ᠰᠤᠷᠭᠠᠨ ᠬᠥᠮᠦᠵᠢᠯ ᠤᠨ ᠶᠠᠮᠤᠨ ᠤ ᠵᠤᠷᠭᠠᠨ ᠪᠠ ᠳᠣᠪᠴᠢᠶᠠᠨ ᠤ ᠳᠡᠰ ᠤᠨ ᠺᠠᠳ᠋ᠷ ᠤᠨ ᠥᠪᠥᠷ ᠮᠣᠩᠭᠤᠯ ᠳᠠᠬᠢ ᠶᠠᠷᠢᠶᠠᠨ ᠤ ᠳᠠᠪᠴᠠᠩ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2024/3/29
      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠡᠨᠡ ᠡᠳᠦᠷ ᠠᠴᠠ ᠡᠬᠢᠯᠡᠨ᠂ ᠮᠠᠨ ᠤ ᠣᠷᠣᠨ ᠰᠤᠷᠭᠠᠨ ᠬᠥᠮᠦᠵᠢᠯ ᠤᠨ ᠶᠠᠮᠤᠨ ᠤ ᠵᠤᠷᠭᠠᠨ ᠪᠠ ᠳᠣᠪᠴᠢᠶᠠᠨ ᠤ ᠳᠡᠰ ᠤᠨ ᠺᠠᠳ᠋ᠷ ᠢ ᠣᠨᠴᠠᠭᠠᠶᠢᠯᠠᠨ ᠤᠷᠢᠵᠤ ᠥᠪᠥᠷ ᠮᠣᠩᠭᠤᠯ ᠳᠤ ᠢᠷᠡᠭᠦᠯᠦᠨ᠂ ᠤᠯᠤᠰ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠭᠦᠨᠵᠡᠭᠡᠢ ᠲᠠᠶᠢᠯᠪᠤᠷᠢᠯᠠᠭᠤᠯᠵᠤ᠂ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠺᠠᠳ᠋ᠷ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠠᠮ ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ᠂ ᠰᠤᠷᠭᠠᠨ ᠬᠥᠮᠦᠵᠢᠯ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃      ᠲᠦᠷᠦᠭᠦᠬᠡᠨ᠂ ᠰᠤᠷᠭᠠᠨ ᠬᠥᠮᠦᠵᠢᠯ ᠤᠨ ᠶᠠᠮᠤᠨ ᠤ ᠵᠤᠷᠭᠠᠨ ᠪᠠ ᠳᠣᠪᠴᠢᠶᠠᠨ ᠤ ᠳᠡᠰ  ᠤᠨ ᠺᠠᠳ᠋ᠷ ᠤᠨ ᠥᠪᠥᠷ ᠮᠣᠩᠭᠤᠯ ᠳᠠᠬᠢ ᠶᠠᠷᠢᠶᠠᠨ ᠤ ᠳᠠᠪᠴᠠᠩ ᠤᠨ ᠨᠢᠭᠡᠳᠦᠭᠡᠷ ᠬᠢᠴᠢᠶᠡᠯ ᠡᠬᠢᠯᠡᠪᠡ᠃ ᠥᠪᠡᠷᠲᠡᠭᠡᠨ ᠵᠠᠰᠠᠬᠠᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠬᠤᠷᠠᠯ ᠡᠷᠬᠢᠯᠡᠪᠡ᠃

1.webp.jpg

      ᠲᠠᠶᠢᠯᠤᠮᠵᠢ ᠳᠤ ᠰᠤᠷᠭᠠᠨ ᠬᠥᠮᠦᠵᠢᠯ ᠤᠨ ᠶᠠᠮᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠬᠥᠭᠵᠢᠯᠲᠡ ᠶᠢᠨ ᠲᠥᠪ ᠤᠨ ᠯᠢᠨ ᠢᠦᠢ ᠡᠷᠬᠢᠯᠡᠭᠴᠢ ᠶᠢ ᠤᠷᠢᠵᠤ᠂ ︽ᠠᠵᠢᠯ ᠮᠡᠷᠭᠡᠵᠢᠯ ᠤᠨ ᠰᠤᠷᠭᠠᠨ          

ᠬᠥᠮᠦᠵᠢᠯ ᠢ ᠴᠢᠨᠠᠷᠯᠢᠭ ᠬᠥᠭᠵᠢᠭᠦᠯᠬᠦ ᠲᠠᠨᠢᠯᠲᠠ ᠪᠠ ᠪᠣᠳᠣᠯᠬᠢᠯᠠᠯ︾ ᠭᠡᠬᠦ ᠰᠡᠳᠦᠪ ᠢᠶᠠᠷ ᠠᠵᠢᠯ ᠮᠡᠷᠭᠡᠵᠢᠯ ᠤᠨ

ᠰᠤᠷᠭᠠᠨ ᠬᠥᠮᠦᠵᠢᠯ ᠤᠨ ᠬᠥᠭᠵᠢᠯᠲᠡ ᠶᠢᠨ ᠶᠠᠪᠤᠴᠠ ᠶᠢ ᠡᠷᠭᠢᠴᠡᠭᠦᠯᠵᠦ᠂ ᠮᠠᠨ ᠤ ᠤᠯᠤᠰ ᠤᠨ ᠠᠵᠢᠯ ᠮᠡᠷᠭᠡᠵᠢᠯ          

