ᠪᠦᠬᠦ ᠣᠷᠣᠨ ᠤ ᠠᠯᠪᠠᠨ ᠠᠴᠠ ᠡᠷᠬᠢᠯᠡᠭᠰᠡᠨ ᠶᠡᠭᠡ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠤᠯᠤᠰ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠳᠤ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2024/3/29
      3 ᠳ᠋ᠤᠭᠠᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ ᠬᠠᠮᠲᠤᠷᠠᠨ ᠡᠷᠬᠢᠯᠡᠭᠰᠡᠨ ᠪᠦᠬᠦ ᠣᠷᠣᠨ  ᠤ ᠠᠯᠪᠠᠨ ᠠᠴᠠ ᠡᠷᠬᠢᠯᠡᠭᠰᠡᠨ ᠶᠡᠭᠡ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠤᠯᠤᠰ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠳᠤ ᠬᠢᠴᠢᠶᠡᠯ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠳᠡᠳ᠋ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ ᠬᠢᠴᠢᠶᠡᠯ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷ ᠤᠨ ᠳᠥᠷᠪᠡᠳᠦᠭᠡᠷ ᠭᠠᠵᠠᠷ ᠤᠨ ᠳᠡᠳ᠋ ᠳᠠᠷᠤᠭ᠎ᠠ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠱᠢ ᠼᠦᠢ ᠯᠢ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃   

1.webp.jpg

      ᠡᠨᠡ ᠤᠳᠠᠭᠠᠨ ᠤ ᠪᠣᠯᠪᠠᠰᠤᠷᠠᠯ ᠤᠨ ᠠᠩᠭᠢ ᠪᠣᠯ ᠰᠤᠷᠭᠠᠨ ᠬᠥᠮᠦᠵᠢᠯ ᠤᠨ ᠰᠢᠰᠲ᠋ᠧᠮ ᠤᠨ ᠰᠢᠷᠢᠰ ᠺᠠᠳ᠋ᠷ ᠢ

ᠬᠥᠮᠥᠵᠢᠭᠦᠯᠬᠦ ᠪᠣᠯᠪᠠᠰᠤᠷᠠᠯ ᠤᠨ ᠠᠩᠭᠢ ᠶᠢᠨ ᠨᠢᠭᠡ ᠪᠣᠯᠤᠨ᠎ᠠ᠂ ᠵᠣᠷᠢᠯᠭ᠎ᠠ ᠨᠢ ᠨᠠᠮ ᠤᠨ ᠬᠤᠷᠢᠳᠤᠭᠠᠷ ᠶᠡᠭᠡ ᠬᠤᠷᠠᠯ

ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ

ᠪᠦᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ

ᠪᠠᠲᠤ ᠴᠣᠭᠴᠠᠯᠠᠬᠤ ᠬᠥᠮᠦᠵᠢᠯ ᠢ ᠭᠦᠨᠵᠡᠭᠡᠢ ᠥᠷᠨᠢᠭᠦᠯᠦᠨ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ

ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠨᠠᠮ ᠤᠨ

ᠪᠠᠶᠢᠭᠤᠯᠤᠯᠲᠠ ᠶᠢᠨ ᠠᠵᠢᠯ ᠤᠨ ᠴᠢᠨᠠᠷ ᠴᠢᠨᠰᠠᠭ᠎ᠠ ᠪᠣᠯᠤᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ

ᠲᠥᠯᠥᠭᠡ ᠶᠤᠮ᠃ ᠪᠣᠯᠪᠠᠰᠤᠷᠠᠯ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠡᠷᠡᠭᠴᠡᠭᠡ ᠱᠠᠭᠠᠷᠳᠠᠯᠭ᠎ᠠ ᠪᠠᠷ

ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠨᠣᠯ ᠤᠨ ᠬᠡᠪ ᠪᠣᠯᠪᠠᠰᠤᠷᠠᠯ ᠪᠠ ᠲᠤᠰᠬᠠᠢ ᠮᠡᠷᠭᠡᠵᠢᠯ ᠤᠨ

ᠴᠢᠳᠠᠪᠤᠷᠢ ᠶᠢ ᠳᠡᠭᠡᠭᠰᠢᠯᠡᠭᠦᠯᠬᠦ  ᠶᠢ ᠨᠢᠭᠡᠳᠦᠯᠲᠡᠢ ᠲᠥᠯᠥᠪᠯᠡᠨ ᠨᠡᠶᠢᠳᠡᠮ ᠬᠠᠷᠠᠭᠠᠯᠵᠠᠵᠤ᠂ ᠰᠤᠷᠭᠠᠨ ᠬᠥᠮᠦᠵᠢᠯ ᠤᠨ

ᠶᠠᠮᠤᠨ᠂ ᠪᠡᠭᠡᠵᠢᠩ ᠤᠨ ᠬᠤᠯᠪᠣᠭᠳᠠᠯ ᠪᠦᠬᠦᠢ ᠶᠡᠭᠡ ᠳᠡᠭᠡᠳᠦ ᠰᠤᠷᠭᠠᠭᠤᠯᠢ ᠶᠢᠨ ᠤᠳᠤᠷᠢᠳᠤᠯᠭ᠎ᠠ ᠲᠤᠰᠬᠠᠢ

ᠮᠡᠷᠭᠡᠵᠢᠯᠲᠡᠨ ᠢ ᠤᠷᠢᠵᠤ ᠲᠤᠰᠬᠠᠢ ᠰᠡᠳᠦᠪᠲᠦ ᠬᠠᠪᠰᠤᠷᠤᠨ ᠵᠢᠯᠣᠭᠤᠳᠬᠤ ᠮᠡᠳᠡᠭᠦᠯᠦᠯᠲᠡ ᠬᠢᠯᠭᠡᠨ᠂ ᠠᠬᠤᠢ

ᠲᠠᠯᠠᠪᠠᠢ ᠶᠢᠨ ᠵᠢᠭᠠᠨ ᠰᠤᠷᠭᠠᠯᠲᠠ᠂ ᠬᠠᠮᠲᠤ ᠳᠤ ᠪᠠᠨ ᠰᠤᠳᠤᠯᠤᠨ ᠶᠠᠷᠢᠯᠴᠠᠬᠤ ᠪᠠ ᠰᠤᠷᠤᠭᠴᠢᠳ ᠤᠨ ᠲᠥᠯᠥᠭᠡᠯᠡᠭᠴᠢ

ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠣᠯᠪᠠᠰᠤᠷᠠᠯ  ᠤᠨ ᠦᠷ᠎ᠡ ᠪᠦᠲᠦᠮᠵᠢ ᠶᠢ ᠪᠦᠲᠦᠮᠵᠢᠲᠡᠢ

ᠳᠡᠭᠡᠭᠰᠢᠯᠡᠭᠦᠯᠪᠡ᠃

      ᠪᠦᠬᠦ ᠣᠷᠣᠨ ᠤ ᠠᠯᠪᠠᠨ ᠠᠴᠠ ᠡᠷᠬᠢᠯᠡᠭᠰᠡᠨ ᠶᠡᠭᠡ ᠳᠡᠭᠡᠳᠦ ᠰᠤᠷᠭᠠᠭᠤᠯᠢ ᠶᠢᠨ 40 ᠳᠡᠳ᠋ ᠱᠦᠵᠢ

ᠪᠣᠯᠪᠠᠰᠤᠷᠠᠯ ᠳᠤ ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map