ᠥᠪᠥᠷ ᠮᠣᠩᠭᠤᠯ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠨᠡᠶᠢᠭᠡᠮᠯᠢᠭ ᠤᠨ ᠠᠮᠤᠷ ᠢ ᠬᠠᠮᠠᠭᠠᠯᠠᠬᠤ ᠤᠬᠠᠭᠠᠨ ᠤ ᠲᠤᠰᠬᠠᠶ ᠮᠡᠷᠭᠡᠵᠢᠯ ᠤᠨ ᠵᠥᠪᠯᠡᠯ ᠤᠨ ᠶᠢᠰᠦᠳᠦᠭᠡᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠪᠥᠬᠦᠳᠡ ᠬᠤᠷᠠᠯ ᠢ ᠠᠮᠵᠢᠯᠲᠠᠲᠠᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/10
      4 ᠰᠠᠷ᠎ᠠ ᠶᠢᠨ 8 ᠤ ᠡᠳᠦᠷ᠂ ᠥᠪᠥᠷ ᠮᠣᠩᠭᠤᠯ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠨᠡᠶᠢᠭᠡᠮᠯᠢᠭ ᠤᠨ ᠠᠮᠤᠷ ᠢ ᠬᠠᠮᠠᠭᠠᠯᠠᠬᠤ ᠤᠬᠠᠭᠠᠨ ᠤ ᠲᠤᠰᠬᠠᠶ ᠮᠡᠷᠭᠡᠵᠢᠯ ᠤᠨ ᠵᠥᠪᠯᠡᠯ ᠤᠨ ᠶᠢᠰᠦᠳᠦᠭᠡᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠪᠥᠬᠦᠳᠡ ᠬᠤᠷᠠᠯ ᠢ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠳᠤ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃

W020240409622396018232_ORIGIN.jpg

      ᠪᠥᠬᠦᠳᠡ ᠬᠤᠷᠠᠯ ᠠᠴᠠ ᠥᠪᠥᠷ ᠮᠣᠩᠭᠤᠯ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ

ᠨᠡᠶᠢᠭᠡᠮᠯᠢᠭ ᠤᠨ ᠠᠮᠤᠷ ᠢ ᠬᠠᠮᠠᠭᠠᠯᠠᠬᠤ ᠤᠬᠠᠭᠠᠨ ᠤ ᠲᠤᠰᠬᠠᠶ ᠮᠡᠷᠭᠡᠵᠢᠯ ᠤᠨ ᠵᠥᠪᠯᠡᠯ ᠤᠨ ᠨᠠᠢᠮᠠᠳᠤᠭᠠᠷ

ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠠᠵᠢᠯ ᠤᠨ ᠮᠡᠳᠡᠭᠦᠯᠦᠯᠲᠡ ᠪᠣᠯᠤᠨ ᠡᠳ᠋ ᠤᠨ ᠶᠠᠪᠤᠳᠠᠯ ᠤᠨ

ᠠᠵᠢᠯ ᠤᠨ ᠮᠡᠳᠡᠭᠦᠯᠦᠯᠲᠡ ᠶᠢ ᠰᠠᠨᠠᠯ ᠨᠢᠭᠡᠲᠡᠶ ᠪᠠᠲᠤᠯᠠᠪᠠ︔ ᠶᠢᠰᠦᠳᠦᠭᠡᠷ ᠬᠤᠭᠤᠴᠠᠭᠠᠨ ᠤ ᠪᠠᠶᠢᠩᠭᠤ ᠶᠢᠨ ᠬᠡᠷᠡᠭ

ᠡᠷᠬᠢᠯᠡᠭᠴᠢᠳ ᠤᠨ ᠬᠤᠷᠠᠯ ᠤᠨ ᠰᠠᠨᠠᠭᠤᠯᠭ᠎ᠠ  ᠶᠢᠨ ᠨᠡᠷᠡᠰ ᠢ ᠪᠠᠲᠤᠯᠠᠪᠠ᠃

      ᠬᠤᠷᠠᠯ ᠠᠴᠠ᠂ ᠥᠪᠥᠷ ᠮᠣᠩᠭᠤᠯ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠨᠡᠶᠢᠭᠡᠮᠯᠢᠭ ᠤᠨ

