ᠳᠡᠭᠡᠳᠦ ᠭᠤᠷᠪᠠ ᠶᠢᠨ ᠦᠵᠡᠯ ᠰᠠᠨᠠᠭ᠎ᠠ ᠤᠯᠤᠰ ᠲᠥᠷᠦ ᠶᠢᠨ ᠬᠢᠴᠢᠶᠡᠯ ᠤᠨ ᠬᠤᠶᠠᠳᠤᠭᠠᠷ ᠡᠭᠡᠯᠵᠢ ᠶᠢᠨ ᠳᠠᠪᠲᠠᠯᠭ᠎ᠠ ᠶᠢ ᠬᠡᠷᠬᠢᠨ ᠬᠢᠬᠦ ᠲᠤᠬᠠᠢ ᠮᠥᠴᠢᠳ ᠥᠭᠦᠯᠡᠬᠦ ᠨᠢ
ᠨᠡᠶᠢᠲᠡᠯᠡᠭᠰᠡᠨ ᠴᠠᠭ᠄
2024/4/10
                 ᠰᠡᠴᠡᠨ

教学研究1.png

 

      ᠳᠡᠭᠡᠳᠦ ᠭᠤᠷᠪᠠ ᠶᠢᠨ ᠤᠯᠤᠰ ᠲᠥᠷᠦ ᠶᠢᠨ ᠬᠢᠴᠢᠶᠡᠯ ᠤᠨ ᠬᠤᠶᠠᠳᠤᠭᠠᠷ ᠡᠭᠡᠯᠵᠢ ᠶᠢᠨ ᠳᠠᠪᠲᠠᠯᠭ᠎ᠠ ᠶᠢᠨ

ᠭᠤᠣᠯ ᠡᠭᠦᠷᠭᠡ ᠪᠣᠯ ᠰᠢᠨᠵᠢᠯᠡᠬᠦ ᠤᠬᠠᠭᠠᠨᠴᠢ ᠪᠠᠷ ᠴᠠᠭ ᠢᠶᠠᠨ ᠲᠣᠬᠢᠷᠠᠭᠤᠯᠵᠤ᠂ ᠦᠨᠳᠦᠰᠦᠨ ᠮᠡᠳᠡᠯᠭᠡ ᠶᠢ ᠤᠯᠠᠮ

ᠨᠢᠭᠡ ᠠᠯᠬᠤᠮ ᠪᠠᠲᠤᠳᠬᠠᠵᠤ᠂ ᠨᠢᠭᠡᠳᠦᠭᠡᠷ ᠡᠭᠡᠯᠵᠢ ᠶᠢᠨ ᠳᠠᠪᠲᠠᠯᠭ᠎ᠠ ᠶᠢᠨ ᠰᠠᠭᠤᠷᠢᠨ ᠳᠡᠭᠡᠷ᠎ᠡ ᠡ᠊ᠩ ᠤᠨ ᠲᠡᠭᠡᠳᠤ

ᠰᠤᠷᠭᠠᠭᠤᠯᠢ ᠶᠢᠨ ᠰᠤᠷᠤᠭᠴᠢ ᠡᠯᠰᠠᠭᠦ ᠪᠦᠭᠦ ᠤᠯᠤᠰ ᠤᠨ ᠨᠢᠭᠡᠳᠤᠯᠳᠠᠢ ᠰᠢᠯᠭᠠᠯᠲᠠ ︵ᠲᠤᠷᠤᠭᠰᠢ ︽ᠤᠯᠤᠰ ᠤᠨ

ᠨᠢᠭᠡᠳᠤᠯᠳᠠᠢ ᠰᠢᠯᠭᠠᠯᠳᠠ︾ ᠭᠡᠵᠦ ᠲᠦᠭᠦᠮᠴᠢᠯᠡᠪᠡ︶ ᠳᠤ ᠬᠠᠨᠳᠤᠭᠤᠯᠤᠨ ᠭᠤᠣᠯ ᠮᠡᠳᠡᠯᠭᠡ ᠶᠢᠨ ᠴᠡᠭ ᠢ ᠨᠢᠭᠡᠴᠢ

ᠪᠤᠶᠤ ᠲᠤᠰᠬᠠᠢ ᠰᠡᠳᠦᠪ ᠢᠶᠠᠷ ᠡᠮᠬᠢᠯᠡᠵᠦ ᠬᠤᠷᠢᠶᠠᠩᠭᠤᠶᠢᠯᠠᠨ ᠰᠣᠷᠣᠭᠴᠢᠳ ᠲᠤ ᠲᠣᠳᠣᠷᠬᠠᠢ ᠮᠡᠳᠡᠯᠭᠡ ᠶᠢᠨ

ᠬᠡᠯᠬᠢᠶᠡᠰᠦ ᠶᠢ ᠬᠠᠩᠭᠠᠨ ᠰᠤᠷᠤᠭᠴᠢᠳ ᠤᠨ ᠰᠡᠳᠦᠪ ᠵᠠᠳᠠᠯᠵᠤ ᠬᠠᠷᠢᠭᠤᠯᠬᠤ ᠳᠤ ᠬᠡᠷᠡᠭᠯᠡᠬᠦ ᠭᠤᠣᠯ ᠤᠭ ᠶᠣᠰᠣ ᠶᠢ

ᠬᠤᠷᠢᠶᠠᠩᠭᠤᠢ ᠡᠵᠡᠮᠰᠢᠭᠦᠯᠬᠦ ᠶᠠᠪᠤᠳᠠᠯ ᠪᠣᠯᠣᠨ᠎ᠠ᠃ ᠬᠤᠶᠠᠳᠤᠭᠠᠷ ᠡᠭᠡᠯᠵᠢ ᠶᠢᠨ ᠳᠠᠪᠲᠠᠯᠭ᠎ᠠ ᠪᠣᠯ ᠶᠡᠷᠦᠩᠬᠡᠶᠢᠯᠡᠭᠰᠡᠨ

