ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠤᠷᠤᠭᠴᠢᠳ ᠤᠨ ᠳᠣᠷᠤᠮᠵᠢᠯᠠᠯ ᠢ ᠰᠡᠷᠭᠡᠶᠢᠯᠡᠬᠦ ᠪᠠ ᠵᠠᠰᠠᠬᠤ ᠶᠢ ᠪᠣᠳᠠᠲᠠᠢ ᠠᠳᠬᠤᠪᠠ
ᠨᠡᠶᠢᠲᠡᠯᠡᠭᠰᠡᠨ ᠴᠠᠭ᠄
2024/3/29
      ᠣᠶᠢᠷ᠎ᠠ ᠶᠢᠨ ᠵᠢᠯ᠂ ᠪᠦᠬᠦ ᠤᠯᠤᠰ ᠤᠨ ᠣᠯᠠᠨ ᠭᠠᠵᠠᠷ ᠲᠤ ᠰᠤᠷᠤᠭᠴᠢᠳ ᠤᠨ ᠳᠣᠷᠣᠮᠵᠢᠯᠠᠯ ᠤᠨ ᠬᠡᠷᠡᠭ ᠡᠭᠦᠰᠴᠦ᠂ ᠨᠡᠶᠢᠭᠡᠮ ᠨᠡᠶᠢᠲᠡ ᠶᠢᠨ ᠠᠩᠬᠠᠷᠤᠯ ᠢ ᠶᠡᠭᠡ ᠪᠠᠷ ᠲᠠᠲᠠᠭᠰᠠᠨ ᠪᠠᠶᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠤᠷᠢᠳᠴᠢᠯᠠᠨ ᠲᠥᠯᠥᠪᠵᠢᠭᠦᠯᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠠᠬᠢᠭᠤᠯᠬᠤ ᠶᠢ ᠴᠢᠩᠭᠠᠳᠬᠠᠵᠤ᠂ 2016 ᠣᠨ ᠠᠴᠠ ᠨᠠᠭᠠᠰᠢ᠂ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠰᠤᠷᠭᠠᠭᠤᠯᠢ ᠶᠢᠨ ᠬᠦᠷᠢᠶᠡᠨ ᠤ ᠡᠳᠦᠷ ᠲᠤᠲᠤᠮ ᠤᠨ ᠠᠮᠤᠷ ᠲᠦᠪᠰᠢᠨ ᠤ ᠬᠠᠮᠢᠶᠠᠷᠤᠯᠲᠠ ᠳᠤ ᠣᠷᠣᠭᠤᠯᠵᠤ᠂ ᠵᠢᠯ ᠤᠨ ᠰᠤᠷᠭᠠᠨ ᠬᠥᠮᠦᠵᠢᠯ ᠤᠨ ᠠᠵᠢᠯ ᠤᠨ ᠭᠤᠣᠯᠳᠠᠯᠭ᠎ᠠ ᠪᠠ ᠠᠮᠤᠷ ᠲᠦᠪᠰᠢᠨ ᠤ ᠠᠵᠢᠯ ᠤᠨ ᠭᠤᠣᠯᠳᠠᠯᠭ᠎ᠠ ᠲᠠᠢ ᠠᠭᠤᠯᠭ᠎ᠠ ᠳᠤ ᠵᠢᠭᠰᠠᠭᠠᠨ ᠣᠷᠣᠭᠤᠯᠵᠤ᠂ ᠠᠶᠢᠮᠠᠭ ᠬᠤᠲᠠ ᠪᠠ ᠰᠤᠷᠭᠠᠭᠤᠯᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠪᠡ᠃   

1.webp.jpg

     ︽ᠳᠦᠷᠪᠡᠨ ᠲᠣᠭᠲᠠᠴᠠ︾ ᠶᠢ ᠪᠠᠶᠢᠭᠤᠯᠵᠤ᠂ ᠥᠰᠦᠨ ᠪᠣᠶᠢᠵᠢᠯᠲᠠ ᠶᠢ ᠬᠠᠮᠠᠭᠠᠯᠠᠪᠠ

      ᠠᠵᠢᠯ ᠢ ᠵᠣᠬᠢᠴᠠᠭᠤᠯᠬᠤ ᠲᠣᠭᠲᠠᠴᠠ ᠶᠢ ᠪᠠᠶᠢᠭᠤᠯᠪᠠ᠃ 11 ᠰᠠᠯᠠᠭ᠎ᠠ ᠮᠥᠴᠢᠷ᠂ ᠣᠯᠠᠨ ᠲᠦᠮᠡᠨ ᠤ

ᠪᠦᠯᠬᠦᠮ ᠤᠨ ᠵᠣᠬᠢᠶᠠᠨ ᠪᠠᠶᠢᠭᠤᠯᠤᠯᠲᠠ ᠪᠠᠷ ᠪᠦᠷᠢᠯᠳᠦᠭᠰᠡᠨ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ

ᠠᠵᠢᠯ ᠢ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠠᠬᠢᠭᠤᠯᠵᠤ᠂ ᠰᠤᠷᠤᠭᠴᠢᠳ ᠤᠨ

ᠳᠣᠷᠣᠮᠵᠢᠯᠠᠯ ᠢ ᠵᠠᠰᠠᠬᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠤᠷᠤᠭᠴᠢᠳ ᠤᠨ ᠳᠣᠷᠣᠮᠵᠢᠯᠠᠯ ᠤᠨ

ᠴᠢᠬᠤᠯᠠ ᠶᠡᠭᠡ ᠬᠡᠷᠡᠭ ᠢ ᠵᠣᠬᠢᠰᠲᠠᠢ ᠰᠢᠢᠳᠪᠦᠷᠢᠯᠡᠨ᠂ ᠵᠠᠭᠤᠴᠢᠯᠠᠭᠤᠷ ᠤᠨ ᠨᠡᠪᠲᠡᠷᠡᠯᠴᠡᠭᠡ ᠪᠠ ᠰᠦᠯᠵᠢᠶᠡᠨ ᠤ

ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠪᠠ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ

ᠮᠥᠴᠢᠷ ᠪᠠ ᠡᠯ᠎ᠡ ᠰᠤᠷᠭᠠᠭᠤᠯᠢ ᠱᠠᠭᠠᠷᠳᠠᠯᠭ᠎ᠠ ᠶᠣᠰᠣᠭᠠᠷ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ

ᠠᠵᠢᠯ ᠤᠨ ᠤᠳᠤᠷᠢᠳᠬᠤ ᠳᠤᠭᠤᠶᠢᠯᠠᠩ ᠪᠠ ᠰᠤᠷᠭᠠᠭᠤᠯᠢ ᠶᠢᠨ ᠳᠣᠷᠣᠮᠵᠢᠯᠠᠯ ᠢ ᠵᠠᠰᠠᠬᠤ ᠵᠦᠪᠯᠡᠯ ᠢ ᠪᠠᠶᠢᠭᠤᠯᠵᠤ᠂

ᠲᠤᠰ ᠭᠠᠵᠠᠷ ᠣᠷᠣᠨ ᠪᠠ ᠲᠤᠰ ᠰᠤᠷᠭᠠᠭᠤᠯᠢ ᠶᠢᠨ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ

ᠠᠵᠢᠯ ᠢ ᠬᠠᠷᠢᠭᠤᠴᠠᠨ ᠵᠢᠯᠣᠭᠤᠳᠪᠠ᠃ ᠰᠤᠷᠭᠠᠨ ᠬᠥᠮᠦᠵᠢᠯ ᠤᠨ ᠲᠣᠭᠲᠠᠴᠠ ᠶᠢ ᠰᠣᠳᠤᠯᠤᠨ          

ᠲᠡᠭᠦᠯᠳᠡᠷᠵᠢᠭᠦᠯᠪᠡ᠃ 2023 ᠣᠨ ᠤ 8 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠮᠤᠷ ᠲᠦᠪᠰᠢᠨ ᠤ

ᠠᠯᠪᠠᠨ ᠭᠡᠷ ᠲᠠᠢ ᠬᠤᠯᠪᠣᠭᠠᠯᠠᠨ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠳᠤ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ

ᠰᠤᠳᠤᠯᠭᠠᠨ ᠤ ᠲᠥᠪ ᠢ ᠪᠠᠶᠢᠭᠤᠯᠪᠠ᠃ ᠨᠡᠶᠢᠭᠡᠮ ᠤᠨ ᠤᠬᠠᠭᠠᠨ᠂ ᠰᠤᠷᠭᠠᠨ ᠬᠥᠮᠦᠵᠢᠯ ᠤᠨ ᠤᠬᠠᠭᠠᠨ ᠪᠠ

ᠰᠡᠳᠬᠢᠴᠡ ᠵᠦᠢ ᠵᠡᠷᠭᠡ ᠬᠠᠮᠢᠶ᠎ᠠ ᠪᠦᠬᠦᠢ ᠰᠢᠨᠵᠢᠯᠡᠭᠡᠨ ᠤ ᠰᠠᠯᠠᠭᠠᠨ ᠤ ᠰᠢᠨᠵᠢᠯᠡᠬᠦ ᠤᠬᠠᠭᠠᠨ ᠤ ᠰᠣᠳᠤᠯᠭᠠᠨ ᠤ

ᠬᠦᠴᠦᠨ ᠢ ᠡᠮᠬᠢᠯᠡᠨ ᠨᠡᠶᠢᠯᠡᠭᠦᠯᠵᠦ᠂ ᠰᠤᠷᠤᠭᠴᠢᠳ ᠤᠨ ᠳᠣᠷᠣᠮᠵᠢᠯᠠᠯ ᠤᠨ ᠠᠰᠠᠭᠤᠳᠠᠯ ᠤᠨ ᠵᠠᠶᠢᠯᠠᠰᠢ ᠦᠭᠡᠢ

ᠥᠳᠥᠭᠡᠬᠦ ᠬᠦᠴᠦᠨ ᠢ ᠭᠦᠨᠵᠡᠭᠡᠢ ᠵᠠᠳᠠᠯᠵᠤ᠂ ᠰᠡᠳᠦᠪ ᠤᠨ ᠮᠠᠶ᠋ᠢᠭᠲᠤ ᠪᠠᠶᠢᠴᠠᠭᠠᠨ ᠰᠤᠳᠤᠯᠤᠯᠲᠠ ᠪᠠᠷ

ᠵᠢᠯᠣᠭᠤᠳᠤᠮᠵᠢ ᠪᠣᠯᠭᠠᠨ᠂ ᠥᠪᠡᠷᠲᠡᠭᠡᠨ ᠵᠠᠰᠠᠬᠤ ᠣᠷᠣᠨ ᠤ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ

ᠵᠠᠰᠠᠬᠤ ᠶᠢ ᠵᠢᠷᠤᠮᠵᠢᠭᠤᠯᠤᠨ᠂ ᠬᠠᠤᠯᠢᠵᠢᠭᠤᠯᠤᠨ ᠬᠥᠭᠵᠢᠭᠦᠯᠬᠦ ᠳᠤ ᠬᠦᠴᠦᠨ ᠨᠡᠮᠡᠷᠢᠯᠡᠪᠡ᠃ ᠬᠢᠨᠠᠨ ᠰᠢᠯᠭᠠᠵᠤ

ᠦᠨᠡᠯᠡᠬᠦ ᠲᠣᠭᠲᠠᠴᠠ ᠶᠢ ᠳᠣᠭᠲᠠᠭᠠᠪᠠ᠃ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠠᠵᠢᠯ ᠤᠨ

ᠪᠠᠶᠢᠳᠠᠯ ᠢ ᠬᠢᠨᠠᠨ ᠰᠢᠯᠭᠠᠵᠤ ᠦᠨᠡᠯᠡᠬᠦ ᠠᠭᠤᠯᠭ᠎ᠠ ᠪᠣᠯᠭᠠᠵᠤ᠂ ᠠᠮᠤᠷ ᠲᠠᠶᠢᠪᠤᠭᠤᠨ ᠰᠤᠷᠭᠠᠭᠤᠯᠢ ᠶᠢᠨ ᠬᠦᠷᠢᠶ᠎ᠡ ᠶᠢ

ᠪᠠᠶᠢᠭᠤᠯᠬᠤ ᠪᠠᠷᠢᠮᠵᠢᠶ᠎ᠠ ᠳᠤ ᠣᠷᠣᠭᠤᠯᠤᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠵᠢᠯ ᠤᠨ

ᠰᠢᠯᠭᠠᠨ ᠦᠨᠡᠯᠡᠯᠲᠡ  ᠳᠤ ᠣᠷᠣᠭᠤᠯᠵᠤ᠂ ᠰᠤᠷᠭᠠᠭᠤᠯᠢ ᠶᠢᠨ ᠵᠠᠬᠢᠷᠤᠯ ᠤᠨ ᠰᠤᠷᠤᠯᠭ᠎ᠠ ᠶᠢᠨ ᠬᠤᠭᠤᠴᠠᠭ᠎ᠠ ᠪᠠ

ᠰᠤᠷᠤᠯᠭ᠎ᠠ ᠶᠢᠨ ᠣᠨ ᠤ ᠰᠢᠯᠭᠠᠨ ᠦᠨᠡᠯᠡᠯᠲᠡ ᠳᠤ ᠣᠷᠣᠭᠤᠯᠤᠨ᠂ ᠰᠤᠷᠭᠠᠭᠤᠯᠢ ᠶᠢᠨ ᠵᠠᠰᠠᠭ ᠵᠠᠬᠢᠷᠭᠠᠨ ᠤ

ᠬᠠᠮᠢᠶᠠᠷᠤᠯᠲᠠ ᠶᠢᠨ ᠠᠵᠢᠯᠲᠠᠨ᠂ ᠪᠠᠭᠰᠢ᠂ ᠠᠩᠭᠢ ᠶᠢᠨ ᠡᠷᠬᠢᠯᠡᠭᠴᠢ ᠵᠢᠴᠢ ᠬᠠᠮᠢᠶ᠎ᠠ ᠪᠦᠬᠦᠢ ᠠᠵᠢᠯ ᠤᠨ ᠪᠠᠶᠢᠷᠢ ᠶᠢᠨ

