ᠪᠦᠬᠦ ᠤᠯᠤᠰ ᠤᠨ ᠰᠤᠷᠭᠠᠨ ᠬᠥᠮᠦᠵᠢᠯ ᠤᠨ ᠴᠤᠤᠷᠬᠠᠯ ᠢ ᠨᠢᠴᠤᠭᠠᠬᠤ ᠲᠠᠪᠴᠠᠩ ᠵᠢᠩᠬᠢᠨᠢ ᠪᠠᠷ ᠰᠦᠯᠵᠢᠶᠡᠨ ᠳᠤ ᠭᠠᠷᠪᠠ
ᠨᠡᠶᠢᠲᠡᠯᠡᠭᠰᠡᠨ ᠴᠠᠭ᠄
2024/3/29
      3 ᠰᠠᠷ᠎ᠠ ᠶᠢᠨ 21 ᠤ ᠡᠳᠦᠷ᠂ ᠪᠦᠬᠦ ᠤᠯᠤᠰ ᠤᠨ ᠰᠤᠷᠭᠠᠨ ᠬᠥᠮᠦᠵᠢᠯ ᠤᠨ ᠴᠤᠤᠷᠬᠠᠯ  ᠢ ᠨᠢᠴᠤᠭᠠᠬᠤ ᠲᠠᠪᠴᠠᠩ ︵http://jypy.jyb.cn︶ ᠵᠢᠩᠬᠢᠨᠢ ᠪᠠᠷ ᠰᠦᠯᠵᠢᠶᠡᠨ ᠳᠤ ᠭᠠᠷᠪᠠ᠃ ᠲᠠᠪᠴᠠᠩ ᠪᠣᠯ ᠰᠤᠷᠭᠠᠨ ᠬᠥᠮᠦᠵᠢᠯ ᠤᠨ ᠬᠦᠷᠢᠶᠡᠨ ᠤ ᠴᠤᠤᠷᠬᠠᠯ ᠢ ᠢᠯᠡᠷᠡᠭᠦᠯᠬᠦ᠂ ᠴᠤᠤᠷᠬᠠᠯ ᠢ ᠪᠠᠶᠢᠴᠠᠭᠠᠨ ᠲᠣᠳᠣᠯᠠᠬᠤ᠂ ᠴᠤᠤᠷᠬᠠᠯ ᠢ ᠲᠣᠳᠣᠷᠬᠠᠶᠢᠯᠠᠬᠤ ᠡᠷᠬᠡ ᠰᠦᠷᠲᠦ ᠠᠷᠭ᠎ᠠ ᠵᠠᠮ ᠮᠥᠨ᠂ ᠪᠦᠬᠦ ᠤᠯᠤᠰ ᠤᠨ ᠰᠦᠯᠵᠢᠶᠡᠨ ᠤ ᠴᠤᠤᠷᠬᠠᠯ ᠢ ᠨᠢᠴᠤᠭᠠᠬᠤ ᠬᠤᠯᠪᠤᠯᠳᠤᠨ ᠬᠥᠳᠡᠯᠦᠯᠴᠡᠬᠦ ᠲᠣᠭᠲᠠᠴᠠ ᠳᠤ ᠲᠦᠰᠢᠭᠯᠡᠨ᠂ ᠳᠤᠮᠳᠠᠳᠤ ᠤᠯᠤᠰ ᠤᠨ ᠢᠨᠲ᠋ᠧᠷ ᠰᠦᠯᠵᠢᠶᠡᠨ ᠤ ᠬᠤᠯᠪᠤᠭᠠᠲᠤ ᠴᠤᠤᠷᠬᠠᠯ ᠢ ᠨᠢᠴᠤᠭᠠᠬᠤ ᠲᠠᠪᠴᠠᠩ᠂ ᠲᠥᠪ ᠤᠨ ᠭᠤᠣᠯᠳᠠᠯᠭ᠎ᠠ ᠲᠠᠢ ᠰᠣᠨᠢᠨ ᠮᠡᠳᠡᠭᠡᠨ  ᠤ ᠰᠦᠯᠵᠢᠶ᠎ᠡ ᠪᠠ ᠣᠷᠣᠨ ᠨᠤᠲᠤᠭ ᠤᠨ ᠴᠤᠤᠷᠬᠠᠯ ᠢ ᠨᠢᠴᠤᠭᠠᠬᠤ ᠲᠠᠪᠴᠠᠩ᠂ ᠠᠯᠪᠠᠨ ᠤ ᠰᠦᠯᠵᠢᠶ᠎ᠡ ᠵᠢᠴᠢ ᠣᠷᠣᠨ ᠨᠤᠲᠤᠭ ᠤᠨ ᠰᠤᠷᠭᠠᠨ ᠬᠥᠮᠦᠵᠢᠯ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠶᠡᠭᠡ ᠳᠡᠭᠡᠳᠦ ᠰᠤᠷᠭᠠᠭᠤᠯᠢ ᠵᠡᠷᠭᠡ ᠬᠠᠮᠵᠢᠨ ᠬᠥᠳᠡᠯᠦᠯᠴᠡᠵᠦ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠰᠦᠯᠵᠢᠶᠡᠨ ᠤ ᠴᠤᠤᠷᠬᠠᠯ ᠢ ︽ᠬᠤᠯᠪᠣᠭᠠᠯᠠᠨ ᠬᠥᠳᠡᠯᠦᠯᠴᠡᠵᠦ ᠢᠯᠡᠴᠢᠯᠡᠬᠦ᠂ ᠬᠤᠯᠪᠣᠭᠠᠯᠠᠨ ᠬᠥᠳᠡᠯᠦᠯᠴᠡᠵᠦ ᠪᠠᠶᠢᠴᠠᠭᠠᠨ ᠲᠣᠳᠤᠯᠠᠬᠤ᠂ ᠬᠤᠯᠪᠣᠭᠠᠯᠠᠨ ᠬᠥᠳᠡᠯᠦᠯᠴᠡᠵᠦ ᠴᠤᠤᠷᠬᠠᠯ ᠢ ᠨᠢᠴᠤᠭᠠᠬᠤ︾ ᠠᠵᠢᠯ ᠤᠨ ᠵᠠᠭᠪᠤᠷ ᠢ ᠪᠠᠶᠢᠭᠤᠯᠵᠤ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠰᠠᠶᠢᠨ ᠰᠠᠶᠢᠠᠬᠠᠨ ᠰᠦᠯᠵᠢᠶᠡᠨ ᠤ ᠣᠷᠣᠨ ᠵᠠᠢ ᠶᠢ ᠪᠣᠢ ᠪᠣᠯᠭᠠᠬᠤ ᠳᠤ ᠢᠳᠡᠪᠬᠢᠲᠡᠢ ᠬᠦᠴᠦᠨ ᠨᠡᠮᠡᠷᠢᠯᠡᠨ᠎ᠡ᠃      ᠪᠦᠬᠦ ᠤᠯᠤᠰ ᠤᠨ ᠰᠤᠷᠭᠠᠨ ᠬᠥᠮᠦᠵᠢᠯ ᠤᠨ ᠴᠤᠤᠷᠬᠠᠯ ᠢ ᠨᠢᠴᠤᠭᠠᠬᠤ ᠲᠠᠪᠴᠠᠩ ︽ᠲᠠᠪᠤᠨ ᠲᠠᠪᠴᠠᠩ ᠨᠢᠭᠡ ᠰᠠᠮᠪᠠᠷ᠎ᠠ︾ ᠶᠢ ᠪᠠᠶᠢᠭᠤᠯᠵᠤ᠂ ᠢᠯᠡᠴᠢᠯᠡᠬᠦ ᠲᠠᠪᠴᠠᠩ᠂ ᠬᠠᠷᠢᠭᠤ ᠪᠤᠴᠠᠭᠠᠬᠤ ᠲᠠᠪᠴᠠᠩ᠂ ᠰᠠᠨᠠᠭᠤᠯᠬᠤ ᠳᠠᠪᠴᠠᠩ᠂ ᠰᠤᠷᠤᠯᠴᠠᠬᠤ ᠲᠠᠪᠴᠠᠩ᠂ ᠪᠠᠶᠢᠴᠠᠭᠠᠨ ᠲᠣᠳᠤᠯᠠᠬᠤ ᠲᠠᠪᠴᠠᠩ ᠪᠠ ᠴᠤᠤᠷᠬᠠᠯ ᠢ ᠨᠢᠴᠤᠭᠠᠬᠤ ᠰᠠᠮᠪᠠᠷ᠎ᠠ ᠶᠢ ᠪᠠᠭᠲᠠᠭᠠᠨ᠂ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠴᠤᠤᠷᠬᠠᠯ ᠢ ᠴᠠᠭ ᠲᠤᠬᠠᠢ ᠳᠤ ᠨᠢ ᠨᠢᠴᠤᠭᠠᠵᠤ᠂ ᠴᠠᠭ ᠲᠤᠬᠠᠢ ᠳᠤ ᠨᠢ ᠢᠯᠡᠴᠢᠯᠡᠨ᠎ᠡ᠃ ᠢᠯᠡᠴᠢᠯᠡᠬᠦ ᠳᠠᠪᠴᠠᠩ ᠰᠤᠷᠭᠠᠨ ᠬᠥᠮᠦᠵᠢᠯ ᠤᠨ ᠬᠦᠷᠢᠶᠡᠨ ᠳᠠᠬᠢ ᠡᠯ᠎ᠡ ᠲᠥᠷᠥᠯ ᠤᠨ ᠴᠤᠤᠷᠬᠠᠯ ᠢ ᠨᠢᠴᠤᠭᠠᠬᠤ ᠮᠡᠳᠡᠭᠡ ᠵᠠᠩᠭᠢ ᠶᠢ ᠴᠠᠭ ᠲᠤᠬᠠᠢ ᠳᠤ ᠨᠢ  ᠨᠡᠶᠢᠲᠡᠯᠡᠨ᠎ᠡ︔ ᠬᠠᠷᠢᠭᠤ ᠪᠤᠴᠠᠭᠠᠬᠤ ᠲᠠᠪᠴᠠᠩ ᠰᠤᠷᠭᠠᠨ ᠬᠥᠮᠦᠵᠢᠯ ᠤᠨ ᠡᠷᠬᠡ ᠰᠦᠷᠲᠦ ᠰᠠᠯᠠᠭ᠎ᠠ ᠮᠥᠴᠢᠷ ᠤᠨ ᠬᠠᠯᠠᠮᠰᠢᠯ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠷᠢᠭᠤ ᠪᠤᠴᠠᠭᠠᠬᠤ ᠮᠡᠳᠡᠭᠡ ᠵᠠᠩᠭᠢ ᠳᠤ ᠠᠩᠬᠠᠷᠤᠯ ᠢᠶᠠᠨ ᠲᠥᠪᠯᠡᠷᠡᠭᠦᠯᠪᠡ︔ ᠰᠠᠨᠠᠭᠤᠯᠬᠤ ᠳᠠᠪᠴᠠᠩ ᠰᠡᠷᠡᠮᠵᠢᠯᠡᠭᠦᠯᠵᠦ ᠰᠠᠨᠠᠭᠤᠯᠬᠤ ᠮᠡᠳᠡᠭᠡ ᠵᠠᠩᠭᠢ  ᠶᠢ ᠴᠤᠭᠯᠠᠭᠤᠯᠵᠤ᠂ ᠣᠯᠠᠨ ᠢ ᠬᠠᠪᠰᠤᠷᠤᠨ ᠴᠤᠤᠷᠬᠠᠯ ᠢ ᠨᠠᠷᠢᠯᠢᠭ ᠣᠨᠣᠴᠠᠲᠠᠢ ᠲᠠᠨᠢᠭᠤᠯᠤᠨ᠎ᠠ︔ ᠰᠤᠷᠤᠯᠴᠠᠬᠤ ᠳᠠᠪᠴᠠᠩ ᠰᠦᠯᠵᠢᠶᠡᠨ ᠤ ᠴᠤᠤᠷᠬᠠᠯ ᠢ ᠴᠡᠴᠡᠭᠯᠡᠨ ᠵᠠᠰᠠᠬᠤ ᠶᠢ ᠴᠢᠩᠭᠠᠳᠬᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ᠂ ᠰᠣᠨᠢᠨ ᠮᠡᠳᠡᠭᠡᠨ ᠤ ᠬᠠᠨᠳᠤᠰᠢ ᠵᠡᠷᠭᠡ ᠶᠢ  ᠰᠢᠩᠭᠡᠭᠡᠨ ᠣᠷᠣᠭᠤᠯᠪᠠ︔ ᠪᠠᠶᠢᠴᠠᠭᠠᠨ ᠲᠣᠳᠣᠯᠠᠬᠤ ᠳᠠᠪᠴᠠᠩ ︽ᠰᠤᠷᠭᠠᠭᠤᠯᠢ  ᠶᠢᠨ ᠬᠦᠷᠢᠶᠡᠨ ᠤ ᠠᠮᠤᠷ ᠲᠦᠪᠰᠢᠨ︾᠂ ︽ᠰᠤᠷᠭᠠᠭᠤᠯᠢ ᠶᠢᠨ ᠬᠦᠷᠢᠶᠡᠨ ᠤ ᠬᠠᠮᠢᠶᠠᠷᠤᠯᠲᠠ︾᠂ ︽ᠵᠢᠭᠠᠬᠤ ᠮᠠᠲ᠋ᠧᠷᠢᠶᠠᠯ ᠬᠢᠴᠢᠶᠡᠯ︾᠂ ︽ᠰᠢᠯᠭᠠᠯᠲᠠ ᠪᠠᠷ ᠰᠤᠷᠤᠭᠴᠢ ᠡᠯᠰᠡᠬᠦ︾᠂ ︽ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ︾ ᠵᠡᠷᠭᠡ ᠵᠠᠩᠭᠢᠯᠠᠭ᠎ᠠ ᠶᠢᠨ ᠦᠭᠡ ᠪᠠᠷ ᠴᠤᠤᠷᠬᠠᠯ ᠢ ᠲᠥᠷᠥᠯ ᠬᠤᠪᠢᠶᠠᠵᠤ᠂ ᠣᠯᠠᠨ ᠤ ᠪᠠᠶᠢᠴᠠᠭᠠᠨ  ᠲᠣᠳᠤᠯᠠᠬᠤ ᠳᠤ ᠳᠥᠭᠦᠮ ᠦᠵᠡᠭᠦᠯᠪᠡ︔ ᠴᠤᠤᠷᠬᠠᠯ ᠢ ᠨᠢᠴᠤᠭᠠᠬᠤ ᠰᠠᠮᠪᠠᠷ᠎ᠠ ᠳᠤ ᠠᠩᠬᠠᠷᠤᠯ ᠤᠨ ᠬᠡᠮᠵᠢᠶ᠎ᠡ ᠶᠡᠭᠡ ᠰᠤᠷᠭᠠᠨ ᠬᠥᠮᠦᠵᠢᠯ ᠤᠨ ᠴᠤᠤᠷᠬᠠᠯ ᠤᠨ ᠮᠡᠳᠡᠭᠡ ᠵᠠᠩᠭᠢ ᠶᠢ ᠨᠠᠷᠢᠯᠢᠭ ᠰᠣᠩᠭᠤᠵᠤ ᠭᠡᠷᠡᠯ ᠵᠢᠷᠤᠭ ᠪᠤᠶᠤ ᠣᠬᠤᠷ ᠸᠢᠳᠢᠣ᠋ ᠶᠢᠨ ᠬᠡᠯᠪᠡᠷᠢ ᠪᠠᠷ ᠰᠠᠷ᠎ᠠ ᠪᠣᠯᠭᠠᠨ ᠠᠵᠢᠯᠯᠠᠭ᠎ᠠ ᠥᠷᠨᠢᠭᠦᠯᠪᠡ᠃     ᠪᠦᠬᠦ ᠤᠯᠤᠰ ᠤᠨ ᠰᠤᠷᠭᠠᠨ ᠬᠥᠮᠦᠵᠢᠯ ᠤᠨ ᠴᠤᠤᠷᠬᠠᠯ ᠢ ᠨᠢᠴᠤᠭᠠᠬᠤ ᠲᠠᠪᠴᠠᠩ ᠢ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠰᠣᠨᠢᠨ ᠮᠡᠳᠡᠭᠡᠨ ᠤ ᠰᠦᠯᠵᠢᠶ᠎ᠡ ᠳᠠᠭᠠᠭᠠᠴᠢᠯᠠᠨ ᠡᠷᠬᠢᠯᠡᠪᠡ᠃ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠰᠣᠨᠢᠨ ᠮᠡᠳᠡᠭᠡᠨ ᠤ ᠰᠦᠯᠵᠢᠶ᠎ᠡ ᠲᠤᠰᠬᠠᠢ ᠪᠤᠯᠤᠩ ᠭᠠᠷᠭᠠᠭᠰᠠᠨ ᠠᠴᠠ ᠭᠠᠳᠠᠨ᠎ᠠ᠂ ᠰᠤᠷᠭᠠᠨ ᠬᠥᠮᠦᠵᠢᠯ ᠤᠨ ᠶᠠᠮᠤᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠸᠢᠴᠠᠲ ᠤᠨ ᠰᠤᠷᠭᠠᠨ ᠬᠥᠮᠦᠵᠢᠯ᠂ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠬᠡᠷᠡᠭᠯᠡᠭᠴᠢ ᠶᠢᠨ ᠦᠵᠦᠭᠦᠷ ᠵᠢᠴᠢ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠰᠣᠨᠢᠨ ᠤ ᠸᠢᠴᠠᠲ᠂ ᠸᠧᠢ ᠪᠥᠸᠧ᠂ ᠬᠡᠷᠡᠭᠯᠡᠭᠴᠢ ᠶᠢᠨ ᠦᠵᠦᠭᠦᠷ ᠵᠡᠷᠭᠡ ᠴᠦ ᠵᠡᠷᠭᠡ ᠪᠠᠷ ᠲᠤᠰᠬᠠᠢ ᠪᠤᠯᠤᠩ ᠭᠠᠷᠭᠠᠵᠤ᠂ ᠡᠯ᠎ᠡ ᠲᠥᠷᠥᠯ ᠤᠨ ᠴᠤᠤᠷᠬᠠᠯ ᠢ ᠨᠢᠴᠤᠭᠠᠬᠤ ᠮᠡᠳᠡᠭᠡ ᠵᠠᠩᠭᠢ ᠶᠢ ᠭᠤᠣᠯᠳᠠᠯᠭ᠎ᠠ ᠲᠠᠢ ᠬᠦᠷᠭᠡᠬᠦ ᠪᠣᠯᠤᠨ᠎ᠠ᠃      ᠵᠡᠭᠦᠨ ᠲᠠᠯ᠎ᠠ ᠶᠢᠨ ᠳᠣᠣᠷ᠎ᠠ ᠥᠨᠴᠥᠭ ᠤᠨ ︽ᠤᠭ ᠵᠣᠬᠢᠶᠠᠯ ᠢ ᠤᠩᠰᠢᠬᠤ︾ ᠶᠢ ᠳᠣᠶ᠋ᠢᠵᠤ᠂ ᠪᠦᠬᠦ ᠤᠯᠤᠰ ᠤᠨ ᠰᠤᠷᠭᠠᠨ ᠬᠥᠮᠦᠵᠢᠯ ᠤᠨ ᠴᠤᠤᠷᠬᠠᠯ ᠢ ᠨᠢᠴᠤᠭᠠᠬᠤ ᠲᠠᠪᠴᠠᠩ ᠳᠤ ᠣᠷᠣᠨ᠎ᠠ᠂ ᠡᠰᠡᠬᠦᠯ᠎ᠡ ︽ᠸᠢᠴᠠᠲ ᠤᠨ ᠰᠤᠷᠭᠠᠨ ᠬᠥᠮᠦᠵᠢᠯ︾ ᠤᠨ ᠸᠢᠴᠠᠲ ᠢ ᠠᠩᠬᠠᠷᠴᠤ᠂ ᠣᠯᠠᠨ ᠨᠡᠶᠢᠲᠡ ᠶᠢᠨ ᠲᠠᠪᠴᠠᠩ ᠤᠨ ᠲᠡᠷᠢᠭᠦᠨ ᠨᠢᠭᠤᠷ ᠤᠨ ︽ᠦᠢᠯᠡᠴᠢᠯᠡᠭᠡ︾ ᠶᠢ ᠳᠣᠶ᠋ᠢᠵᠤ᠂ ︽ᠴᠤᠤᠷᠬᠠᠯ ᠢ ᠨᠢᠴᠤᠭᠠᠬᠤ ᠲᠠᠪᠴᠠᠩ︾ ᠢ ᠰᠣᠩᠭᠤᠨ ᠣᠷᠣᠵᠤ ᠪᠣᠯᠤᠨ᠎ᠠ᠃
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map