ᠳᠡᠭᠡᠭᠰᠢᠯᠡᠯᠲᠡ ᠶᠢᠨ ᠱᠠᠲᠤ᠂ ᠡᠭᠦᠨ ᠳᠤ ᠬᠠᠮᠤᠭ ᠤᠨ ᠦᠨᠳᠦᠰᠦᠨ ᠵᠠᠷᠴᠢᠮ ᠪᠣᠯ ᠲᠤᠰᠬᠠᠢ ᠰᠡᠳᠦᠪᠲᠦ

ᠳᠠᠪᠲᠠᠯᠭ᠎ᠠ ᠪᠠᠷ ᠭᠤᠣᠯ ᠪᠤᠯᠭᠠᠵᠦ ᠴᠢᠳᠠᠪᠤᠷᠢ ᠶᠢ ᠬᠥᠮᠥᠵᠢᠭᠦᠯᠬᠦ᠂ ᠪᠣᠯᠪᠠᠰᠤᠷᠠᠯ ᠢ ᠴᠢᠩᠭᠠᠳᠬᠠᠬᠤ᠂

ᠳᠡᠭᠡᠭᠰᠢᠯᠡᠯᠲᠡ ᠶᠢ ᠪᠠᠲᠤᠳᠬᠠᠬᠤ ᠶᠠᠪᠤᠳᠠᠯ ᠪᠣᠯᠣᠨ᠎ᠠ᠃ ᠬᠤᠶᠠᠳᠤᠭᠠᠷ ᠡᠭᠡᠯᠵᠢ ᠶᠢᠨ ᠳᠠᠪᠲᠠᠯᠭ᠎ᠠ ᠶᠢᠨ ᠭᠤᠣᠯ ᠠᠷᠭ᠎ᠠ

ᠪᠠᠷᠢᠯ ᠪᠣᠯ ᠨᠢᠭᠡ ᠳᠤ ᠮᠡᠳᠡᠯᠭᠡ ᠶᠢᠨ ᠲᠤᠰᠬᠠᠢ ᠰᠡᠳᠦᠪ ᠤᠨ ᠳᠠᠪᠲᠠᠯᠭ᠎ᠠ ᠶᠢ ᠰᠠᠶᠢᠨ ᠬᠢᠬᠦ᠂ ᠬᠤᠶᠠᠷ ᠲᠤ ᠴᠠᠭ ᠤᠨ

ᠪᠠᠶᠢᠳᠠᠯ ᠤᠨ ᠬᠠᠯᠠᠮᠰᠢᠯ ᠤᠨ ᠲᠤᠬᠠᠢ ᠲᠤᠰᠬᠠᠢ ᠰᠡᠳᠦᠪ ᠤᠨ ᠪᠣᠯᠪᠠᠰᠤᠷᠠᠯ ᠢ ᠰᠠᠶᠢᠲᠤᠷ ᠬᠢᠬᠦ᠂ ᠭᠤᠷᠪᠠ ᠳᠤ

ᠬᠠᠨᠳᠤᠯᠭᠠᠲᠤ ᠴᠢᠨᠠᠷᠲᠠᠢ ᠪᠣᠯᠪᠠᠰᠤᠷᠠᠯ ᠢ ᠴᠢᠩᠭᠠᠳᠬᠠᠵᠤ᠂ ᠪᠡᠶᠡᠴᠢ ᠪᠤᠰᠤᠳᠴᠢ ᠰᠡᠳᠦᠪ ᠢ ᠵᠠᠳᠠᠯᠵᠤ ᠬᠠᠷᠢᠭᠤᠯᠬᠤ

ᠴᠢᠳᠠᠪᠤᠷᠢ ᠶᠢ ᠳᠡᠭᠡᠭᠰᠢᠯᠡᠭᠦᠯᠬᠦ ᠶᠠᠪᠤᠳᠠᠯ ᠪᠣᠯᠣᠨ᠎ᠠ᠃ ᠡᠭᠦᠨ ᠳᠤ ᠲᠤᠰᠬᠠᠢ ᠰᠡᠳᠦᠪ ᠤᠨ ᠳᠠᠪᠲᠠᠯᠭ᠎ᠠ ᠶᠢᠨ ᠳᠤᠮᠳᠠ

ᠮᠡᠳᠡᠯᠭᠡ ᠶᠢᠨ ᠲᠤᠰᠬᠠᠢ ᠰᠡᠳᠦᠪ ᠤᠨ ᠪᠣᠯᠪᠠᠰᠤᠷᠠᠯ ᠪᠣᠯ ᠬᠤᠶᠠᠳᠤᠭᠠᠷ ᠡᠭᠡᠯᠵᠢ ᠶᠢᠨ ᠳᠠᠪᠲᠠᠯᠭ᠎ᠠ ᠶᠢᠨ ᠭᠤᠣᠯ

ᠠᠭᠤᠯᠭ᠎ᠠ ᠪᠠᠶᠢᠵᠤ᠂ ᠦᠨᠳᠦᠰᠦᠨ ᠮᠡᠳᠡᠯᠭᠡ ᠡᠵᠡᠮᠰᠢᠯ᠂ ᠮᠡᠳᠡᠯᠭᠡ ᠶᠢᠨ ᠴᠡᠭ ᠤᠨ ᠬᠤᠯᠪᠣᠭᠠᠰᠤ ᠶᠢ ᠨᠡᠩ ᠰᠠᠶᠢᠲᠤᠷ

ᠡᠵᠡᠮᠰᠢᠬᠦ ᠶᠢ ᠭᠤᠣᠯ ᠰᠢᠢᠳᠪᠦᠷᠢᠯᠡᠨ᠎ᠡ᠃ ᠪᠠᠰᠠ ᠴᠠᠭ ᠤᠨ ᠪᠠᠶᠢᠳᠠᠯ ᠤᠨ ᠬᠠᠯᠠᠮᠰᠢᠯ ᠤᠨ ᠲᠤᠬᠠᠢ ᠳᠠᠪᠲᠠᠯᠭ᠎ᠠ ᠶᠢ ᠴᠦ

ᠤᠮᠳᠤᠭᠠᠶᠢᠯᠠᠵᠦ ᠪᠣᠯᠬᠤ ᠦᠭᠡᠢ᠂ ᠡᠨᠡ ᠪᠣᠯ ᠤᠯᠤᠰ ᠲᠥᠷᠦ ᠶᠢᠨ ᠬᠢᠴᠢᠶᠡᠯ ᠤᠨ ᠤᠯᠤᠰ ᠤᠨ ᠨᠢᠭᠡᠳᠤᠯᠳᠠᠢ

ᠰᠢᠯᠭᠠᠯᠲᠠ ᠶᠢᠨ ᠬᠢᠷᠢ ᠪᠦᠲᠦᠮᠵᠢ ᠶᠢ ᠳᠡᠭᠡᠭᠰᠢᠯᠡᠭᠦᠯᠬᠦ ᠴᠢᠬᠤᠯᠠ ᠭᠤᠭᠴᠤᠭ᠎ᠠ ᠮᠥᠨ᠂ ᠡᠶᠢᠮᠦ ᠠᠴᠠ ᠡᠨᠡ ᠬᠤᠶᠠᠷ