ᠪᠠᠭᠰᠢ ᠠᠵᠢᠯᠲᠠᠨ ᠠᠵᠢᠯᠴᠢᠨ ᠤ ᠰᠤᠷᠤᠯᠭ᠎ᠠ ᠶᠢᠨ ᠬᠤᠭᠤᠴᠠᠭ᠎ᠠ ᠪᠠ ᠰᠤᠷᠤᠯᠭ᠎ᠠ ᠶᠢᠨ ᠣᠨ ᠤ ᠰᠢᠯᠭᠠᠨ

ᠦᠨᠡᠯᠡᠯᠲᠡ ᠳᠤ ᠣᠷᠣᠭᠤᠯᠪᠠ᠃ ᠬᠠᠷᠢᠭᠤᠴᠠᠯᠭ᠎ᠠ ᠲᠤᠯᠭᠠᠬᠤ ᠪᠠ ᠨᠡᠬᠡᠮᠵᠢᠯᠡᠬᠦ ᠲᠣᠭᠲᠠᠴᠠ ᠶᠢ            

ᠪᠠᠶᠢᠭᠤᠯᠪᠠ᠃ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠠᠵᠢᠯ ᠢ ᠵᠠᠰᠠᠭ ᠤᠨ ᠣᠷᠳᠣᠨ ᠤ ᠰᠤᠷᠭᠠᠨ

ᠬᠥᠮᠦᠵᠢᠯ ᠤᠨ ᠠᠵᠢᠯ ᠤᠨ ᠦᠷ᠎ᠡ ᠪᠦᠲᠦᠮᠵᠢ ᠶᠢ ᠦᠨᠡᠯᠡᠬᠦ ᠴᠢᠬᠤᠯᠠ ᠠᠭᠤᠯᠭ᠎ᠠ ᠪᠣᠯᠭᠠᠪᠠ᠃ ᠥᠪᠡᠷᠲᠡᠭᠡᠨ ᠵᠠᠰᠠᠬᠤ

ᠣᠷᠣᠨ ᠤ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠵᠥᠪᠯᠡᠯ ᠤᠨ ᠠᠯᠪᠠᠨ ᠭᠡᠷ ᠪᠣᠯᠤᠨ ᠡᠯ᠎ᠡ ᠠᠶᠢᠮᠠᠭ

ᠬᠤᠲᠠ ᠶᠢᠨ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠰᠠᠯᠠᠭ᠎ᠠ ᠮᠥᠴᠢᠷ ᠤᠨ ᠬᠢᠨ ᠵᠠᠰᠠᠭ ᠵᠠᠬᠢᠷᠭᠠᠨ ᠤ

ᠣᠷᠣᠨ ᠤ ᠳᠣᠲᠣᠷᠠᠬᠢ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠭᠰᠠᠨ ᠠᠵᠢᠯ ᠤᠨ ᠪᠠᠶᠢᠳᠠᠯ ᠢ ᠲᠣᠭᠲᠠᠮᠠᠯ

ᠬᠤᠭᠤᠴᠠᠭ᠎ᠠ ᠲᠠᠢ ᠪᠠᠶᠢᠴᠠᠭᠠᠵᠤ ᠬᠢᠨᠠᠨ ᠵᠢᠯᠣᠭᠤᠳᠪᠠ᠃ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ

ᠬᠦᠷᠦᠯᠴᠡᠬᠦ ᠦᠭᠡᠢ᠂ ᠰᠤᠷᠤᠭᠴᠢᠳ ᠢ ᠳᠣᠷᠤᠮᠵᠢᠯᠠᠭᠰᠠᠨ ᠠᠰᠠᠭᠤᠳᠠᠯ ᠲᠣᠪᠤᠶᠢᠮ᠎ᠠ ᠪᠠᠶᠢᠭ᠎ᠠ ᠭᠠᠵᠠᠷ ᠣᠷᠣᠨ ᠪᠣᠯᠤᠨ

ᠨᠢᠭᠡᠴᠢ ᠲᠠᠢ ᠨᠡᠪᠲᠡᠷᠡᠯᠴᠡᠬᠦ᠂ ᠪᠣᠯᠵᠣᠨ ᠶᠠᠷᠢᠯᠴᠠᠬᠤ᠂ ᠨᠡᠷ᠎ᠡ ᠵᠢᠭᠠᠵᠤ ᠰᠢᠪᠠᠳᠠᠭᠤᠯᠤᠨ ᠭᠦᠢᠴᠡᠳᠬᠡᠯᠭᠡᠬᠦ᠂ ᠨᠢᠭᠡ

ᠫᠢᠶᠣᠣ ᠪᠠᠷ ᠦᠭᠡᠶᠢᠰᠬᠡᠬᠦ ᠡᠷᠬᠡ ᠶᠢᠨ ᠳᠦᠷᠢᠮ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠷᠢᠭᠤᠴᠠᠯᠭ᠎ᠠ

ᠨᠡᠬᠡᠮᠵᠢᠯᠡᠪᠡ᠃

   

2.webp.jpg

     ︽ᠭᠤᠷᠪᠠ ᠶᠢ ᠬᠠᠮᠵᠢᠯᠴᠠᠬᠤ︾ ᠶᠢ ᠠᠬᠢᠭᠤᠯᠵᠤ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠪᠠ

      ᠠᠵᠢᠯ ᠤᠨ ᠰᠡᠳᠬᠢᠮᠵᠢ ᠪᠠ ᠠᠵᠢᠯ ᠤᠨ ᠬᠡᠯᠪᠡᠷᠢ ᠶᠢ ᠥᠷᠭᠡᠳᠬᠡᠵᠦ᠂ ᠨᠡᠶᠢᠭᠡᠮ ᠤᠨ ᠬᠦᠴᠦᠨ ᠢ ᠣᠷᠣᠭᠤᠯᠤᠨ

ᠠᠪᠴᠤ᠂ ᠭᠡᠷ ᠤᠨ ᠬᠥᠮᠦᠵᠢᠯ ᠵᠠᠰᠠᠯᠲᠠ ᠶᠢ ᠴᠢᠩᠭᠠᠳᠬᠠᠨ᠂ ᠲᠠᠪᠤᠨ ᠬᠥᠮᠥᠵᠢᠯ᠂ ᠬᠠᠤᠯᠢ ᠪᠠᠷ ᠵᠠᠰᠠᠬᠤ ᠶᠢ

ᠠᠭᠤᠰᠬᠠᠨ ᠨᠢᠭᠡ ᠴᠣᠭᠴᠠᠵᠢᠭᠤᠯᠪᠠ᠃ ᠭᠡᠷ ᠪᠦᠯᠢ ᠰᠤᠷᠭᠠᠭᠤᠯᠢ ᠨᠡᠶᠢᠭᠡᠮ ᠤᠨ ᠬᠠᠮᠵᠢᠯᠴᠠᠭ᠎ᠠ ᠶᠢ          

ᠪᠠᠷᠢᠮᠲᠠᠯᠠᠪᠠ᠃ ᠡᠯ᠎ᠡ ᠭᠠᠵᠠᠷ ᠤᠨ ᠡᠯ᠎ᠡ ᠰᠤᠷᠭᠠᠭᠤᠯᠢ ᠲᠣᠭᠲᠠᠮᠠᠯ ᠬᠤᠭᠤᠴᠠᠭ᠎ᠠ ᠲᠠᠢ ᠰᠦᠯᠵᠢᠶᠡᠨ ᠳᠠᠬᠢ ᠪᠠ

ᠰᠦᠯᠵᠢᠶᠡᠨ ᠭᠠᠳᠠᠨᠠᠬᠢ ᠭᠡᠷ ᠤᠨ ᠠᠬᠠᠮᠠᠳ ᠪᠠ ᠰᠤᠷᠭᠠᠭᠤᠯᠢ ᠶᠢᠨ ᠠᠵᠢᠯᠯᠠᠭ᠎ᠠ ᠶᠢ ᠥᠷᠨᠢᠭᠦᠯᠵᠦ᠂ ︽ᠰᠡᠳᠬᠢᠯ ᠢ

ᠤᠮᠳᠠᠯᠠᠬᠤ ᠶᠠᠷᠢᠶᠠᠨ  ᠤ ᠳᠠᠪᠴᠠᠩ︾ ᠪᠠ ︽ᠭᠠᠷᠠᠭ ᠤᠨ ᠲᠠᠪᠤᠨ ᠤ ᠭᠡᠷ ᠤᠨ ᠠᠬᠠᠮᠠᠳ ᠤᠨ ᠴᠤᠭᠯᠠᠭᠠᠨ︾ ᠭᠡᠬᠦ

ᠨᠡᠷᠡᠲᠦ ᠫᠷᠤᠭ᠍ᠷᠠᠮ ᠢ ᠦᠷᠭᠦᠯᠵᠢᠯᠡᠨ ᠶᠠᠪᠤᠭᠳᠠᠭᠤᠯᠵᠤ᠂ ᠭᠡᠷ ᠤᠨ ᠠᠬᠠᠮᠠᠳ ᠢ ᠬᠠᠪᠰᠤᠷᠤᠨ ᠰᠤᠷᠤᠭᠴᠢᠳ ᠤᠨ

ᠰᠡᠳᠬᠢᠴᠡ ᠶᠢᠨ ᠪᠠᠶᠢᠳᠠᠯ᠂ ᠦᠵᠡᠯ ᠰᠠᠨᠠᠭ᠎ᠠ ᠤᠷᠮ᠎ᠠ ᠰᠡᠳᠬᠢᠯᠭᠡ ᠪᠠ ᠰᠤᠷᠤᠭᠴᠢᠳ ᠤᠨ ᠬᠠᠷᠢᠴᠠᠭᠠᠨ ᠤ ᠪᠠᠶᠢᠳᠠᠯ ᠢ

ᠴᠠᠭ ᠲᠤᠬᠠᠢ ᠳᠤ ᠨᠢ ᠣᠶᠢᠯᠠᠭᠠᠨ ᠡᠵᠡᠮᠰᠢᠵᠦ᠂ ᠳᠣᠷᠣᠮᠵᠢᠯᠠᠯ ᠤᠨ ᠬᠡᠷᠡᠭ ᠡᠭᠦᠰᠬᠦ ᠰᠢᠨᠵᠢ ᠲᠡᠮᠳᠡᠭ ᠪᠤᠶᠤ ᠳᠠᠯᠳᠠ

ᠭᠡᠮ ᠢ ᠴᠠᠭ ᠲᠤᠬᠠᠢ ᠳᠤ ᠨᠢ ᠡᠷᠢᠨ ᠣᠯᠵᠤ᠂ ᠡᠭᠦᠰᠴᠦ ᠮᠡᠳᠡᠬᠦ ᠳᠣᠷᠣᠮᠵᠢᠯᠠᠯ ᠤᠨ ᠠᠵᠢᠯᠯᠠᠭ᠎ᠠ ᠶᠢ ᠡᠷᠲᠡ

ᠢᠯᠡᠷᠡᠭᠦᠯᠵᠦ᠂ ᠡᠷᠲᠡ ᠰᠡᠷᠭᠡᠶᠢᠯᠡᠵᠦ᠂ ᠡᠷᠲᠡ ᠡᠵᠡᠮᠳᠡᠵᠦ᠂ ᠰᠤᠷᠭᠠᠭᠤᠯᠢ᠂ ᠭᠡᠷ ᠪᠦᠯᠢ᠂ ᠨᠡᠶᠢᠭᠡᠮ ᠬᠠᠮᠵᠢᠯᠴᠠᠨ

ᠬᠥᠮᠦᠨ ᠬᠥᠮᠦᠵᠢᠭᠦᠯᠬᠦ ᠪᠠᠶᠢᠷᠢᠰᠢᠯᠠᠭᠤᠯᠤᠯᠲᠠ ᠶᠢ ᠢᠳᠡᠪᠬᠢᠲᠡᠢ ᠪᠠᠶᠢᠭᠤᠯᠪᠠ᠃ ᠰᠠᠯᠠᠭ᠎ᠠ ᠮᠥᠴᠢᠷ ᠤᠨ

ᠬᠠᠮᠵᠢᠯᠴᠠᠭ᠎ᠠ ᠶᠢ ᠠᠬᠢᠭᠤᠯᠪᠠ᠃ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠪᠠᠶᠢᠴᠠᠭᠠᠬᠤ ᠬᠤᠷᠢᠶ᠎ᠠ ᠵᠡᠷᠭᠡ

ᠰᠠᠯᠠᠭ᠎ᠠ ᠮᠥᠴᠢᠷ ᠲᠠᠢ ᠢᠳᠡᠪᠬᠢᠲᠡᠢ ᠨᠡᠪᠲᠡᠷᠡᠨ ᠵᠣᠯᠭᠠᠯᠳᠤᠵᠤ᠂ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ

ᠵᠠᠰᠠᠬᠤ ᠲᠤᠰᠬᠠᠢ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠰᠤᠷᠭᠠᠭᠤᠯᠢ ᠶᠢᠨ ᠬᠦᠷᠢᠶ᠎ᠡ ᠵᠢᠴᠢ ᠡᠷᠭᠢᠨ ᠲᠣᠭᠤᠷᠢᠨ ᠤ

ᠠᠮᠤᠷ ᠢ ᠬᠠᠮᠠᠭᠠᠯᠠᠬᠤ ᠶᠡᠷᠦᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ ᠥᠷᠨᠢᠭᠦᠯᠵᠦ᠂ ᠡᠯ᠎ᠡ ᠲᠥᠷᠥᠯ ᠤᠨ ᠠᠮᠤᠷ

ᠲᠦᠪᠰᠢᠨ ᠤ ᠠᠳᠠᠯ ᠤᠨ ᠳᠠᠯᠳᠠ ᠭᠡᠮ ᠢ 3900 ᠭᠠᠷᠤᠢ ᠠᠷᠢᠯᠭᠠᠪᠠ᠃ ᠰᠤᠷᠭᠠᠭᠤᠯᠢ ᠶᠢᠨ ᠳᠣᠲᠣᠭᠠᠳᠤ ᠶᠢᠨ

ᠬᠠᠮᠵᠢᠯᠴᠠᠭ᠎ᠠ ᠶᠢ ᠴᠢᠩᠭᠠᠳᠬᠠᠪᠠ᠃ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠠᠵᠢᠯ ᠢ ᠰᠤᠷᠭᠠᠨ

ᠬᠥᠮᠦᠵᠢᠯ ᠤᠨ ᠴᠢᠨᠠᠷ ᠴᠢᠨᠰᠠᠭ᠎ᠠ ᠶᠢ ᠦᠨᠡᠯᠡᠬᠦ ᠪᠣᠯᠤᠨ ᠰᠤᠷᠭᠠᠭᠤᠯᠢ ᠶᠢᠨ ᠵᠠᠬᠢᠷᠤᠯ᠂ ᠠᠩᠭᠢ ᠶᠢᠨ ᠡᠷᠬᠢᠯᠡᠭᠴᠢ᠂

ᠬᠢᠴᠢᠶᠡᠯ ᠲᠥᠷᠦᠯ ᠤᠨ ᠪᠠᠭᠰᠢ ᠵᠢᠴᠢ ᠬᠠᠮᠢᠶ᠎ᠠ ᠪᠦᠬᠦᠢ ᠠᠵᠢᠯ ᠤᠨ ᠪᠠᠶᠢᠷᠢ ᠶᠢᠨ ᠪᠠᠭᠰᠢ ᠠᠵᠢᠯᠲᠠᠨ ᠠᠵᠢᠯᠴᠢᠨ ᠢ

ᠰᠢᠯᠭᠠᠨ ᠲᠣᠭᠲᠠᠭᠠᠬᠤ ᠠᠵᠢᠯ ᠳᠤ ᠣᠷᠣᠭᠤᠯᠪᠠ᠃ ᠬᠠᠤᠯᠢ ᠪᠠᠷ ᠵᠠᠰᠠᠬᠤ ᠳᠡᠳ᠋ ᠵᠠᠬᠢᠷᠤᠯ ᠤᠨ ᠦᠢᠯᠡᠳᠦᠯ ᠢ

ᠪᠠᠳᠠᠷᠠᠭᠤᠯᠵᠤ᠂ ᠪᠠᠭᠰᠢ ᠰᠤᠷᠤᠭᠴᠢ ᠬᠠᠷᠢᠯᠴᠠᠬᠤ᠂ ᠰᠤᠷᠤᠭᠴᠢᠳ ᠬᠠᠷᠢᠯᠴᠠᠨ ᠬᠠᠪᠰᠤᠷᠬᠤ᠂ ᠪᠠᠴᠢᠮ ᠠᠪᠤᠷᠠᠯᠲᠠ

ᠬᠢᠬᠦ ᠳᠦᠷᠢᠮ ᠢ ᠪᠠᠶᠢᠭᠤᠯᠪᠠ᠃

     ︽ᠴᠡᠭ ᠢᠶᠠᠷ ᠨᠡᠶᠢᠳᠡᠮ ᠢ ᠳᠠᠶᠢᠴᠢᠯᠠᠬᠤ︾ ᠶᠢ ᠪᠠᠷᠢᠮᠲᠠᠯᠠᠵᠤ᠂ ᠲᠤᠷᠰᠢᠯᠲᠠ ᠶᠢᠨ ᠦᠷ᠎ᠡ ᠪᠦᠲᠦᠮᠵᠢ ᠶᠢ

ᠪᠠᠳᠠᠷᠠᠭᠤᠯᠪᠠ

      ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠲᠠᠢ ᠬᠤᠯᠪᠣᠭᠠᠯᠠᠨ ᠬᠥᠬᠡᠬᠤᠲᠠ ᠶᠢᠨ ᠲᠣᠭᠲᠠᠬᠤ ᠰᠢᠶᠠᠨ ᠢ

ᠰᠤᠷᠤᠭᠴᠢ ᠶᠢᠨ ᠳᠣᠷᠣᠮᠵᠢᠯᠠᠯ ᠢ ᠡᠰᠡᠷᠭᠦᠴᠡᠬᠦ ᠲᠥᠷᠥᠯ ᠵᠦᠢᠯ ᠤᠨ ᠲᠤᠷᠰᠢᠯᠲᠠ ᠶᠢᠨ ᠴᠡᠭ ᠢᠶᠠᠷ ᠰᠣᠩᠭᠤᠨ

ᠲᠣᠭᠲᠠᠭᠠᠵᠤ᠂ ᠰᠠᠨᠠᠭᠠᠴᠢᠯᠠᠭ᠎ᠠ ᠠᠴᠠ ᠪᠠᠨ ᠣᠶᠢᠯᠠᠭᠠᠨ ᠪᠠᠶᠢᠴᠠᠭᠠᠵᠤ᠂ ᠥᠪᠥᠷ ᠮᠣᠩᠭᠤᠯ ᠤᠨ ᠰᠤᠷᠭᠠᠭᠤᠯᠢ ᠶᠢᠨ

ᠬᠦᠷᠢᠶᠡᠨ ᠤ ᠳᠣᠷᠣᠮᠵᠢᠯᠠᠯ ᠤᠨ ᠪᠣᠳᠠᠲᠤ ᠪᠠᠶᠢᠳᠠᠯ ᠢ ᠣᠨᠣᠪᠴᠢᠲᠠᠢ ᠡᠵᠡᠮᠳᠡᠭᠰᠡᠨ ᠰᠠᠭᠤᠷᠢᠨ ᠳᠡᠭᠡᠷ᠎ᠡ᠂ ᠰᠡᠷᠭᠡᠶᠢᠯᠡᠨ

ᠵᠠᠰᠠᠬᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠳᠣᠷᠣᠮᠵᠢᠯᠠᠯ ᠢ ᠰᠡᠷᠭᠡᠶᠢᠯᠡᠨ ᠵᠠᠰᠠᠬᠤ ᠰᠤᠷᠭᠠᠭᠤᠯᠢ ᠶᠢᠨ

ᠲᠤᠰᠬᠠᠶᠢᠵᠢᠭᠰᠠᠨ᠂ ᠳᠦᠷᠢᠮᠵᠢᠭᠰᠡᠨ᠂ ᠰᠢᠰᠲ᠋ᠧᠮᠵᠢᠭᠰᠡᠨ ᠠᠵᠢᠯ ᠤᠨ ᠲᠣᠭᠲᠠᠴᠠ ᠶᠢ ᠪᠠᠶᠢᠭᠤᠯᠪᠠ᠃ ᠣᠯᠠᠨ

ᠲᠦᠮᠡᠨᠴᠢᠯᠡᠭᠰᠡᠨ ᠪᠣᠯᠪᠠᠰᠤᠷᠠᠯ ᠢ ᠥᠷᠨᠢᠭᠦᠯᠪᠡ᠃ ᠲᠤᠷᠰᠢᠯᠲᠠ ᠶᠢᠨ ᠴᠡᠭ ᠤᠨ ᠰᠤᠷᠭᠠᠭᠤᠯᠢ ᠶᠢᠨ ᠰᠤᠷᠤᠭᠴᠢ᠂ ᠪᠠᠭᠰᠢ᠂

