢᠴᠠᠭᠠᠨ ᠦᠵᠡᠬᠦ᠂ ᠰᠣᠯᠢᠯᠴᠠᠨ ᠶᠠᠷᠢᠯᠴᠠᠬᠤ᠂ ᠪᠠᠭᠰᠢ ᠰᠤᠷᠤᠭᠴᠢᠳ ᠢ ᠬᠢᠨᠠᠨ ᠪᠠᠶᠢᠴᠠᠭᠠᠬᠤ ᠵᠡᠷᠭᠡ ᠠᠷᠭ᠎ᠠ

ᠮᠠᠶ᠋ᠢᠭ ᠢᠶᠠᠷ ᠦᠨᠡᠯᠡᠨ ᠵᠢᠱᠢᠵᠦ ᠰᠢᠯᠭᠠᠨ ᠠᠪᠬᠤ ᠠᠵᠢᠯ ᠢ ᠥᠷᠨᠢᠭᠦᠯᠵᠦ᠂ ᠠᠶᠢᠮᠠᠭ ᠤᠨ ᠱᠠᠲᠤᠨ ᠤ ᠪᠠᠷᠢᠮᠵᠢᠶ᠎ᠠ ᠳᠤ

ᠬᠦᠷᠦᠭᠦᠯᠬᠦ ᠶᠢ ᠦᠨᠡᠯᠡᠨ ᠵᠢᠱᠢᠬᠦ ᠵᠦᠪᠯᠡᠯ ᠳᠤ ᠮᠡᠳᠡᠭᠦᠯᠦᠨ ᠬᠢᠨᠠᠨ ᠪᠠᠶᠢᠴᠠᠭᠠᠯᠭᠠᠵᠤ᠂ ᠳᠠᠬᠢᠨ ᠬᠢᠨᠠᠬᠤ ᠪᠠᠷ ᠳᠠᠮᠵᠢᠨ

ᠢᠯᠡ ᠨᠡᠶᠢᠲᠡᠯᠡᠭᠡᠳ ᠰᠠᠨᠠᠯ ᠦᠭᠡᠢ ᠶᠢ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ

ᠵᠢᠷᠤᠮᠵᠢᠭᠤᠯᠤᠨ ᠪᠠᠷᠢᠮᠵᠢᠶ᠎ᠠ ᠳᠤ ᠬᠦᠷᠭᠡᠭᠰᠡᠨ ᠰᠤᠷᠭᠠᠭᠤᠯᠢ︾ ᠪᠠᠷ ᠴᠤᠯᠠᠯᠠᠪᠠ᠃ ᠣᠳᠣᠬᠠᠨ ᠳᠤ᠂ ᠠᠯᠠᠱᠠ ᠠᠶᠢᠮᠠᠭ

ᠨᠢᠭᠡᠨᠲᠡ ᠡᠯ᠎ᠡ ᠱᠠᠲᠤᠨ  ᠤ ᠡᠯ᠎ᠡ ᠲᠥᠷᠥᠯ ᠤᠨ ᠰᠤᠷᠭᠠᠭᠤᠯᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ

ᠦᠰᠦᠭ ᠪᠢᠴᠢᠭ ᠢ ᠵᠢᠷᠤᠮᠵᠢᠭᠤᠯᠤᠨ ᠪᠠᠷᠢᠮᠵᠢᠶ᠎ᠠ ᠳᠤ ᠬᠦᠷᠭᠡᠬᠦ ᠶᠢ ᠡᠭᠦᠳᠦᠨ ᠪᠠᠶᠢᠭᠤᠯᠬᠤ ᠠᠵᠢᠯ ᠢ ᠨᠡᠶᠢᠳᠡᠮ

ᠬᠡᠷᠡᠭᠵᠢᠭᠦᠯᠵᠦ᠂ ᠡᠭᠦᠳᠦᠨ ᠪᠠᠶᠢᠭᠤᠯᠤᠭᠰᠠᠨ ᠨᠣᠷᠮ᠎ᠠ 100 % ᠳᠤ ᠬᠦᠷᠪᠡ᠃

       

2.webp.jpg

      ᠪᠠᠭᠰᠢ ᠬᠠᠪᠰᠤᠷᠤᠨ ᠤᠯᠤᠰ ᠤᠨ ᠨᠡᠶᠢᠲᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠦᠨᠳᠦᠰᠦᠨ

ᠴᠢᠳᠠᠪᠤᠷᠢ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠨᠢᠳᠤᠨᠤᠨ ᠠᠴᠠ ᠨᠠᠭᠠᠰᠢ᠂ ᠠᠯᠠᠱᠠ