ᠲᠤᠰᠬᠠᠢ ᠰᠡᠳᠦᠪ ᠤᠨ ᠳᠠᠪᠲᠠᠯᠭ᠎ᠠ ᠶᠢ ᠪᠦᠷ ᠴᠢᠬᠤᠯᠠᠴᠢᠯᠠᠵᠤ ᠬᠤᠶᠠᠷ ᠭᠠᠷ ᠢᠶᠠᠷ ᠴᠢᠩᠭ᠎ᠠ ᠠᠳᠬᠤᠬᠤ ᠬᠡᠷᠡᠭᠲᠡᠢ᠃

ᠳᠣᠣᠷ᠎ᠠ ᠬᠡᠳᠦᠨ ᠲᠠᠯ᠎ᠠ ᠠᠴᠠ ᠦᠵᠡᠯᠲᠡ ᠪᠠᠨ ᠶᠠᠷᠢᠶ᠎ᠠ᠃

      ᠨᠢᠭᠡ ᠳᠤ᠂ ᠮᠡᠳᠡᠯᠭᠡ ᠶᠢᠨ ᠲᠤᠰᠬᠠᠢ ᠰᠡᠳᠦᠪᠲᠦ ᠳᠠᠪᠲᠠᠯᠭ᠎ᠠ ᠶᠢ ᠰᠠᠶᠢᠲᠤᠷ ᠬᠢᠵᠦ᠂ ᠦᠷᠭᠦᠯᠵᠢᠯᠡᠨ

ᠦᠨᠳᠦᠰᠦᠨ ᠮᠡᠳᠡᠯᠭᠡ ᠡᠵᠡᠮᠰᠢᠯ ᠢ ᠴᠢᠩᠭ᠎ᠠ ᠠᠳᠬᠤᠬᠤ

      1. ᠰᠠᠭᠤᠷᠢ ᠶᠢ ᠪᠠᠲᠤᠳᠬᠠᠵᠤ᠂ ᠮᠡᠳᠡᠯᠭᠡ ᠶᠢ ᠡᠮᠬᠢᠯᠡᠨ᠂ ᠰᠢᠯᠭᠠᠬᠤ ᠴᠡᠭ ᠤᠨ ᠬᠡᠯᠬᠢᠶᠡᠰᠦ ᠶᠢ ᠪᠠᠶᠢᠭᠤᠯᠬᠤ

      ᠬᠤᠶᠠᠳᠤᠭᠠᠷ ᠡᠭᠡᠯᠵᠢ ᠶᠢᠨ ᠳᠠᠪᠲᠠᠯᠭ᠎ᠠ ᠪᠣᠯ ᠬᠤᠶᠠᠳᠤᠭᠠᠷ ᠤᠳᠠᠭᠠᠨ ᠤ ᠳᠠᠪᠲᠠᠯᠭ᠎ᠠ ᠲᠡᠳᠦᠢ ᠪᠢᠰᠢ᠂

ᠵᠥᠪᠬᠡᠨ ᠳᠥᠭᠦᠮᠬᠡᠨ ᠢᠶᠠᠷ ᠳᠠᠬᠢᠨ ᠳᠠᠪᠲᠠᠵᠤ ᠪᠣᠯᠬᠤ ᠦᠭᠡᠢ᠃ ᠨᠢᠭᠡᠳᠦᠭᠡᠷ ᠡᠭᠡᠯᠵᠢ ᠶᠢᠨ ᠳᠠᠪᠲᠠᠯᠭ᠎ᠠ ᠶᠢᠨ

ᠭᠤᠣᠯᠳᠠᠯᠭ᠎ᠠ ᠪᠣᠯ ᠦᠨᠳᠦᠰᠦᠨ ᠰᠠᠭᠤᠷᠢ ᠮᠡᠳᠡᠯᠭᠡ ᠶᠢ ᠴᠡᠭᠡᠵᠢᠯᠡᠬᠦ᠂ ᠣᠶᠢᠯᠠᠭᠠᠬᠤ᠂ ᠪᠣᠯᠪᠠᠰᠤᠷᠠᠩᠭᠤᠢ ᠡᠵᠡᠮᠰᠢᠭᠰᠡᠨ

ᠪᠠᠶᠢᠬᠤ ᠪᠣᠯᠣᠨ᠎ᠠ᠃ ᠢᠩᠭᠢᠬᠦ  ᠪᠠᠷ ᠢᠶᠠᠨ ᠨᠢᠭᠡᠳᠦᠭᠡᠷ ᠡᠭᠡᠯᠵᠢ ᠶᠢᠨ ᠳᠠᠪᠲᠠᠯᠭ᠎ᠠ ᠳᠤ ᠰᠤᠷᠤᠭᠴᠢᠳ ᠢᠶᠠᠷ

ᠬᠢᠴᠢᠶᠡᠯ ᠢᠶᠠᠷ ᠨᠢᠭᠡᠴᠢᠯᠡᠨ ᠰᠡᠳᠬᠢᠬᠦᠢ ᠶᠢᠨ ᠬᠥᠲᠥᠯᠪᠦᠷᠢ ᠵᠢᠷᠤᠭ ᠵᠢᠷᠤᠭᠤᠯᠵᠤ᠂ ᠦᠨᠳᠦᠰᠦᠨ ᠮᠡᠳᠡᠯᠭᠡ ᠶᠢᠨ

ᠪᠠᠲᠤᠳᠬᠠᠯ ᠡᠵᠡᠮᠰᠢᠯ ᠢ ᠴᠢᠩᠭᠠᠳᠬᠠᠭᠰᠠᠨ ᠪᠠᠶᠢᠬᠤ ᠬᠡᠷᠡᠭᠲᠡᠢ᠃ ᠬᠤᠶᠠᠳᠤᠭᠠᠷ ᠡᠭᠡᠯᠵᠢ ᠶᠢᠨ ᠳᠠᠪᠲᠠᠯᠭ᠎ᠠ ᠶᠢᠨ

ᠭᠤᠣᠯᠳᠠᠯᠭ᠎ᠠ ᠪᠣᠯ ᠦᠨᠳᠦᠰᠦᠨ ᠮᠡᠳᠡᠯᠭᠡ ᠶᠢᠨ ᠰᠢᠰᠲ᠋ᠧᠮᠵᠢᠯᠡᠯᠲᠡ ᠪᠠ ᠶᠡᠷᠦᠩᠬᠡᠶᠢᠯᠡᠯ᠂ ᠮᠡᠳᠡᠯᠭᠡ ᠶᠢ ᠡᠮᠬᠢᠯᠡᠬᠦ᠂

