ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/3/7
        ᠥᠪᠥᠷ ᠰᠤᠷᠭᠠᠨ ᠪᠡᠶ᠎ᠡ ᠶᠢᠨ ᠲᠠᠮᠢᠷ ᠤᠷᠠᠯᠢᠭ ᠪᠢᠴᠢᠭ ﹇2024﹈ 11 ᠳ᠋ᠦ᠋ᠭᠡᠷ ᠲᠣᠭᠠᠲᠤᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ᠂ ᠡᠯ᠎ᠡ ᠳᠡᠭᠡᠳᠦ ᠰᠤᠷᠭᠠᠭᠤᠯᠢ ᠳᠤ᠄      ᠪᠦᠬᠦ ᠣᠷᠣᠨ ᠤ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠨ ᠡᠵᠡᠮᠰᠢᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮ ᠨᠢᠭᠡ ᠠᠯᠬᠤᠮ ᠪᠠᠳᠠᠷᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠰᠤᠷᠤᠭᠴᠢᠳ ᠤᠨ ᠦᠨᠳᠦᠰᠦᠲᠡᠨ ᠤ  ᠣᠮᠣᠭᠰᠢᠯ ᠪᠠ ᠰᠣᠶᠣᠯ ᠤᠨ ᠮᠡᠳᠡᠷᠡᠮᠵᠢ ᠶᠢ ᠦᠨᠡᠨ ᠬᠦ ᠳᠡᠭᠡᠭᠰᠢᠯᠡᠭᠦᠯᠦᠨ᠂ ᠵᠠᠯᠠᠭᠤᠴᠤᠳ ᠪᠠᠭᠠᠴᠤᠳ ᠤᠨ ᠪᠣᠳᠠᠰ ᠤᠨ ᠪᠤᠰᠤ ᠰᠣᠶᠣᠯ ᠤᠨ ᠥᠪ ᠢ ᠬᠥᠮᠥᠵᠢᠭᠦᠯᠬᠦ᠂ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠠᠪᠤᠴᠠ ᠳᠠᠬᠢ ᠢᠳᠡᠪᠬᠢᠲᠡᠢ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠦᠭᠡ᠂ ᠪᠣᠳᠠᠰ ᠤᠨ ᠪᠤᠰᠤ ᠰᠣᠶᠣᠯ ᠤᠨ ᠥᠪ ᠵᠡᠷᠭᠡ ᠤᠯᠠᠮᠵᠢᠯᠠᠯᠲᠤ ᠰᠣᠶᠣᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠤᠭᠰᠠᠨ ᠪᠠᠶᠢᠳᠠᠯ ᠢ ᠣᠶᠢᠯᠠᠭᠠᠵᠤ ᠪᠠᠶᠢᠴᠠᠭᠠᠨ ᠰᠣᠳᠤᠯᠬᠤ ᠶᠢ ᠥᠷᠨᠢᠭᠦᠯᠪᠡ᠂ ᠡᠳᠦᠭᠡ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠮᠡᠳᠡᠭᠳᠡᠶ᠎ᠡ᠃      ᠨᠢᠭᠡ᠂ ᠠᠵᠢᠯ ᠥᠷᠨᠢᠭᠦᠯᠦᠭᠰᠡᠨ ᠪᠠᠶᠢᠳᠠᠯ ᠢᠶᠠᠨ ᠪᠦᠬᠦ ᠲᠠᠯ᠎ᠠ ᠪᠠᠷ ᠳ᠋ᠦᠩᠨᠡᠨ᠎ᠡ      ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ᠂ ᠡᠯ᠎ᠡ ᠳᠡᠭᠡᠳᠦ ᠰᠤᠷᠭᠠᠭᠤᠯᠢ ᠣᠶᠢᠷ᠎ᠠ ᠶᠢᠨ ᠵᠢᠯ ᠤᠨ ᠲᠤᠷᠰᠢᠬᠢ ᠲᠤᠰ ᠭᠠᠵᠠᠷ ᠣᠷᠣᠨ᠂ ᠲᠤᠰ ᠰᠤᠷᠭᠠᠭᠤᠯᠢ ᠶᠢᠨ ᠢᠶᠠᠨ ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠪᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ  ᠢ ᠰᠤᠷᠭᠠᠨ ᠬᠥᠮᠦᠵᠢᠯ ᠵᠢᠭᠠᠨ ᠰᠤᠷᠭᠠᠯᠲᠠ ᠳᠤ ᠠᠭᠤᠰᠬᠠᠬᠤ ᠵᠡᠷᠭᠡ ᠬᠠᠮᠢᠶ᠎ᠠ ᠪᠦᠬᠦᠢ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠬᠢᠨᠠᠮᠠᠭᠠᠢ ᠡᠮᠬᠢᠯᠡᠨ ᠲᠢᠭᠯᠡᠵᠦ᠂ ᠪᠦᠬᠦ ᠲᠠᠯ᠎ᠠ ᠪᠠᠷ ᠳ᠋ᠦᠩᠨᠡᠬᠦ  ᠶᠢᠨ ᠬᠠᠮᠲᠤ ᠪᠠᠶᠢᠴᠠᠭᠠᠨ ᠰᠣᠳᠤᠯᠤᠭᠰᠠᠨ ᠮᠡᠳᠡᠭᠦᠯᠦᠯᠲᠡ ᠢ ᠪᠢᠴᠢᠨ᠎ᠡ᠃ ᠡᠯ᠎ᠡ ᠠᠶᠢᠮᠠᠭ ᠬᠤᠲᠠ ᠶᠢᠨ ᠬᠢᠨ ᠲᠤᠰ ᠭᠠᠵᠠᠷ ᠣᠷᠣᠨ ᠤ ᠪᠠᠨ ᠡᠯ᠎ᠡ ᠱᠠᠲᠤᠨ ᠤ ᠡᠯ᠎ᠡ ᠲᠥᠷᠥᠯ ᠤᠨ ᠳᠤᠮᠳᠠᠳᠤ ᠪᠠᠭ᠎ᠠ ᠰᠤᠷᠭᠠᠭᠤᠯᠢ ᠳᠤ ᠪᠠᠶᠢᠴᠠᠭᠠᠨ ᠰᠣᠳᠤᠯᠬᠤ ᠠᠵᠢᠯ ᠢ ᠥᠷᠨᠢᠭᠦᠯᠵᠦ᠂ ᠲᠤᠰ ᠭᠠᠵᠠᠷ ᠤᠨ ᠢᠶᠠᠨ ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠤᠭᠰᠠᠨ ᠰᠤᠷᠭᠠᠭᠤᠯᠢ ᠶᠢᠨ ᠲᠤᠭ᠎ᠠ᠂ ᠲᠥᠷᠥᠯ ᠵᠦᠢᠯ ᠤᠨ ᠨᠡᠷᠡᠶᠢᠳᠦᠯ ᠪᠠ ᠥᠪᠡᠷᠮᠢᠴᠡ ᠣᠨᠴᠠᠯᠢᠭ ᠪᠦᠬᠦᠢ ᠠᠷᠭ᠎ᠠ ᠪᠠᠷᠢᠯ ᠵᠡᠷᠭᠡ ᠠᠭᠤᠯᠭ᠎ᠠ ᠶᠢ ᠪᠦᠷᠢᠳᠬᠡᠨ ᠡᠮᠬᠢᠯᠡᠨ᠎ᠡ︔ ᠡᠯ᠎ᠡ ᠳᠡᠭᠡᠳᠦ ᠰᠤᠷᠭᠠᠭᠤᠯᠢ ᠲᠤᠰ ᠰᠤᠷᠭᠠᠭᠤᠯᠢ ᠶᠢᠨ ᠢᠶᠠᠨ ᠡᠨᠡ ᠬᠦ ᠠᠵᠢᠯ ᠢ ᠥᠷᠨᠢᠭᠦᠯᠦᠭᠰᠡᠨ ᠲᠤᠷᠰᠢᠯᠭ᠎ᠠ ᠪᠠ ᠠᠷᠭ᠎ᠠ ᠪᠠᠷᠢᠯ᠂ ᠠᠵᠢᠯ ᠤᠨ ᠲᠣᠭᠲᠠᠴᠠ ᠵᠡᠷᠭᠡ ᠠᠭᠤᠯᠭ᠎ᠠ ᠶᠢ ᠡᠮᠬᠢᠯᠡᠨ᠎ᠡ᠃ ᠡᠯ᠎ᠡ ᠭᠠᠵᠠᠷ ᠤᠨ ᠡᠯ᠎ᠡ ᠰᠤᠷᠭᠠᠭᠤᠯᠢ ᠪᠠᠶᠢᠴᠠᠭᠠᠨ ᠰᠣᠳᠤᠯᠬᠤ ᠮᠡᠳᠡᠭᠦᠯᠦᠯᠲᠡ ᠶᠢᠨ ᠵᠠᠭᠪᠤᠷ ︵ᠳᠠᠭᠠᠯᠳᠤᠭᠤᠯᠤᠯ︶ ᠲᠤ ᠵᠢᠭᠰᠠᠭᠠᠭᠰᠠᠨ ᠠᠭᠤᠯᠭ᠎ᠠ ᠪᠠ ᠵᠠᠭᠪᠤᠷ ᠤᠨ ᠱᠠᠭᠠᠷᠳᠠᠯᠭ᠎ᠠ ᠶᠣᠰᠣᠭᠠᠷ᠂ ᠠᠵᠢᠯ ᠢᠶᠠᠨ ᠥᠷᠨᠢᠭᠦᠯᠦᠭᠰᠡᠨ ᠪᠠᠶᠢᠳᠠᠯ ᠵᠢᠴᠢ ᠣᠯᠤᠭᠰᠠᠨ ᠦᠷ᠎ᠡ ᠪᠦᠲᠦᠮᠵᠢ ᠵᠡᠷᠭᠡ ᠶᠢ ᠵᠣᠷᠪᠤᠰᠯᠠᠨ ᠲᠣᠪᠴᠢ ᠠᠪᠰᠠᠷᠬᠠᠨ ᠵᠢᠭᠰᠠᠭᠠᠵᠤ᠂ ᠲᠤᠭ᠎ᠠ ᠪᠠᠷᠢᠮᠲᠠ ᠣᠨᠣᠪᠴᠢᠲᠠᠢ᠂ ᠠᠭᠤᠯᠭ᠎ᠠ ᠨᠠᠷᠢᠨ ᠪᠣᠳᠠᠲᠠᠢ ᠪᠠᠶᠢᠬᠤ ᠶᠢ ᠦᠨᠡᠨ ᠬᠦ ᠪᠠᠲᠤᠯᠠᠨ᠎ᠠ᠃ ᠬᠡᠷᠪᠡ ᠠᠵᠢᠯᠯᠠᠭᠠᠨ ᠤ ᠨᠡᠷᠡᠲᠦ ᠲᠡᠮᠳᠡᠭᠲᠦ ᠶᠢ ᠪᠣᠢ ᠪᠣᠯᠭᠠᠬᠤ᠂ ᠦᠢᠯᠡᠳᠦᠯᠭᠡ ᠶᠢᠨ ᠰᠣᠯᠢᠯᠴᠠᠭᠠᠨ ᠤ ᠲᠠᠪᠴᠠᠩ ᠢ ᠪᠠᠶᠢᠭᠤᠯᠬᠤ᠂ ᠠᠵᠤ ᠦᠢᠯᠡᠰ ᠢ ᠨᠡᠪᠴᠢᠭᠦᠯᠬᠦ ᠦᠢᠯᠡᠴᠢᠯᠡᠭᠡᠨ ᠤ ᠣᠷᠣᠨ ᠪᠦᠰᠡ ᠶᠢᠨ ᠠᠵᠤ ᠠᠬᠤᠢ ᠶᠢ ᠬᠥᠭᠵᠢᠭᠦᠯᠬᠦ᠂ ᠠᠵᠤ ᠦᠢᠯᠡᠰ ᠪᠠ ᠰᠤᠷᠭᠠᠨ ᠬᠥᠮᠦᠵᠢᠯ ᠤᠨ ᠭᠦᠨᠵᠡᠭᠡᠢ ᠠᠭᠤᠰᠤᠯᠴᠠᠭ᠎ᠠ ᠶᠢ ᠪᠡᠶᠡᠯᠡᠭᠦᠯᠬᠦ ᠵᠡᠷᠭᠡ ᠲᠠᠯ᠎ᠠ ᠪᠠᠷ ᠨᠡᠶᠢᠲᠡᠯᠢᠭ ᠬᠡᠷᠡᠭ ᠤᠨ ᠵᠢᠱᠢᠶ᠎ᠡ ᠲᠠᠢ ᠪᠣᠯ᠂ ᠲᠤᠰᠠᠭᠠᠷ ᠨᠢ ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠳᠠᠭᠠᠯᠳᠤᠭᠤᠯᠤᠯ ᠪᠣᠯᠭᠠᠨ ᠮᠡᠳᠡᠭᠦᠯᠵᠦ ᠪᠣᠯᠤᠨ᠎ᠠ᠃      ᠬᠤᠶᠠᠷ᠂ ᠮᠡᠳᠡᠭᠦᠯᠬᠦ ᠱᠠᠭᠠᠷᠳᠠᠯᠭ᠎ᠠ      ᠡᠯ᠎ᠡ ᠨᠢᠭᠡᠴᠢ 2024 ᠣᠨ ᠤ 2 ᠰᠠᠷ᠎ᠠ ᠶᠢᠨ 29 ᠤ ᠡᠳᠦᠷ ᠠᠴᠠ ᠡᠮᠦᠨ᠎ᠡ ᠪᠢᠴᠢᠭ ᠮᠠᠲ᠋ᠧᠷᠢᠶᠠᠯ ᠪᠠ ᠬᠦᠰᠦᠨᠦᠭᠲᠦ ᠶᠢᠨ word ᠡᠯᠧᠺᠲᠷᠣᠨ ᠬᠡᠪᠯᠡᠯ ᠵᠢᠴᠢ ᠲᠤᠰ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠭᠰᠠᠨ PDF ᠰᠢᠷᠪᠢᠯᠲᠡ ᠶᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠪᠠ ᠬᠥᠳᠡᠯᠮᠦᠷᠢ ᠶᠢᠨ ᠬᠥᠮᠥᠵᠢᠯ ᠤᠨ ᠭᠠᠵᠠᠷ ᠤᠨ ᠳᠣᠭᠲᠠᠭᠰᠠᠨ ᠢᠮᠧᠯ ᠲᠤ ᠨᠢᠭᠡᠳᠦᠯᠲᠡᠢ ᠢᠯᠡᠭᠡᠭᠡᠨ᠎ᠡ᠃      ᠬᠠᠷᠢᠯᠴᠠᠬᠤ ᠬᠥᠮᠦᠨ᠄ ᠾᠥᠩ ᠯᠢᠩ᠂ ᠬᠠᠷᠢᠯᠴᠠᠬᠤ ᠤᠲᠠᠰᠤ᠄ 0471 - 2857003      ᠢᠮᠧᠯ᠄ nmgmy1002@163.com         ᠳᠠᠭᠠᠯᠳᠤᠭᠤᠯᠤᠯ᠄       1.