ᠠᠮᠤᠷ ᠢ ᠬᠠᠮᠠᠭᠠᠯᠠᠬᠤ ᠤᠬᠠᠭᠠᠨ ᠤ ᠲᠤᠰᠬᠠᠶ ᠮᠡᠷᠭᠡᠵᠢᠯ ᠤᠨ ᠵᠥᠪᠯᠡᠯ ᠢᠮᠠᠭᠲᠠ ᠪᠥᠬᠦ ᠣᠷᠣᠨ ᠤ ᠶᠡᠭᠡ ᠳᠡᠭᠡᠳᠦ

ᠰᠤᠷᠭᠠᠭᠤᠯᠢ ᠶᠢᠨ ᠠᠮᠤᠷ ᠲᠦᠪᠰᠢᠨ ᠲᠣᠭᠲᠠᠭᠤᠨ ᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠡᠷᠳᠡᠮ

ᠰᠢᠨᠵᠢᠯᠡᠭᠡᠨ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ᠂ ᠺᠠᠳ᠋ᠷ ᠢ ᠬᠥᠮᠦᠵᠢᠭᠦᠯᠬᠦ᠂ ᠲᠤᠷᠰᠢᠯᠭ᠎ᠠ ᠪᠠᠨ ᠰᠣᠯᠢᠯᠴᠠᠬᠤ

ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ᠂ ᠲᠣᠪᠤᠶᠢᠮ᠎ᠠ ᠬᠤᠪᠢ ᠨᠡᠮᠡᠷᠢ ᠦᠵᠡᠭᠦᠯᠪᠡ᠃ ᠰᠢᠨ᠎ᠡ ᠬᠠᠨᠳᠤᠰᠢ᠂

ᠰᠢᠨ᠎ᠡ ᠥᠷᠢᠰᠥᠯᠳᠦᠭᠡᠨ ᠤ ᠡᠮᠦᠨ᠎ᠡ᠂ ᠶᠢᠰᠦᠳᠦᠭᠡᠷ ᠬᠤᠭᠤᠴᠠᠭᠠᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ

ᠨᠡᠶᠢᠭᠡᠮᠯᠢᠭ ᠤᠨ ᠠᠵᠢᠯ ᠤᠨ ᠬᠠᠷᠢᠭᠤᠴᠠᠯᠭ᠎ᠠ ᠬᠦᠨᠳᠦ ᠴᠢᠬᠤᠯᠠ᠂ ᠡᠭᠦᠷᠭᠡ ᠦᠩᠬᠡ ᠬᠡᠷᠡᠯᠳᠡᠢ ᠶᠤᠮ᠃ ᠵᠣᠭᠰᠣᠴᠠ ᠪᠠᠨ

ᠤᠯᠠᠮ ᠴᠠᠭᠠᠰᠢᠲᠠ ᠳᠡᠭᠡᠭᠰᠢᠯᠡᠭᠦᠯᠵᠦ᠂ ᠬᠠᠨᠳᠤᠰᠢ ᠶᠢ ᠡᠵᠡᠮᠳᠡᠨ᠂ ᠶᠡᠭᠡ ᠳᠡᠭᠡᠳᠦ ᠰᠤᠷᠭᠠᠭᠤᠯᠢ ᠶᠢᠨ ᠠᠮᠤᠷ

ᠲᠦᠪᠰᠢᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠣᠯᠤᠨ ᠲᠤᠯᠭᠠᠮ

ᠰᠡᠳᠬᠢᠯᠭᠡ ᠶᠢ ᠦᠨᠡᠨ ᠬᠦ ᠴᠢᠩᠭᠠᠳᠬᠠᠵᠤ᠂ ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ ᠬᠠᠷᠢᠭᠤᠴᠠᠯᠭᠠᠲᠤ

ᠰᠡᠳᠬᠢᠯᠭᠡ᠂ ᠢᠳᠡᠪᠬᠢᠲᠡᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠵᠣᠷᠢᠭ ᠰᠠᠨᠠᠭ᠎ᠠ ᠪᠠᠷ ᠠᠮᠤᠷ

ᠲᠦᠪᠰᠢᠨ ᠲᠣᠭᠲᠠᠭᠤᠨ ᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠤᠯᠤᠰ ᠲᠦᠷᠦ ᠶᠢᠨ