ᠮᠡᠳᠡᠯᠭᠡ ᠪᠠᠨ ᠶᠡᠷᠦᠩᠬᠡᠶᠢᠯᠡᠨ ᠬᠡᠷᠡᠭᠯᠡᠵᠦ ᠠᠰᠠᠭᠤᠳᠠᠯ  ᠢ ᠵᠠᠳᠠᠯᠵᠤ ᠰᠢᠢᠳᠪᠦᠷᠢᠯᠡᠬᠦ ᠴᠢᠳᠠᠪᠤᠷᠢ ᠶᠢ ᠬᠥᠮᠥᠵᠢᠭᠦᠯᠬᠦ

ᠪᠣᠯᠣᠨ᠎ᠠ᠃ ᠡᠶᠢᠮᠦ ᠠᠴᠠ ᠨᠢᠭᠡᠳᠦᠭᠡᠷ ᠡᠭᠡᠯᠵᠢ ᠶᠢᠨ ᠳᠠᠪᠲᠠᠯᠭ᠎ᠠ ᠶᠢᠨ ᠰᠠᠭᠤᠷᠢᠨ ᠳᠡᠭᠡᠷ᠎ᠡ ᠦᠷᠭᠦᠯᠵᠢᠯᠡᠨ

ᠰᠤᠷᠤᠭᠴᠢᠳ ᠢᠶᠠᠷ ᠰᠡᠳᠬᠢᠬᠦᠢ ᠶᠢᠨ ᠬᠥᠲᠥᠯᠪᠦᠷᠢ ᠵᠢᠷᠤᠭ ᠵᠢᠷᠤᠭᠤᠯᠵᠤ᠂ ᠤᠤᠯ ᠤᠨ ᠬᠢᠴᠢᠶᠡᠯ ᠢᠶᠠᠷ

ᠬᠤᠷᠢᠶᠠᠩᠭᠤᠶᠢᠯᠠᠵᠤ ᠵᠢᠷᠤᠭᠰᠠᠠ ᠬᠥᠲᠥᠯᠪᠦᠷᠢ ᠵᠢᠷᠤᠭ ᠢᠶᠠᠨ ᠨᠢᠭᠡᠴᠢ ᠶᠢᠨ ᠬᠥᠲᠥᠯᠪᠦᠷᠢ ᠵᠢᠷᠤᠭ ᠪᠣᠯᠭᠠᠨ

ᠥᠷᠭᠡᠳᠬᠡᠵᠦ᠂ ᠰᠢᠯᠭᠠᠬᠤ ᠴᠡᠭ ᠤᠨ ᠬᠡᠯᠬᠢᠶᠡᠰᠦ ᠶᠢ ᠤᠯᠠᠮ ᠨᠢᠭᠡ ᠠᠯᠬᠤᠮ ᠲᠣᠪᠴᠢ ᠠᠪᠰᠠᠷᠬᠠᠨ ᠪᠤᠯᠭᠠᠵᠦ᠂

ᠰᠤᠷᠤᠭᠴᠢᠳ ᠤᠨ ᠦᠨᠳᠦᠰᠦᠨ ᠮᠡᠳᠡᠯᠭᠡ ᠶᠢᠨ ᠡᠮᠬᠢᠯᠡᠯ᠂ ᠪᠠᠲᠤᠳᠬᠠᠯ ᠢ ᠭᠦᠨᠵᠡᠭᠡᠶᠢᠷᠡᠭᠦᠯᠦᠨ᠎ᠡ᠃ ᠤᠴᠢᠷ ᠨᠢ

ᠨᠢᠭᠡᠳᠦᠭᠡᠷ ᠡᠭᠡᠯᠵᠢ ᠶᠢᠨ ᠳᠠᠪᠲᠠᠯᠭ᠎ᠠ ᠶᠢᠨ ᠰᠡᠭᠦᠯᠡᠷ ᠰᠤᠷᠤᠭᠴᠢᠳ ᠤᠨ ᠡᠵᠡᠮᠰᠢᠭᠰᠡᠨ ᠮᠡᠳᠡᠯᠭᠡ ᠶᠢᠨ ᠰᠢᠰᠲ᠋ᠧᠮᠲᠦ

ᠴᠢᠨᠠᠷ᠂ ᠶᠡᠷᠦᠩᠬᠡᠶᠢᠯᠡᠭᠰᠡᠨ ᠴᠢᠨᠠᠷ ᠪᠣᠯ ᠭᠦᠢᠴᠡᠳ ᠦᠭᠡᠢ ᠳᠤᠯᠢᠮᠠᠭ ᠪᠠᠶᠢᠳᠠᠭ᠃ ᠬᠤᠶᠠᠳᠤᠭᠠᠷ ᠡᠭᠡᠯᠵᠢ ᠶᠢᠨ

ᠳᠠᠪᠲᠠᠯᠭ᠎ᠠ ᠶᠢᠨ ᠭᠤᠣᠯᠳᠠᠯᠭ᠎ᠠ ᠪᠣᠯ ᠡ᠊ᠨᠡ ᠭᠦ ᠠᠰᠠᠭᠤᠳᠠᠯ ᠢ ᠰᠢᠢᠳᠪᠦᠷᠢᠯᠡᠬᠦ ᠪᠣᠯᠣᠨ᠎ᠠ᠃ ᠮᠡᠳᠡᠯᠭᠡ ᠶᠢᠨ ᠰᠢᠰᠲ᠋ᠧᠮ ᠢ

ᠶᠡᠭᠡ ᠰᠢᠰᠲ᠋ᠧᠮ ᠪᠠ ᠪᠠᠭ᠎ᠠ ᠰᠢᠰᠲ᠋ᠧᠮ ᠭᠡᠵᠦ ᠬᠤᠪᠢᠶᠠᠨ᠂ ᠶᠡᠭᠡ ᠰᠢᠰᠲ᠋ᠧᠮ ᠪᠣᠯ ᠵᠢᠭᠠᠬᠤ ᠮᠠᠲ᠋ᠧᠷᠢᠶᠡᠯ ᠤᠨ

ᠠᠭᠤᠯᠭ᠎ᠠ ᠶᠢ ᠡᠮᠬᠢᠯᠡᠨ ᠬᠡᠯᠬᠢᠵᠦ ᠪᠠᠶᠢᠭᠤᠯᠤᠭᠰᠠᠨ ᠮᠡᠳᠡᠯᠭᠡ ᠶᠢᠨ ᠰᠢᠰᠲ᠋ᠧᠮ ᠮᠥᠨ᠂ ᠭᠤᠣᠯᠳᠠᠭᠤ ᠨᠢᠭᠡᠴᠢ ᠪᠠ