ᠭᠡᠷ ᠤᠨ ᠠᠬᠠᠮᠠᠳ ᠵᠡᠷᠭᠡ ᠠᠳᠠᠯᠢ ᠪᠤᠰᠤ ᠬᠠᠮᠲᠤᠯᠢᠭ  ᠤᠨ ᠣᠨᠴᠠᠯᠢᠭ ᠲᠤ ᠴᠢᠭᠯᠡᠭᠦᠯᠦᠨ᠂ ᠪᠠᠭᠰᠢ ᠪᠣᠯᠤᠨ

ᠰᠤᠷᠤᠭᠴᠢ ᠶᠢᠨ ᠬᠢᠴᠢᠶᠡᠯ ᠤᠨ ᠬᠡᠷᠡᠭᠯᠡᠭᠡᠨ ᠤ ᠨᠣᠮ᠂ ᠭᠡᠷ ᠤᠨ ᠠᠬᠠᠮᠠᠳ ᠤᠨ ᠰᠦᠯᠵᠢᠶᠡᠨ ᠳᠠᠬᠢ ᠪᠢᠴᠢᠯ ᠬᠢᠴᠢᠶᠡᠯ ᠢ

ᠨᠠᠶᠢᠷᠠᠭᠤᠯᠤᠨ᠂ ᠪᠠᠭᠰᠢ ᠪᠣᠯᠤᠨ ᠭᠡᠷ ᠤᠨ ᠠᠬᠠᠮᠠᠳ ᠤᠨ ᠳᠣᠷᠣᠮᠵᠢᠯᠠᠯ ᠤᠨ ᠠᠰᠠᠭᠤᠳᠠᠯ ᠤᠨ ᠲᠤᠬᠠᠢ ᠲᠠᠨᠢᠯᠲᠠ ᠶᠢ

ᠭᠦᠨᠵᠡᠭᠡᠶᠢᠷᠡᠭᠦᠯᠵᠦ᠂ ᠰᠤᠷᠤᠭᠴᠢᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ ᠪᠣᠯᠤᠨ ᠴᠢᠳᠠᠪᠤᠷᠢ ᠶᠢ

ᠨᠡᠮᠡᠭᠳᠡᠭᠦᠯᠪᠡ᠃ ᠭᠤᠣᠯᠯᠠᠭᠴᠢ ᠬᠦᠴᠦᠨ ᠤ ᠡᠩᠨᠡᠭᠡ ᠶᠢ ᠪᠠᠶᠢᠭᠤᠯᠪᠠ᠃ ᠰᠤᠷᠤᠭᠴᠢᠳ ᠤᠨ ᠳᠣᠷᠣᠮᠵᠢᠯᠠᠯ ᠢ

ᠰᠡᠷᠭᠡᠶᠢᠯᠡᠨ ᠵᠠᠰᠠᠬᠤ ᠲᠤᠰᠬᠠᠢ ᠰᠡᠳᠦᠪᠲᠦ ᠪᠣᠯᠪᠠᠰᠤᠷᠠᠯ ᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠺᠠᠳ᠋ᠷ

ᠪᠣᠯᠤᠨ ᠰᠤᠷᠭᠠᠭᠤᠯᠢ ᠶᠢᠨ ᠵᠠᠬᠢᠷᠤᠯ᠂ ᠪᠠᠭᠰᠢ ᠶᠢᠨ ᠠᠵᠢᠯ ᠤᠨ ᠪᠠᠶᠢᠷᠢ ᠶᠢᠨ ᠪᠣᠯᠪᠠᠰᠤᠷᠠᠯ ᠤᠨ ᠠᠭᠤᠯᠭ᠎ᠠ ᠳᠤ

ᠣᠷᠣᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ᠂ ᠰᠤᠷᠭᠠᠭᠤᠯᠢ ᠶᠢᠨ ᠵᠠᠰᠠᠭ ᠵᠠᠬᠢᠷᠭᠠᠨ ᠤ

ᠬᠠᠮᠢᠶᠠᠷᠤᠯᠲᠠ ᠶᠢᠨ ᠠᠵᠢᠯᠲᠠᠨ᠂ ᠠᠩᠭᠢ ᠶᠢᠨ ᠡᠷᠬᠢᠯᠡᠭᠴᠢ ᠪᠣᠯᠤᠨ ᠪᠠᠭᠰᠢ ᠵᠡᠷᠭᠡ ᠶᠢ ᠪᠣᠯᠪᠠᠰᠤᠷᠠᠭᠤᠯᠬᠤ

ᠶᠠᠪᠤᠴᠠ ᠳᠤ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠬᠦ ᠪᠠ ᠰᠢᠢᠳᠪᠦᠷᠢᠯᠡᠬᠦ ᠲᠤᠰᠬᠠᠢ ᠰᠡᠳᠦᠪᠲᠦ

ᠪᠣᠯᠪᠠᠰᠤᠷᠠᠯ ᠤᠨ ᠠᠭᠤᠯᠭ᠎ᠠ ᠶᠢ ᠨᠡᠮᠡᠭᠳᠡᠭᠦᠯᠵᠦ᠂ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠨᠢᠭᠡᠨ

ᠰᠠᠯᠠᠭ᠎ᠠ ᠭᠤᠣᠯᠯᠠᠬᠤ ᠪᠠᠭᠰᠢ ᠶᠢᠨ ᠡᠩᠨᠡᠭᠡ ᠶᠢ ᠬᠥᠮᠦᠵᠢᠭᠦᠯᠵᠦ᠂ ᠪᠦᠬᠦ ᠣᠷᠣᠨ ᠤ ᠳᠣᠷᠣᠮᠵᠢᠯᠠᠯ ᠢ ᠰᠡᠷᠭᠡᠶᠢᠯᠡᠨ

ᠵᠠᠰᠠᠬᠤ ᠠᠵᠢᠯ ᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠪᠠ᠃ ᠰᠡᠷᠭᠡᠶᠢᠯᠡᠨ ᠵᠠᠰᠠᠬᠤ ᠲᠤᠷᠰᠢᠯᠭ᠎ᠠ ᠶᠢ

ᠨᠢᠭᠲᠠ ᠪᠣᠯᠪᠠᠰᠤᠷᠠᠭᠤᠯᠪᠠ᠃ ᠰᠣᠳᠤᠯᠭᠠᠨ ᠪᠠ ᠦᠢᠯᠡᠳᠦᠯᠭᠡ ᠶᠢᠨ ᠦᠷ᠎ᠡ ᠪᠦᠲᠦᠭᠡᠯ ᠢ ᠬᠤᠷᠠᠮᠳᠤᠭᠤᠯᠵᠤ᠂

ᠰᠤᠷᠭᠠᠭᠤᠯᠢ ᠶᠢᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠲᠥᠰᠦᠯ᠂ ᠠᠵᠢᠯ ᠤᠨ ᠵᠦᠭᠯᠡᠭᠦᠷ ᠪᠠ ᠪᠠᠭᠠᠵᠢ ᠶᠢᠨ