ᠠᠶᠢᠮᠠᠭ ᠤᠨ ᠦᠭᠡ ᠬᠡᠯᠡ ᠦᠰᠦᠭ ᠪᠢᠴᠢᠭ ᠤᠨ ᠬᠡᠷᠡᠭᠯᠡᠯᠲᠡ ᠶᠢ ᠳᠡᠯᠭᠡᠷᠡᠭᠦᠯᠬᠦ ᠲᠥᠪ ᠠᠴᠠ ᠡᠯ᠎ᠡ ᠱᠠᠲᠤᠨ ᠤ ᠡᠯ᠎ᠡ

ᠲᠥᠷᠥᠯ ᠤᠨ ᠰᠤᠷᠭᠠᠭᠤᠯᠢ ᠶᠢᠨ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ

ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠠᠶᠢᠭᠤᠯᠤᠯᠲᠠ ᠶᠢ ᠴᠢᠩᠭ᠎ᠠ ᠠᠳᠬᠤᠵᠤ᠂ ᠪᠠᠭᠰᠢ ᠶᠢᠨ ᠨᠡᠶᠢᠲᠡᠯᠢᠭ

ᠬᠡᠯᠡᠨ ᠤ ᠬᠢᠷᠢ ᠲᠦᠪᠰᠢᠨ ᠤ ᠦᠨᠡᠮᠯᠡᠯ ᠤᠨ ᠪᠠᠶᠢᠳᠠᠯ ᠢ ᠪᠦᠬᠦ ᠲᠠᠯ᠎ᠠ  ᠪᠠᠷ ᠪᠠᠶᠢᠴᠠᠭᠠᠨ ᠰᠣᠳᠤᠯᠵᠤ᠂ ᠨᠠᠷᠢᠨ

ᠪᠠᠶᠢᠳᠠᠯ ᠢ ᠲᠣᠳᠣᠷᠬᠠᠢ ᠣᠶᠢᠯᠠᠭᠠᠵᠤ᠂ ᠪᠠᠭᠰᠢ ᠶᠢᠨ ᠨᠡᠶᠢᠲᠡᠯᠢᠭ ᠬᠡᠯᠡᠨ ᠤ ᠬᠢᠷᠢ ᠲᠦᠪᠰᠢᠨ  ᠤ ᠪᠣᠯᠪᠠᠰᠤᠷᠠᠯ ᠤᠨ

ᠰᠢᠯᠭᠠᠯᠲᠠ ᠶᠢᠨ ᠥᠷᠲᠡᠭᠡ ᠳᠤ ᠲᠦᠰᠢᠭᠯᠡᠨ᠂ ᠪᠦᠬᠦ ᠠᠶᠢᠮᠠᠭ ᠤᠨ ᠨᠡᠶᠢᠲᠡᠯᠢᠭ ᠬᠡᠯᠡᠨ ᠤ ᠦᠨᠡᠮᠯᠡᠯ ᠨᠢ ᠪᠠᠷᠢᠮᠵᠢᠶ᠎ᠡ ᠳᠤ

ᠬᠦᠷᠦᠭᠰᠡᠨ ᠦᠭᠡᠢ ᠪᠠᠭᠰᠢ ᠳᠤ ᠨᠡᠶᠢᠲᠡᠯᠢᠭ ᠬᠡᠯᠡᠨ ᠤ ᠬᠢᠷᠢ ᠲᠦᠪᠰᠢᠨ ᠤ ᠪᠣᠯᠪᠠᠰᠤᠷᠠᠯ ᠪᠠ ᠰᠢᠯᠭᠠᠯᠲᠠ ᠶᠢ

ᠳᠥᠷᠪᠡᠨ ᠬᠤᠭᠤᠴᠠᠭ᠎ᠠ ᠥᠷᠨᠢᠭᠦᠯᠵᠦ᠂ 287 ᠪᠠᠭᠰᠢ ᠣᠷᠣᠯᠴᠠᠵᠤ᠂ ᠨᠡᠶᠢᠲᠡᠯᠢᠭ ᠬᠡᠯᠡᠨ ᠤ ᠦᠨᠡᠮᠯᠡᠯ ᠨᠢ

ᠪᠠᠷᠢᠮᠵᠢᠶ᠎ᠠ ᠳᠤ ᠦᠯᠦ ᠬᠦᠷᠬᠦ ᠪᠠᠭᠰᠢ ᠶᠢᠨ ᠨᠡᠶᠢᠲᠡᠯᠢᠭ ᠬᠡᠯᠡᠨ ᠤ ᠪᠣᠯᠪᠠᠰᠤᠷᠠᠯ ᠤᠨ ᠰᠢᠯᠭᠠᠯᠲᠠ ᠪᠦᠬᠦᠨ ᠢ

ᠬᠠᠮᠤᠷᠬᠤ ᠶᠢ ᠦᠨᠳᠦᠰᠦᠨ ᠳᠤ ᠪᠠᠨ ᠪᠡᠶᠡᠯᠡᠭᠦᠯᠵᠦ᠂ ᠪᠠᠭᠰᠢ ᠶᠢᠨ ᠨᠡᠶᠢᠲᠡᠯᠢᠭ ᠬᠡᠯᠡᠨ ᠤ ᠬᠢᠷᠢ ᠲᠦᠪᠰᠢᠨ ᠢ ᠪᠦᠬᠦᠯᠢ

ᠴᠣᠭᠴᠠ ᠪᠠᠷ ᠳᠡᠭᠡᠭᠰᠢᠯᠡᠭᠦᠯᠬᠦ ᠶᠢ ᠬᠦᠴᠦᠲᠡᠢ ᠠᠬᠢᠭᠤᠯᠪᠠ᠃ ᠨᠢᠳᠤᠨᠤᠨ ᠤ ᠵᠢᠯ ᠤᠨ ᠡᠴᠦᠰ ᠪᠣᠯᠲᠠᠯ᠎ᠠ᠂ ᠠᠯᠠᠱᠠ

ᠠᠶᠢᠮᠠᠭ ᠤᠨ ᠪᠠᠭᠰᠢ ᠶᠢᠨ ᠨᠡᠶᠢᠲᠡᠯᠢᠭ ᠬᠡᠯᠡᠨ ᠤ ᠬᠤᠶᠠᠳᠤᠭᠠᠷ ᠳᠡᠰ  ᠤᠨ ᠬᠥᠬᠡᠭᠴᠢᠨ ᠲᠡᠰ ᠤᠨ ᠦᠨᠡᠮᠯᠡᠯ

ᠬᠦᠷᠲᠡᠭᠰᠡᠨ ᠨᠣᠷᠮ᠎ᠠ 94.6% ᠳᠤ ᠬᠦᠷᠴᠡᠢ᠂ ᠡᠭᠦᠨ ᠳᠤ ᠲᠤᠰᠬᠠᠢ ᠪᠠᠭᠰᠢ ᠶᠢᠨ ᠨᠡᠶᠢᠲᠡᠯᠢᠭ ᠬᠡᠯᠡᠨ ᠤ

ᠬᠤᠶᠠᠳᠤᠭᠠᠷ ᠳᠡᠰ ᠤᠨ ᠬᠥᠬᠡᠭᠴᠢᠨ ᠲᠡᠰ ᠤᠨ ᠦᠨᠡᠮᠯᠡᠯ ᠬᠦᠷᠲᠡᠭᠰᠡᠨ ᠨᠣᠷᠮ᠎ᠠ 98.9% ᠳᠤ ᠬᠦᠷᠴᠡᠢ᠃

      ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ

ᠬᠡᠯᠡ ᠦᠰᠦᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢ ᠦᠷᠭᠦᠯᠵᠢᠯᠡᠨ ᠴᠢᠩᠭᠠᠳᠬᠠᠬᠤ ᠪᠠᠷ

ᠭᠤᠣᠯᠳᠠᠯᠭ᠎ᠠ ᠪᠣᠯᠭᠠᠵᠤ᠂ ᠣᠯᠠᠨ ᠳᠡᠰ ᠳᠠᠪᠬᠤᠷᠭ᠎ᠠ ᠶᠢᠨ ᠦᠭᠡ ᠬᠡᠯᠡ ᠦᠰᠦᠭ ᠪᠢᠴᠢᠭ ᠤᠨ ᠪᠣᠯᠪᠠᠰᠤᠷᠠᠯ ᠢ

ᠯᠠᠪᠳᠠᠭᠤᠨ ᠪᠠᠲᠤᠲᠠᠢ ᠥᠷᠨᠢᠭᠦᠯᠪᠡ᠃ ᠨᠢᠳᠤᠨᠤᠨ ᠠᠴᠠ ᠨᠠᠭᠠᠰᠢ᠂ ᠪᠦᠬᠦ ᠠᠶᠢᠮᠠᠭ ᠤᠯᠤᠰ ᠤᠨ ᠨᠡᠶᠢᠳᠡᠮ ᠬᠡᠷᠡᠭᠯᠡᠬᠦ