ᠬᠢᠴᠢᠶᠡᠯ ᠤᠨ ᠪᠦᠲᠦᠴᠡ ᠠᠴᠠ ᠪᠦᠷᠢᠯᠳᠦᠨ᠎ᠡ᠃ ᠪᠠᠭ᠎ᠠ ᠰᠢᠰᠲ᠋ᠧᠮ ᠪᠣᠯ ᠰᠢᠯᠭᠠᠬᠤ ᠮᠡᠳᠡᠯᠭᠡ ᠶᠢᠨ ᠴᠡᠭ ᠤᠨ

ᠬᠤᠭᠤᠷᠤᠨᠳᠤᠬᠢ ᠳᠣᠲᠣᠭᠠᠳᠤ ᠬᠤᠯᠪᠤᠭ᠎ᠠ ᠪᠠᠷ ᠪᠦᠷᠢᠯᠳᠦᠨ᠎ᠡ᠃ ᠪᠢᠳᠡ ᠬᠤᠶᠠᠳᠤᠭᠠᠷ ᠡᠭᠡᠯᠵᠢ ᠶᠢᠨ ᠳᠠᠪᠲᠠᠯᠭ᠎ᠠ

ᠳᠤᠮᠳᠠ ᠪᠠᠨ ᠪᠠᠭ᠎ᠠ ᠰᠢᠰᠲ᠋ᠧᠮ ᠢ ᠢᠯᠡᠭᠦᠬᠡᠨ ᠪᠠᠶᠢᠭᠤᠯᠵᠤ᠂ ᠰᠤᠷᠤᠭᠴᠢᠳ ᠲᠤ ᠪᠠᠭ᠎ᠠ ᠰᠢᠰᠲ᠋ᠧᠮ ᠢ

ᠡᠵᠡᠮᠰᠢᠭᠦᠯᠦᠭᠰᠡᠨ ᠰᠠᠭᠤᠷᠢᠨ ᠳᠡᠭᠡᠷ᠎ᠡ ᠲᠠᠬᠢᠨ ᠮᠠᠰᠢ ᠤᠯᠠᠨ ᠪᠠᠭ᠎ᠠ ᠰᠢᠰᠲ᠋ᠧᠮ ᠢ ᠨᠡᠶᠢᠯᠡᠭᠦᠯᠦᠭᠡᠳ ᠶᠡᠭᠡ ᠰᠢᠰᠲ᠋ᠧᠮ

ᠪᠣᠯᠭᠠᠪᠠᠯ ᠵᠣᠬᠢᠨ᠎ᠠ᠃ ᠰᠤᠷᠤᠭᠴᠢᠳ ᠢ ᠮᠡᠳᠡᠯᠭᠡ ᠶᠢᠨ ᠴᠡᠭ ᠨᠢᠭᠡ ᠪᠦᠷᠢ ᠶᠢ ᠴᠥᠮ ᠮᠡᠳᠡᠯᠭᠡ ᠶᠢᠨ ᠰᠢᠰᠲ᠋ᠧᠮ ᠳᠤ

ᠣᠷᠣᠭᠤᠯᠤᠨ ᠡᠵᠡᠮᠰᠢᠭᠦᠯᠵᠦ᠂ ᠵᠠᠪᠠᠯ ᠰᠤᠷᠬᠤ ᠳᠥᠷᠪᠡᠨ ᠳᠡᠪᠲᠡᠷ ᠤᠨ ᠠᠭᠤᠯᠭ᠎ᠠ ᠶᠢ ᠨᠡᠪᠲᠡᠷᠡᠲᠡᠯ᠎ᠡ ᠣᠶᠢᠯᠠᠭᠠᠭᠤᠯᠬᠤ

ᠬᠡᠷᠡᠭᠲᠡᠢ᠃ ᠭᠠᠭᠴᠠ ᠭᠦ ᠢᠩᠭᠢᠪᠡᠯ ᠰᠠᠶ᠋ᠢ ᠤᠯᠤᠰ ᠤᠨ ᠨᠢᠭᠡᠳᠤᠯᠳᠠᠢ ᠰᠢᠯᠭᠠᠯᠲᠠ ᠳᠤ ᠰᠡᠳᠦᠪ ᠤᠨ ᠵᠢᠱᠢᠭᠰᠡᠨ

ᠠᠰᠠᠭᠤᠯᠲᠠ ᠶᠢ ᠦᠨᠳᠦᠰᠦᠯᠡᠨ᠂ ᠮᠡᠳᠡᠯᠭᠡ ᠶᠢ ᠵᠥᠪ ᠬᠡᠷᠡᠭᠯᠡᠵᠦ᠂ ᠤᠯᠠᠨ ᠲᠠᠯ᠎ᠠ ᠠᠴᠠ᠂ ᠤᠯᠠᠨ ᠲᠡᠰ

ᠳᠠᠪᠬᠤᠷᠭ᠎ᠠ ᠠᠴᠠ ᠡᠮᠬᠢᠯᠡᠨ᠂ ᠠᠮᠢᠳᠤᠯᠢᠭ ᠢᠶᠠᠷ ᠨᠡᠭᠦᠯᠭᠡᠵᠤ᠂ ᠰᠡᠳᠦᠪ ᠲᠤ ᠲᠣᠭᠲᠠᠭᠠᠭᠰᠠᠨ ᠠᠬᠤᠢ ᠪᠠᠶᠢᠳᠠᠯ ᠤᠨ

ᠠᠰᠠᠭᠤᠳᠠᠯ ᠳᠤᠮᠳᠠ ᠪᠣᠳᠠᠲᠠᠢ ᠠᠰᠠᠭᠤᠳᠠᠯ ᠢ ᠵᠠᠳᠠᠯᠤᠨ ᠰᠢᠢᠳᠪᠦᠷᠢᠯᠡᠵᠦ ᠴᠢᠳᠠᠬᠤ ᠪᠣᠯᠭᠠᠨ᠎ᠠ᠃ ᠵᠢᠱᠢᠶᠡᠯᠡᠪᠡᠯ᠂