ᠪᠠᠭᠯᠠᠭ᠎ᠠ ᠶᠢ ᠪᠦᠷᠢᠯᠳᠦᠭᠦᠯᠵᠦ᠂ ᠳᠣᠷᠣᠮᠵᠢᠯᠠᠯ ᠢ ᠰᠡᠷᠭᠡᠶᠢᠯᠡᠨ ᠵᠠᠰᠠᠬᠤ ᠦᠯᠢᠭᠡᠷ ᠳᠠᠭᠤᠷᠢᠶᠠᠯ ᠰᠤᠷᠭᠠᠭᠤᠯᠢ ᠶᠢ

ᠪᠠᠶᠢᠭᠤᠯᠤᠨ᠂ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠵᠤ᠂ ᠰᠤᠷᠤᠭᠴᠢᠳ ᠤᠨ ᠳᠣᠷᠣᠮᠵᠢᠯᠠᠯ ᠢ ᠪᠦᠲᠦᠮᠵᠢᠲᠡᠢ

ᠵᠠᠰᠠᠬᠤ ᠪᠠ ᠤᠷᠲᠤ ᠬᠤᠭᠤᠴᠠᠭ᠎ᠠ ᠪᠠᠷ ᠪᠦᠲᠦᠮᠵᠢᠲᠡᠢ ᠵᠠᠰᠠᠬᠤ ᠶᠢ ᠠᠬᠢᠭᠤᠯᠪᠠ᠃

3.webp.jpg

     ︽ᠨᠢᠭᠡ ᠴᠣᠭᠴᠠᠵᠢᠭᠤᠯᠤᠨ ᠠᠬᠢᠭᠤᠯᠬᠤ︾ ᠶᠢ ᠴᠢᠩᠭᠠᠳᠬᠠᠵᠤ᠂ ᠲᠠᠪᠤᠨ ᠬᠥᠮᠦᠵᠢᠯ ᠢ ᠵᠡᠷᠭᠡ ᠪᠠᠷ

ᠠᠳᠬᠤᠬᠤ ᠶᠢ ᠪᠡᠶᠡᠯᠡᠭᠦᠯᠪᠡ

      ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ᠃ ᠳᠤᠮᠳᠠᠳᠤ ᠪᠠᠭ᠎ᠠ ᠰᠤᠷᠭᠠᠭᠤᠯᠢ ᠶᠢᠨ

︽ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤᠢ︾ ᠶᠢᠨ ᠬᠢᠴᠢᠶᠡᠯ ᠤᠨ ᠴᠢᠬᠤᠯᠠ ᠦᠢᠯᠡᠳᠦᠯ ᠢ ᠭᠦᠢᠴᠡᠳ

ᠪᠠᠳᠠᠷᠠᠭᠤᠯᠵᠤ᠂ ︽ᠪᠦᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠮᠤᠷ ᠲᠦᠪᠰᠢᠨ ᠤ

ᠬᠥᠮᠦᠵᠢᠯ ᠤᠨ ᠡᠳᠦᠷ︾᠂ ︽ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠵᠡᠷᠭᠡ

ᠴᠢᠬᠤᠯᠠ ᠴᠠᠭ ᠢ ᠠᠰᠢᠭᠯᠠᠨ᠂ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠬᠦ ᠵᠡᠷᠭᠡ ᠭᠤᠣᠯᠳᠠᠯᠭ᠎ᠠ ᠲᠠᠢ

ᠠᠭᠤᠯᠭ᠎ᠠ ᠶᠢᠨ ᠲᠣᠭᠤᠷᠢᠨ ᠳᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠦᠯᠦ

ᠬᠦᠷᠦᠭᠰᠡᠳ ᠢ ᠬᠠᠮᠠᠭᠠᠯᠠᠬᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ

ᠦᠯᠦ ᠬᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠬᠠᠤᠯᠢ︾ ᠵᠡᠷᠭᠡ ᠶᠢᠨ ᠤᠬᠠᠭᠤᠯᠤᠨ ᠲᠠᠶᠢᠯᠪᠤᠷᠢᠯᠠᠯᠲᠠ ᠶᠢ

309 ᠲᠠᠯᠠᠪᠤᠷ ᠡᠷᠬᠢᠯᠡᠵᠦ᠂ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠣᠷᠣᠮᠵᠢᠯᠠᠯ ᠢ

ᠰᠡᠷᠭᠡᠶᠢᠯᠡᠨ ᠵᠠᠰᠠᠬᠤ ᠪᠠ ᠬᠦᠴᠦᠷᠬᠡᠭᠯᠡᠯ ᠢ ᠵᠢᠯᠣᠭᠤᠳᠬᠤ ᠭᠠᠷ ᠠᠪᠤᠯᠭ᠎ᠠ︾ ᠶᠢ 20 ᠲᠦᠮᠡᠨ ᠳᠡᠪᠲᠡᠷ          

ᠲᠠᠷᠬᠠᠭᠠᠪᠠ᠃ ᠲᠠᠪᠤᠨ ᠬᠥᠮᠦᠵᠢᠯ ᠢ ᠵᠡᠷᠭᠡ ᠪᠠᠷ ᠠᠳᠬᠤᠬᠤ ᠶᠢ ᠪᠠᠷᠢᠮᠲᠠᠯᠠᠪᠠ᠃ ᠳᠤᠮᠳᠠᠳᠤ ᠪᠠᠭ᠎ᠠ ᠰᠤᠷᠭᠠᠭᠤᠯᠢ  ᠶᠢᠨ

ᠰᠡᠳᠬᠢᠴᠡ ᠶᠢᠨ ᠡᠷᠡᠭᠦᠯ ᠮᠡᠨᠳᠦ ᠶᠢᠨ ᠲᠤᠰᠬᠠᠢ ᠲᠤᠰᠢᠶᠠᠯᠲᠤ ᠪᠠᠭᠰᠢ ᠪᠠ ᠵᠢᠭᠠᠬᠤ ᠶᠢ ᠰᠤᠳᠤᠯᠤᠭᠴᠢ ᠶᠢ ᠪᠦᠷᠢᠨ

ᠭᠦᠢᠴᠡᠳ ᠪᠠᠶᠢᠭᠤᠯᠤᠨ ᠬᠦᠴᠦᠷᠬᠡᠭᠵᠢᠭᠦᠯᠵᠦ᠂ ︽ᠰᠡᠳᠬᠢᠯ ᠢ ᠮᠡᠳᠡᠭᠴᠢ ᠠᠩᠭᠢ ᠶᠢᠨ ᠡᠷᠬᠢᠯᠡᠭᠴᠢ ᠶᠢᠨ ᠭᠠᠷ

ᠠᠪᠤᠯᠭ᠎ᠠ︾᠂ ︽ᠰᠡᠳᠬᠢᠴᠡ ᠶᠢᠨ ᠬᠢᠮᠤᠷᠠᠯ ᠢ ᠬᠠᠮᠢᠶᠠᠷᠬᠤ ᠬᠡᠷᠡᠭ ᠤᠨ ᠵᠢᠱᠢᠶ᠎ᠡ︾ ᠵᠡᠷᠭᠡ ᠬᠡᠷᠡᠭᠰᠡᠯ ᠤᠨ ᠪᠢᠴᠢᠭ ᠢ