ᠬᠠᠷᠢᠭᠤᠴᠠᠯᠭ᠎ᠠ ᠪᠠᠨ ᠡᠷᠡᠰ ᠡᠭᠦᠷᠭᠡᠯᠡᠬᠦ ᠬᠡᠷᠡᠭᠲᠡᠢ︔ ᠬᠤᠯᠪᠣᠭᠠᠯᠠᠨ ᠬᠥᠳᠡᠯᠦᠯᠴᠡᠬᠦ᠂ ᠠᠯᠬᠤᠮ ᠢᠶᠠᠨ ᠨᠢᠭᠡᠳᠬᠡᠬᠦ ᠶᠢ

ᠴᠢᠩᠭᠠᠳᠬᠠᠵᠤ᠂ ᠰᠢᠨ᠎ᠡ ᠪᠠᠶᠢᠳᠠᠯ ᠢ ᠰᠤᠳᠤᠯᠬᠤ᠂ ᠰᠢᠨ᠎ᠡ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠴᠢᠷᠮᠠᠶᠢᠨ

ᠳᠡᠭᠡᠭᠰᠢᠯᠡᠭᠦᠯᠵᠦ᠂ ᠠᠮᠤᠷ ᠢ ᠬᠠᠮᠠᠭᠠᠯᠠᠬᠤ ᠲᠤᠰᠬᠠᠢ ᠵᠥᠪᠯᠡᠯ ᠤᠨ ᠦᠢᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ

ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

      ᠬᠤᠷᠠᠯ ᠠᠴᠠ᠂ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠢᠨ ᠰᠤᠷᠭᠠᠭᠤᠯᠢ ᠪᠠ ᠣᠷᠣᠨ ᠨᠤᠲᠤᠭ ᠤᠨ

ᠬᠠᠮᠲᠤᠷᠠᠯᠴᠠᠭ᠎ᠠ ᠶᠢ ᠴᠢᠩᠭᠠᠳᠬᠠᠵᠤ᠂ ᠬᠠᠮ ᠬᠦᠴᠦᠨ ᠢ ᠪᠦᠷᠢᠯᠳᠦᠭᠦᠯᠵᠦ᠂ ᠰᠤᠷᠭᠠᠭᠤᠯᠢ ᠪᠠ ᠴᠠᠭᠳᠠᠭ᠎ᠠ

ᠬᠠᠮᠲᠤᠷᠠᠯᠴᠠᠬᠤ ᠲᠠᠪᠴᠠᠩ ᠢ ᠳᠦᠰᠢᠭᠯᠡᠭᠰᠡᠨ ᠠᠵᠢᠯ ᠤᠨ ᠲᠣᠭᠲᠠᠴᠠ ᠶᠢ ᠪᠠᠶᠢᠭᠤᠯᠵᠤ᠂ ᠮᠡᠳᠡᠭᠡ ᠵᠠᠩᠭᠢ ᠶᠢ ᠬᠠᠮᠲᠤ

 ᠳᠤ ᠪᠠᠨ ᠬᠤᠪᠢᠶᠠᠯᠴᠠᠨ ᠡᠳ᠋ᠯᠡᠬᠦ᠂ ᠴᠠᠭᠳᠠᠭ᠎ᠠ ᠲᠣᠮᠢᠯᠠᠵᠤ ᠬᠤᠯᠪᠤᠯᠳᠤᠨ ᠬᠥᠳᠡᠯᠦᠯᠴᠡᠬᠦ᠂ ᠠᠮᠤᠷ ᠲᠦᠪᠰᠢᠨ ᠤ

ᠰᠡᠷᠭᠡᠶᠢᠯᠡᠯᠲᠡ ᠶᠢ ᠬᠠᠮᠲᠤ ᠳᠤ ᠪᠠᠨ ᠪᠠᠶᠢᠴᠠᠭᠠᠬᠤ᠂ ᠬᠡᠷᠡᠭ ᠢ ᠬᠠᠮᠲᠤ ᠳᠤ ᠪᠠᠨ ᠪᠠᠶᠢᠴᠠᠭᠠᠨ ᠰᠢᠢᠳᠪᠦᠷᠢᠯᠡᠬᠦ᠂