ᠮᠡᠳᠡᠯᠭᠡ ᠶᠢᠨ ᠲᠤᠰᠬᠠᠢ ᠰᠡᠳᠦᠪ ᠤᠨ ᠳᠠᠪᠲᠠᠯᠭ᠎ᠠ ᠬᠢᠬᠦ ᠳᠤ ᠪᠠᠨ ᠪᠢᠳᠡ ᠵᠠᠪᠠᠯ ᠰᠤᠷᠬᠤ ᠳᠥᠷᠪᠡᠨ ᠳᠡᠪᠲᠡᠷ ᠤᠨ

ᠠᠭᠤᠯᠭ᠎ᠠ ᠶᠢ ᠠᠷᠪᠠᠨ ᠨᠢᠭᠡᠨ ᠲᠤᠰᠬᠠᠢ ᠰᠡᠳᠦᠪ ᠪᠣᠯᠭᠠᠨ ᠬᠤᠪᠢᠶᠠᠵᠤ᠂ ᠠᠭᠤᠯᠭ᠎ᠠ ᠶᠢᠨ ᠬᠤᠷᠢᠶᠠᠩᠭᠤᠶᠢᠯᠠᠯ ᠬᠢᠵᠦ

ᠮᠡᠳᠡᠯᠭᠡ ᠶᠢᠨ ᠶᠡᠭᠡ ᠰᠢᠰᠲ᠋ᠧᠮ ᠪᠠ ᠪᠠᠭ᠎ᠠ ᠰᠢᠰᠲ᠋ᠧᠮ ᠢ ᠤᠶᠠᠯᠳᠤᠭᠤᠯᠤᠨ ᠰᠢᠯᠭᠠᠬᠤ ᠴᠡᠭ ᠤᠨ ᠬᠡᠯᠬᠢᠶᠡᠰᠦ ᠶᠢ

ᠪᠦᠷᠢᠯᠳᠦᠭᠦᠯᠦᠨ ᠬᠥᠲᠥᠯᠥᠮᠵᠢ ᠵᠢᠷᠤᠭ ᠢᠶᠠᠷ ᠰᠤᠷᠤᠭᠴᠢᠳ ᠲᠤ ᠠᠮᠢᠳᠤᠯᠢᠭ ᠪᠣᠳᠠᠲᠠᠢ ᠲᠣᠪᠴᠢ ᠲᠣᠳᠤᠷᠠᠭᠤᠨ

ᠡᠵᠡᠮᠰᠢᠭᠦᠯᠬᠦ ᠪᠠᠷ ᠬᠠᠷᠠᠯᠲᠠ ᠪᠠᠨ ᠪᠣᠯᠭᠠᠬᠤ ᠴᠢᠬᠤᠯᠠᠲᠠᠢ᠃ ᠠᠵᠤ ᠠᠬᠤᠢ ᠶᠢᠨ ᠠᠮᠢᠳᠤᠷᠠᠯ ᠤᠨ ᠠᠭᠤᠯᠭ᠎ᠠ ᠪᠠᠷ

ᠵᠢᠱᠢᠶᠡᠯᠡᠵᠦ ᠬᠡᠯᠡᠪᠡᠯ᠂ ᠠᠵᠤ ᠠᠬᠤᠢ ᠶᠢᠨ ᠠᠵᠢᠯᠯᠠᠭᠠᠨ ᠳᠤ ᠣᠷᠣᠯᠴᠠᠭᠴᠢ ᠬᠤᠪᠢ ᠬᠥᠮᠥᠨ᠂ ᠠᠵᠤ ᠠᠬᠤᠢ ᠶᠢᠨ

ᠠᠵᠢᠯᠯᠠᠭᠠᠨ ᠳᠤ ᠣᠷᠣᠯᠴᠠᠭᠴᠢ ᠠᠵᠤ ᠠᠬᠤᠶᠢᠯᠠᠯ᠂ ᠠᠵᠤ ᠠᠬᠤᠢ ᠶᠢᠨ ᠠᠵᠢᠯᠯᠠᠭᠠᠨ ᠳᠤ ᠣᠷᠣᠯᠴᠠᠭᠴᠢ ᠤᠯᠤᠰ᠂

ᠠᠵᠤ ᠠᠬᠤᠢ ᠶᠢᠨ ᠠᠮᠢᠳᠤᠷᠠᠯ ᠳᠤᠮᠳᠠᠬᠢ ᠦᠨ᠎ᠡ ᠶᠢᠨ ᠮᠤᠷᠤᠢ ᠱᠤᠭᠤᠮ ᠭᠡᠵᠦ ᠳᠥᠷᠪᠡᠨ ᠲᠤᠰᠬᠠᠢ ᠰᠡᠳᠦᠪ ᠪᠣᠯᠭᠠᠨ

ᠬᠤᠪᠢᠶᠠᠵᠦ᠂ ᠪᠦᠬᠦ ᠠᠭᠤᠯᠭ᠎ᠠ ᠶᠢ ᠳᠥᠷᠪᠡᠨ ᠶᠡᠭᠡ ᠮᠡᠳᠡᠯᠭᠡ ᠶᠢᠨ ᠰᠢᠰᠲ᠋ᠧᠮ ᠪᠣᠯᠭᠠᠨ ᠡᠮᠬᠢᠯᠡᠨ᠎ᠡ᠃ ᠡᠭᠦᠨ ᠳᠤ

ᠠᠵᠤ ᠠᠬᠤᠢ ᠶᠢᠨ ᠠᠵᠢᠯᠯᠠᠭᠠᠨ ᠳᠤ ᠣᠷᠣᠯᠴᠠᠭᠴᠢ ᠬᠤᠪᠢ ᠬᠥᠮᠥᠨ ᠢᠶᠠᠷ ᠠᠪᠴᠤ ᠬᠡᠯᠡᠪᠡᠯ᠂ ᠠᠵᠤ ᠠᠬᠤᠢ ᠶᠢᠨ

ᠳᠥᠷᠪᠡᠨ ᠶᠡᠭᠡ ᠭᠤᠭᠴᠤᠭ᠎ᠠ ᠪᠣᠯᠬᠤ ᠦᠢᠯᠡᠳᠪᠦᠷᠢᠯᠡᠯ᠂ ᠬᠤᠪᠢᠶᠠᠷᠢᠯᠠᠯᠲᠠ᠂ ᠰᠣᠯᠢᠯᠴᠠᠭ᠎ᠠ᠂ ᠬᠡᠷᠡᠭᠯᠡᠭᠡᠨ ᠤ

ᠳᠤᠮᠳᠠᠬᠢ ᠬᠤᠪᠢ ᠬᠥᠮᠥᠨ ᠤ ᠳᠦᠷᠢ ᠶᠢ ᠵᠢᠷᠭᠤᠭᠠᠨ ᠲᠠᠯ᠎ᠠ ᠠᠴᠠ ᠬᠤᠷᠢᠶᠠᠩᠭᠤᠶᠢᠯᠠᠵᠤ᠂ ᠶᠡᠭᠡ ᠮᠡᠳᠡᠯᠭᠡ ᠶᠢᠨ