ᠨᠠᠶᠢᠷᠠᠭᠤᠯᠤᠨ ᠵᠣᠬᠢᠶᠠᠵᠤ᠂ ᠪᠡᠶ᠎ᠡ ᠶᠢᠨ ᠲᠠᠮᠢᠷ ᠪᠠ ᠡᠷᠡᠭᠦᠯ ᠮᠡᠨᠳᠦ ᠶᠢᠨ ᠬᠢᠴᠢᠶᠡᠯ ᠢ ᠪᠦᠷᠢᠨ ᠭᠦᠢᠴᠡᠳ ᠨᠡᠭᠡᠭᠡᠵᠦ᠂

︽ᠳᠣᠯᠣᠭᠠᠨ ᠨᠢᠭᠡ︾ ᠶᠢᠨ ᠠᠵᠢᠯᠯᠠᠭ᠎ᠠ ᠶᠢ ᠴᠢᠨᠠᠷᠯᠢᠭ ᠰᠠᠶᠢᠲᠤᠷ ᠪᠡᠶᠡᠯᠡᠭᠦᠯᠪᠡ᠃ ︽ᠰᠡᠳᠬᠢᠯ ᠢᠶᠠᠷ ᠬᠠᠯᠠᠭᠤᠨ

ᠳᠤᠯᠠᠭᠠᠨ ᠢ ᠮᠡᠳᠡᠷᠡᠵᠦ ᠢᠷᠡᠭᠡᠳᠦᠢ ᠶᠢ ᠬᠠᠮᠲᠤ ᠳᠤ ᠪᠠᠨ ᠴᠣᠭᠴᠠᠯᠠᠶ᠎ᠠ︾ ᠭᠡᠬᠦ 5.25 ᠤᠬᠠᠭᠤᠯᠭ᠎ᠠ ᠶᠢᠨ ᠰᠠᠷ᠎ᠠ ᠶᠢᠨ

ᠠᠵᠢᠯᠯᠠᠭ᠎ᠠ ᠶᠢ ᠥᠷᠨᠢᠭᠦᠯᠵᠦ᠂ ᠪᠠᠭᠰᠢ᠂ ᠭᠡᠷ ᠤᠨ ᠠᠬᠠᠮᠠᠳ᠂ ᠰᠤᠷᠤᠭᠴᠢ ᠵᠡᠷᠭᠡ ᠬᠠᠮᠲᠤᠯᠢᠭ ᠲᠤ ᠴᠢᠭᠯᠡᠭᠦᠯᠦᠨ 80

ᠭᠠᠷᠤᠢ ᠪᠠᠶᠢᠷᠢ ᠲᠠᠯᠠᠪᠤᠷ ᠰᠡᠳᠬᠢᠴᠡ ᠶᠢᠨ ᠬᠠᠪᠰᠤᠷᠤᠨ ᠵᠢᠯᠣᠭᠤᠳᠣᠯᠭ᠎ᠠ ᠶᠢ ᠥᠷᠨᠢᠭᠦᠯᠪᠡ᠃ ᠬᠥᠳᠡᠯᠮᠦᠷᠢ ᠶᠢᠨ

ᠬᠥᠮᠦᠵᠢᠯ ᠢ ᠬᠡᠷᠡᠭᠵᠢᠭᠦᠯᠬᠦ ᠠᠷᠭ᠎ᠠ ᠵᠠᠮ ᠢ ᠪᠠᠶᠠᠯᠢᠭᠵᠢᠭᠤᠯᠵᠤ᠂ ᠥᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ

ᠱᠠᠲᠤᠨ ᠤ ᠬᠥᠳᠡᠯᠮᠦᠷᠢ ᠶᠢᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ 35 ᠶᠢ ᠪᠠᠶᠢᠭᠤᠯᠵᠤ᠂

ᠰᠤᠷᠤᠭᠴᠢᠳ ᠬᠥᠳᠡᠯᠮᠦᠷᠢᠯᠡᠬᠦ ᠶᠠᠪᠤᠴᠠ ᠳᠤ ᠪᠠᠶᠠᠷ ᠪᠠᠶᠠᠰᠬᠤᠯᠠᠩ ᠲᠠᠢ ᠦᠰᠦᠨ ᠪᠣᠶᠢᠵᠢᠪᠠ᠃ ᠰᠠᠯᠠᠭ᠎ᠠ

ᠮᠥᠴᠢᠷ ᠤᠨ ᠬᠤᠯᠪᠤᠯᠳᠤᠨ ᠬᠥᠳᠡᠯᠦᠯᠴᠡᠬᠦ ᠦᠢᠯᠡᠳᠦᠯ ᠢ ᠪᠠᠳᠠᠷᠠᠭᠤᠯᠪᠠ᠃ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂

ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠵᠡᠷᠭᠡ

ᠲᠥᠷᠥ ᠶᠢᠨ ᠪᠠᠶᠢᠭᠤᠯᠭ᠎ᠠ ᠶᠢ ᠵᠣᠬᠢᠴᠠᠭᠤᠯᠤᠨ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠬᠥᠮᠦᠵᠢᠯ ᠤᠨ

ᠠᠵᠢᠯ ᠢ ᠳᠡᠮᠵᠢᠬᠦ ᠪᠠ ᠲᠡᠭᠦᠨ ᠳᠤ ᠣᠷᠣᠯᠴᠠᠭᠤᠯᠵᠤ᠂ ᠰᠤᠷᠭᠠᠭᠤᠯᠢ ᠳᠤ ᠭᠦᠨᠵᠡᠭᠡᠶᠢᠷᠡᠨ ᠬᠠᠤᠯᠢ  ᠪᠠᠷ ᠵᠠᠰᠠᠬᠤ

ᠤᠬᠠᠭᠤᠯᠭ᠎ᠠ ᠬᠥᠮᠦᠵᠢᠯ ᠢ ᠥᠷᠨᠢᠭᠦᠯᠵᠦ᠂ ᠡᠯ᠎ᠡ ᠰᠠᠯᠠᠭ᠎ᠠ ᠮᠥᠴᠢᠷ ᠤᠨ ᠬᠠᠤᠯᠢ  ᠪᠠᠷ ᠵᠠᠰᠠᠬᠤ ᠡᠬᠢ ᠪᠠᠶᠠᠯᠢᠭ ᠤᠨ

ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠤᠷᠤᠭᠴᠢᠳ ᠲᠤ ᠬᠠᠤᠯᠢ ᠪᠠᠷ ᠵᠠᠰᠠᠬᠤ ᠬᠥᠮᠦᠵᠢᠯ ᠦᠢᠯᠡᠳᠦᠯᠭᠡ ᠶᠢᠨ

ᠠᠵᠠ ᠲᠣᠬᠢᠶᠠᠯ ᠪᠠ ᠲᠠᠪᠴᠠᠩ ᠢ ᠬᠠᠩᠭᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map