ᠠᠵᠢᠯᠯᠠᠭ᠎ᠠ ᠳᠤ ᠬᠠᠮᠲᠤ ᠳᠤ ᠪᠠᠨ ᠣᠷᠣᠯᠴᠠᠬᠤ᠂ ᠠᠵᠢᠯ ᠬᠤᠪᠢᠶᠠᠷᠢᠯᠠᠭᠰᠠᠨ ᠴᠤ ᠬᠠᠷᠢᠯᠴᠠᠨ ᠬᠠᠪᠰᠤᠷᠤᠯᠴᠠᠬᠤ᠂

ᠬᠠᠷᠢᠭᠤᠴᠠᠯᠭ᠎ᠠ ᠶᠢ ᠬᠠᠮᠲᠤ ᠳᠤ ᠪᠠᠨ ᠡᠭᠦᠷᠭᠡᠯᠡᠬᠦ ᠶᠡᠭᠡ ᠳᠡᠭᠡᠳᠦ ᠰᠤᠷᠭᠠᠭᠤᠯᠢ ᠶᠢᠨ ᠠᠮᠤᠷ ᠢ ᠬᠠᠮᠠᠭᠠᠯᠠᠬᠤ ᠴᠠᠭᠳᠠᠭ᠎ᠠ

ᠬᠤᠯᠪᠣᠯᠳᠤᠨ ᠬᠥᠳᠡᠯᠦᠯᠴᠡᠬᠦ ᠰᠢᠨ᠎ᠡ ᠵᠠᠭᠪᠤᠷ ᠢ ᠪᠦᠷᠢᠯᠳᠦᠭᠦᠯᠵᠦ᠂ ᠴᠢᠨᠠᠷᠯᠢᠭ ᠠᠮᠤᠷ ᠲᠦᠪᠰᠢᠨ ᠢ ᠬᠠᠮᠠᠭᠠᠯᠠᠬᠤ ᠪᠠᠷ

ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠠᠮᠤᠷ ᠲᠣᠭᠲᠠᠭᠤᠨ ᠬᠥᠭᠵᠢᠯᠲᠡ ᠶᠢ ᠪᠠᠲᠤᠯᠠᠬᠤ ᠬᠡᠷᠡᠭᠲᠡᠶ ᠭᠡᠵᠦ

ᠴᠢᠬᠤᠯᠠᠴᠢᠯᠠᠪᠠ᠃

      ᠥᠪᠥᠷ ᠮᠣᠩᠭᠤᠯ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠨᠡᠶᠢᠭᠡᠮᠯᠢᠭ ᠤᠨ ᠠᠮᠤᠷ ᠢ ᠬᠠᠮᠠᠭᠠᠯᠠᠬᠤ

ᠲᠤᠰᠬᠠᠶ ᠮᠡᠷᠭᠡᠵᠢᠯ ᠤᠨ ᠵᠥᠪᠯᠡᠯ ᠤᠨ ᠪᠠᠶᠢᠩᠭᠤ ᠶᠢᠨ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ᠂ ᠪᠠᠶᠢᠩᠭᠤ ᠶᠢᠨ

ᠬᠡᠷᠡᠭ ᠡᠷᠬᠢᠯᠡᠭᠴᠢ᠂ ᠬᠡᠷᠡᠭ ᠡᠷᠬᠢᠯᠡᠭᠴᠢ ᠵᠢᠴᠢ ᠪᠥᠬᠦ ᠣᠷᠣᠨ ᠤ 34 ᠶᠡᠭᠡ ᠳᠡᠭᠡᠳᠦ ᠰᠤᠷᠭᠠᠭᠤᠯᠢ ᠪᠠ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠮᠤᠷ ᠢ ᠬᠠᠮᠠᠭᠠᠯᠠᠬᠤ ᠰᠠᠯᠠᠭ᠎ᠠ ᠮᠥᠴᠢᠷ ᠢ ᠭᠤᠤᠯᠯᠠᠨ ᠬᠠᠮᠢᠶᠠᠷᠴᠤ

ᠪᠠᠶᠢᠭ᠎ᠠ ᠰᠤᠷᠭᠠᠭᠤᠯᠢ ᠶᠢᠨ ᠤᠳᠤᠷᠢᠳᠤᠯᠭ᠎ᠠ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ 60 ᠭᠠᠷᠤᠶ ᠬᠥᠮᠦᠨ

ᠣᠷᠣᠯᠴᠠᠵᠠᠶ᠃

 

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map