ᠰᠢᠰᠲ᠋ᠧᠮ ᠢ ᠪᠠᠶᠢᠭᠤᠯᠤᠨ᠂ ᠲᠠᠬᠢᠨ ᠵᠢᠷᠭᠤᠭᠠᠨ ᠲᠠᠯ᠎ᠠ ᠶᠢᠨ ᠳᠣᠲᠣᠭᠠᠳᠤ ᠮᠡᠳᠡᠯᠭᠡ ᠶᠢᠨ ᠪᠠᠭ᠎ᠠ ᠰᠢᠰᠲ᠋ᠧᠮ ᠢ ᠨᠠᠷᠢᠯᠢᠬ

ᠡᠮᠬᠢᠯᠡᠨ ᠬᠡᠯᠬᠢᠵᠦ᠂ ᠰᠤᠷᠤᠭᠴᠢᠳ ᠤᠨ ᠲᠤᠰᠬᠠᠢ ᠰᠡᠳᠦᠪ ᠤᠨ ᠮᠡᠳᠡᠯᠭᠡ ᠡᠵᠡᠮᠰᠢᠯ ᠢ ᠪᠠᠲᠤᠳᠬᠠᠵᠤ᠂ ᠰᠡᠳᠦᠪ

ᠵᠠᠳᠠᠯᠵᠤ ᠬᠠᠷᠢᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠮᠡᠳᠡᠯᠭᠡ ᠶᠢᠨ ᠰᠠᠭᠤᠷᠢ ᠲᠠᠯᠪᠢᠨ᠎ᠠ᠃

      2. ᠭᠤᠣᠯ ᠪᠣᠯᠬᠤ ᠮᠡᠳᠡᠯᠭᠡ ᠶᠢᠨ ᠴᠡᠭ ᠤᠨ ᠳᠠᠪᠲᠠᠯᠲᠠ ᠶᠢ ᠭᠤᠣᠯᠴᠢᠯᠠᠨ ᠰᠠᠶᠢᠲᠤᠷ ᠠᠳᠬᠤᠬᠤ

      ᠬᠤᠶᠠᠳᠤᠭᠠᠷ ᠡᠭᠡᠯᠵᠢ ᠶᠢᠨ ᠳᠠᠪᠲᠠᠬᠤ ᠴᠠᠭ ᠨᠢ ᠣᠬᠤᠷ᠂ ᠨᠢᠭᠡᠳᠦᠭᠡᠷ ᠡᠭᠡᠯᠵᠢ ᠶᠢᠨ ᠳᠠᠪᠲᠠᠯᠭ᠎ᠠ ᠶᠢᠨ ᠬᠢ ᠲᠠᠢ

ᠠᠳᠠᠯᠢ ᠪᠠᠷ ᠬᠢᠴᠢᠶᠡᠯ ᠪᠣᠯᠭᠠᠨ ᠢ ᠨᠠᠷᠢᠯᠢᠬ ᠳᠠᠪᠲᠠᠵᠤ᠂ ᠮᠡᠳᠡᠯᠭᠡ  ᠶᠢᠨ ᠬᠦᠷᠢᠶ᠎ᠡ ᠶᠢ ᠥᠷᠭᠡᠳᠬᠡᠵᠦ᠂ ᠠᠭᠤᠯᠭ᠎ᠠ

ᠪᠣᠯᠭᠠᠨ ᠢ ᠦᠯᠡᠳᠡᠭᠡᠯ ᠦᠭᠡᠢ ᠳᠠᠪᠲᠠᠬᠤ ᠪᠣᠯᠣᠮᠵᠢ ᠦᠭᠡᠢ᠂ ᠢᠩᠭᠢᠬᠦ ᠪᠠᠷ ᠢᠶᠠᠨ ᠭᠤᠣᠯ ᠪᠣᠯᠬᠤ ᠮᠡᠳᠡᠯᠭᠡ ᠶᠢ

ᠲᠣᠪᠤᠶᠢᠯᠭᠠᠬᠤ ᠬᠡᠷᠡᠭᠲᠡᠢ᠃ ᠤᠯᠤᠰ ᠤᠨ ᠨᠢᠭᠡᠳᠤᠯᠳᠠᠢ ᠰᠢᠯᠭᠠᠯᠲᠠ ᠨᠢ ᠭᠤᠣᠯᠳᠠᠭᠤ ᠨᠢᠭᠡ ᠳᠤ ᠰᠤᠷᠤᠭᠴᠢᠳ ᠤᠨ

ᠭᠤᠣᠯ ᠪᠣᠯᠬᠤ ᠮᠡᠳᠡᠯᠭᠡ ᠶᠢᠨ ᠴᠡᠭ ᠢ ᠬᠢᠷᠢ ᠵᠡᠷᠭᠡ ᠡᠵᠡᠮᠰᠢᠭᠰᠡᠨ ᠢ ᠰᠢᠯᠭᠠᠨ ᠪᠠᠶᠢᠴᠠᠭᠠᠨ᠎ᠠ᠂ ᠬᠤᠶᠠᠷ ᠲᠤ

ᠰᠤᠷᠤᠭᠴᠢᠳ ᠤᠨ ᠭᠤᠣᠯ ᠪᠣᠯᠬᠤ ᠮᠡᠳᠡᠯᠭᠡ ᠶᠢ ᠶᠡᠷᠦᠩᠬᠡᠶᠢᠯᠡᠨ ᠬᠡᠷᠡᠭᠯᠡᠬᠦ ᠴᠢᠳᠠᠪᠤᠷᠢ ᠶᠢ ᠰᠢᠯᠭᠠᠨ          

ᠪᠠᠶᠢᠴᠠᠭᠠᠨ᠎ᠠ᠃ ᠭᠤᠣᠯ ᠪᠣᠯᠬᠤ ᠮᠡᠳᠡᠯᠭᠡ ᠳᠤ ᠬᠤᠶᠠᠷ ᠲᠠᠯ᠎ᠠ  ᠶᠢ ᠪᠠᠭᠲᠠᠭᠠᠨ᠎ᠠ᠂ ᠨᠢᠭᠡ ᠲᠠᠯ᠎ᠠ ᠪᠠᠷ ᠵᠢᠭᠠᠬᠤ