ᠦᠭᠡ ᠬᠡᠯᠡ ᠦᠰᠦᠭ ᠪᠢᠴᠢᠭ ᠢ ᠵᠢᠷᠤᠮᠵᠢᠭᠤᠯᠤᠨ ᠪᠠᠷᠢᠮᠵᠢᠶ᠎ᠠ ᠳᠤ ᠬᠦᠷᠭᠡᠬᠦ ᠰᠤᠷᠭᠠᠭᠤᠯᠢ ᠪᠣᠯᠤᠨ ᠤᠯᠤᠰ ᠤᠨ

ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ

ᠵᠦᠢᠯ ᠤᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠠᠴᠠ ᠭᠠᠷᠳᠠᠵᠤ᠂ ᠰᠤᠷᠭᠠᠭᠤᠯᠢ ᠶᠢᠨ ᠳᠡᠰ᠂

ᠬᠤᠰᠢᠭᠤᠨ ᠤ ᠳᠡᠰ᠂ ᠠᠶᠢᠮᠠᠭ ᠤᠨ ᠳᠡᠰ ᠤᠨ ᠦᠭᠡ ᠬᠡᠯᠡ ᠦᠰᠦᠭ ᠪᠢᠴᠢᠭ ᠤᠨ ᠪᠣᠯᠪᠠᠰᠤᠷᠠᠯ ᠤᠨ

ᠳᠣᠭᠲᠠᠯᠴᠠᠭ᠎ᠠ ᠶᠢ ᠪᠠᠶᠢᠭᠤᠯᠵᠤ᠂ ︽ᠤᠷᠢᠵᠤ ᠠᠪᠴᠢᠷᠠᠬᠤ︾᠂ ︽ᠭᠠᠳᠠᠭᠰᠢ ᠭᠠᠷᠭᠠᠬᠤ︾ ᠵᠡᠷᠭᠡ ᠠᠷᠭ᠎ᠠ

ᠮᠠᠶ᠋ᠢᠭ ᠢᠶᠠᠷ ᠳᠠᠮᠵᠢᠭᠤᠯᠤᠨ᠂ ᠡᠯ᠎ᠡ ᠱᠠᠲᠤᠨ ᠤ ᠦᠭᠡ ᠬᠡᠯᠡ ᠦᠰᠦᠭ ᠪᠢᠴᠢᠭ ᠢ ᠵᠢᠷᠤᠮᠵᠢᠭᠤᠯᠤᠨ ᠪᠠᠷᠢᠮᠵᠢᠶᠠᠨ ᠳᠤ

ᠬᠦᠷᠭᠡᠬᠦ ᠪᠣᠯᠪᠠᠰᠤᠷᠠᠯ ᠢ ᠵᠣᠬᠢᠶᠠᠨ ᠪᠠᠶᠢᠭᠤᠯᠵᠤ᠂ ᠪᠠᠭᠰᠢ ᠶᠢ ᠰᠣᠩᠭᠤᠨ ᠲᠣᠮᠢᠯᠠᠵᠤ ᠥᠪᠡᠷᠲᠡᠭᠡᠨ ᠵᠠᠰᠠᠬᠤ ᠣᠷᠣᠨ

ᠪᠠ ᠤᠯᠤᠰ ᠤᠨ ᠳᠡᠰ ᠤᠨ ᠦᠭᠡ ᠬᠡᠯᠡ ᠦᠰᠦᠭ ᠪᠢᠴᠢᠭ ᠤᠨ ᠠᠵᠢᠯ ᠤᠨ ᠪᠣᠯᠪᠠᠰᠤᠷᠠᠯ ᠳᠤ 2000 ᠭᠠᠷᠤᠢ

ᠬᠥᠮᠦᠨ ᠤᠳᠠᠭ᠎ᠠ ᠣᠷᠣᠯᠴᠠᠭᠤᠯᠵᠤ᠂ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ

ᠪᠢᠴᠢᠭ ᠤᠨ ᠬᠡᠷᠡᠭᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠠᠷᠭ᠎ᠠ ᠵᠠᠮ ᠢ ᠥᠷᠭᠡᠳᠬᠡᠵᠦ᠂ ᠤᠯᠤᠰ ᠤᠨ ᠨᠡᠶᠢᠳᠡᠮ

ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ

ᠬᠦᠴᠦᠲᠡᠢ ᠳᠡᠭᠡᠭᠰᠢᠯᠡᠭᠦᠯᠪᠡ᠃

 

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map