** ᠰᠤᠷᠭᠠᠨ ᠬᠥᠮᠥᠵᠢᠯ ᠤᠨ ᠳᠣᠪᠴᠢᠶ᠎ᠠ ︵** ᠰᠤᠷᠭᠠᠭᠤᠯᠢ︶ ᠶᠢᠨ ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠪᠠᠶᠢᠴᠠᠭᠠᠨ ᠰᠣᠳᠤᠯᠤᠭᠰᠠᠨ ᠮᠡᠳᠡᠭᠦᠯᠦᠯᠲᠡ ︵ᠵᠠᠭᠪᠤᠷ︶      2. ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠤᠭᠰᠠᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ ︵ᠠᠶᠢᠮᠠᠭ ᠬᠤᠲᠠ ᠲᠠᠭᠯᠠᠨ ᠮᠡᠳᠡᠭᠦᠯᠬᠦ︶      3. ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠤᠭᠰᠠᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ ︵ᠶᠡᠭᠡ ᠳᠡᠭᠡᠳᠦ ᠰᠤᠷᠭᠠᠭᠤᠯᠢ ᠲᠠᠭᠯᠠᠨ ᠮᠡᠳᠡᠭᠦᠯᠬᠦ︶           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ                 2024 ᠣᠨ ᠤ 2 ᠰᠠᠷ᠎ᠠ ᠶᠢᠨ 23 ᠤ ᠡᠳᠦᠷ   ᠳᠠᠭᠠᠯᠳᠤᠭᠤᠯᠤᠯ 1᠄ 1.** ᠰᠤᠷᠭᠠᠨ ᠬᠥᠮᠥᠵᠢᠯ ᠤᠨ ᠳᠣᠪᠴᠢᠶ᠎ᠠ ︵** ᠰᠤᠷᠭᠠᠭᠤᠯᠢ︶ ᠶᠢᠨ ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠪᠠᠶᠢᠴᠠᠭᠠᠨ ᠰᠣᠳᠤᠯᠤᠭᠰᠠᠨ ᠮᠡᠳᠡᠭᠦᠯᠦᠯᠲᠡ ︵ᠵᠠᠭᠪᠤᠷ︶.docxᠳᠠᠭᠠᠯᠳᠤᠭᠤᠯᠤᠯ 2᠄ 2. ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠤᠭᠰᠠᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ ︵ᠠᠶᠢᠮᠠᠭ ᠬᠤᠲᠠ ᠲᠠᠭᠯᠠᠨ ᠮᠡᠳᠡᠭᠦᠯᠬᠦ︶.docxᠳᠠᠭᠠᠯᠳᠤᠭᠤᠯᠤᠯ 3᠄ 3. ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠤᠭᠰᠠᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ ︵ᠶᠡᠭᠡ ᠳᠡᠭᠡᠳᠦ ᠰᠤᠷᠭᠠᠭᠤᠯᠢ ᠲᠠᠭᠯᠠᠨ ᠮᠡᠳᠡᠭᠦᠯᠬᠦ︶.docx 
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map