 ᠤᠨ ᠰᠤᠷᠭᠠᠨ ᠬᠥᠮᠦᠵᠢᠯ ᠤᠨ ᠬᠥᠭᠵᠢᠯᠲᠡ  ᠶᠢᠨ ᠣᠳᠣᠬᠢ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠢ          

ᠵᠠᠳᠠᠯᠪᠠ᠃ ᠲᠠᠶᠢᠯᠤᠮᠵᠢ ᠶᠢᠨ ᠣᠨᠣᠯ ᠤᠨ ᠰᠠᠭᠤᠷᠢ ᠯᠠᠪᠳᠠᠭᠤᠨ ᠪᠠᠲᠤᠲᠠᠢ᠂ ᠪᠣᠳᠠᠲᠤ ᠪᠠᠶᠢᠳᠠᠯ ᠤᠨ ᠵᠠᠳᠠᠯᠤᠯᠲᠠ

ᠭᠦᠨᠵᠡᠭᠡᠢ᠂ ᠴᠢᠭᠯᠡᠯ ᠲᠣᠳᠣᠷᠬᠠᠢ ᠪᠠᠶᠢᠵᠤ᠂ ᠮᠠᠨ ᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠴᠢᠨᠠᠷᠯᠢᠭ ᠬᠥᠭᠵᠢᠯᠲᠡ ᠳᠤ ᠵᠢᠯᠣᠭᠤᠳᠣᠯᠭ᠎ᠠ ᠬᠠᠩᠭᠠᠪᠠ᠃

      ᠲᠠᠶᠢᠯᠤᠮᠵᠢ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ

ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ

ᠰᠤᠷᠭᠠᠨ ᠬᠥᠮᠦᠵᠢᠯ᠂ ᠦᠷᠭᠦᠯᠵᠢᠯᠡᠯ ᠰᠤᠷᠭᠠᠨ ᠬᠥᠮᠦᠵᠢᠯ ᠤᠨ ᠬᠠᠮᠵᠢᠯᠴᠠᠨ ᠰᠢᠨ᠎ᠡ ᠶᠢ ᠡᠭᠦᠳᠬᠦ᠂ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠢ ᠨᠢᠭᠡᠳᠦᠯᠲᠡᠢ ᠲᠥᠯᠥᠪᠵᠢᠭᠦᠯᠬᠦ᠂ ᠠᠵᠤ ᠦᠢᠯᠡᠳᠪᠦᠷᠢ ᠪᠠ ᠰᠤᠷᠭᠠᠨ

ᠬᠥᠮᠦᠵᠢᠯ ᠢ ᠠᠭᠤᠰᠬᠠᠬᠤ᠂ ᠰᠢᠨᠵᠢᠯᠡᠬᠦ ᠤᠬᠠᠭᠠᠨ ᠪᠠ ᠰᠤᠷᠭᠠᠨ ᠬᠥᠮᠦᠵᠢᠯ ᠢ ᠠᠭᠤᠰᠬᠠᠬᠤ ᠵᠡᠷᠭᠡ ᠡᠭᠦᠷᠭᠡ ᠳᠤ

ᠠᠷᠭ᠎ᠠ ᠬᠡᠮᠵᠢᠶ᠎ᠡ ᠳᠤᠷᠠᠳᠴᠤ᠂ ᠮᠠᠨ ᠤ ᠣᠷᠣᠨ ᠤ ᠤᠯᠤᠰ ᠤᠨ ᠬᠥᠭᠵᠢᠯᠲᠡ ᠶᠢᠨ ᠬᠡᠷᠡᠭᠴᠡᠭᠡ ᠲᠠᠢ ᠤᠯᠠᠮ ᠨᠢᠭᠡ

ᠠᠯᠬᠤᠮ ᠬᠠᠷᠢᠴᠠᠭᠤᠯᠬᠤ ᠶᠢ ᠬᠦᠴᠦᠲᠡᠢ ᠵᠢᠯᠣᠭᠤᠳᠴᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠥᠷᠥᠯ

ᠬᠡᠯᠪᠡᠷᠢ ᠶᠢᠨ ᠪᠠᠶᠢᠷᠢ ᠲᠣᠭᠲᠠᠭᠠᠯᠲᠠ ᠶᠢ ᠰᠢᠯᠢᠳᠡᠭᠵᠢᠭᠦᠯᠦᠨ᠂ ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ

ᠠᠭᠤᠰᠤᠯᠴᠠᠭ᠎ᠠ ᠶᠢ ᠭᠦᠨᠵᠡᠭᠡᠶᠢᠷᠡᠭᠦᠯᠵᠦ᠂ ᠠᠭᠤᠯᠤᠭᠳᠠᠬᠤᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂

ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠳᠤ ᠦᠢᠯᠡᠴᠢᠯᠡᠬᠦ ᠳᠤ ᠬᠦᠴᠦᠲᠡᠢ ᠮᠡᠷᠭᠡᠵᠢᠯ ᠪᠠ

ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠪᠠ᠃

      ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ᠂

ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠳᠤᠮᠳᠠ

ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠵᠠᠬᠢᠷᠤᠯ 300 ᠰᠢᠬᠠᠮ ᠬᠥᠮᠦᠨ ᠲᠠᠶᠢᠯᠤᠮᠵᠢ ᠶᠢ ᠰᠣᠨᠣᠰᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map