ᠮᠠᠲ᠋ᠧᠷᠢᠶᠠᠯ ᠤᠨ ᠭᠤᠣᠯ ᠪᠣᠯᠬᠤ ᠮᠡᠳᠡᠯᠭᠡ᠂ ᠲᠤᠬᠠᠶᠢᠯᠠᠪᠠᠯ᠂ ᠴᠢᠬᠤᠯᠠ ᠤᠬᠠᠭᠳᠠᠬᠤᠨ᠂ ᠦᠨᠳᠦᠰᠦᠨ ᠣᠨᠤᠯ ᠤᠨ

ᠦᠵᠡᠯᠲᠡ ᠪᠠ ᠴᠢᠬᠤᠯᠠ ᠦᠨᠳᠦᠰᠦᠯᠡᠯ ᠪᠣᠯᠣᠨ᠎ᠠ᠂ ᠨᠥᠭᠦᠭᠡ ᠲᠠᠯ᠎ᠠ ᠪᠠᠷ ᠨᠡᠶᠢᠭᠡᠮ ᠤᠨ ᠬᠠᠯᠠᠮᠰᠢᠯ ᠴᠡᠭ ᠤᠨ

ᠡᠭᠦᠳᠡᠨ ᠠᠴᠠ ᠠᠪᠴᠤ ᠦᠵᠡᠭᠰᠡᠨ ᠭᠤᠣᠯ ᠪᠣᠯᠬᠤ ᠮᠡᠳᠡᠯᠭᠡ ᠪᠣᠯᠣᠨ᠎ᠠ᠂ ᠪᠠᠭᠰᠢ ᠨᠠᠷ ᠰᠢᠯᠭᠠᠯᠲᠠ ᠶᠢᠨ

ᠬᠥᠲᠥᠯᠪᠦᠷᠢ ᠳᠤ ᠲᠣᠭᠲᠠᠭᠠᠭᠰᠠᠨ ᠰᠢᠯᠭᠠᠯᠲᠠ ᠶᠢᠨ ᠴᠡᠭ ᠲᠠᠢ ᠤᠶᠠᠯᠳᠤᠭᠤᠯᠤᠨ᠂ ᠬᠢᠴᠢᠶᠡᠯ ᠤᠨ ᠳᠡᠪᠲᠡᠷ ᠢᠶᠠᠷ

ᠦᠨᠳᠦᠰᠦᠯᠡᠯ ᠪᠤᠯᠭᠠᠵᠦ᠂ ᠵᠢᠭᠠᠬᠤ ᠮᠠᠲ᠋ᠧᠷᠢᠶᠠᠯ ᠤᠨ ᠭᠤᠣᠯ ᠮᠡᠳᠡᠯᠭᠡ ᠶᠢᠨ ᠴᠡᠭ ᠪᠠ ᠨᠡᠶᠢᠭᠡᠮ ᠤᠨ ᠬᠠᠯᠠᠮᠰᠢᠯ

ᠠᠰᠠᠭᠤᠳᠠᠯ ᠲᠠᠢ ᠬᠤᠯᠪᠣᠭᠳᠠᠭᠰᠠᠨ ᠭᠤᠣᠯ ᠮᠡᠳᠡᠯᠭᠡ ᠶᠢ ᠲᠤᠰ ᠲᠤᠰ ᠳᠤ ᠨᠢ ᠡᠷᠢᠨ ᠭᠠᠷᠭᠠᠵᠤ᠂ ᠭᠤᠣᠯ

ᠮᠡᠳᠡᠯᠭᠡ ᠶᠢᠨ ᠲᠡᠰ ᠳᠠᠪᠬᠤᠷᠭ᠎ᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃ ᠬᠤᠶᠠᠳᠤᠭᠠᠷ ᠡᠭᠡᠯᠵᠢ ᠶᠢᠨ

ᠳᠠᠪᠲᠠᠯᠭ᠎ᠠ ᠶᠢᠨ ᠬᠤᠭᠤᠴᠠᠭᠠᠨ ᠳᠤ ᠰᠢᠯᠭᠠᠯᠲᠠ ᠶᠢᠨ ᠬᠥᠲᠥᠯᠪᠦᠷᠢ ᠶᠢ ᠤᠯᠠᠮ ᠨᠢᠭᠡ ᠠᠯᠬᠤᠮ ᠰᠤᠳᠤᠯᠵᠤ

ᠲᠤᠭᠤᠷᠠᠲᠠᠯ᠎ᠠ ᠣᠶᠢᠯᠠᠭᠠᠨ᠂ ᠬᠢᠴᠢᠶᠡᠯ ᠤᠨ ᠪᠢᠴᠢᠭ ᠢ ᠬᠦᠨᠳᠦᠳᠬᠡᠬᠦ ᠬᠡᠷᠡᠭᠲᠡᠢ᠃ ᠣᠶᠢᠷ᠎ᠠ ᠶᠢᠨ ᠬᠡᠳᠦᠨ ᠵᠢᠯ ᠤᠨ

ᠤᠯᠤᠰ ᠤᠨ ᠨᠢᠭᠡᠳᠤᠯᠳᠠᠢ ᠰᠢᠯᠭᠠᠯᠲᠠ ᠠᠴᠠ ᠦᠵᠡᠪᠡᠯ᠂ ᠠᠭᠤᠯᠭ᠎ᠠ ᠨᠢ ᠬᠡᠳᠦᠢ ᠰᠢᠨ᠎ᠡ᠂ ᠬᠡᠯᠪᠡᠷᠢ ᠨᠢ ᠬᠡᠳᠦᠢ

ᠠᠮᠢᠳᠤᠯᠢᠭ ᠪᠠᠶᠢᠭᠰᠠᠨ ᠴᠦ ᠬᠠᠷᠢᠭᠤᠯᠲᠠ ᠶᠢᠨ ᠮᠡᠳᠡᠯᠭᠡ ᠶᠢ ᠴᠥᠮ ᠵᠢᠭᠠᠬᠤ ᠮᠠᠲ᠋ᠧᠷᠢᠶᠠᠯ ᠠᠴᠠ ᠣᠯᠵᠤ ᠪᠣᠯᠣᠨ᠎ᠠ᠂

ᠥᠭᠡᠷ᠎ᠡ ᠪᠠᠷ ᠬᠡᠯᠡᠪᠡᠯ ᠰᠡᠳᠦᠪ ᠨᠢ ︽ᠨᠣᠮ ᠤᠨ ᠭᠠᠳᠠᠨ᠎ᠠ᠂ ᠶᠣᠰᠣ ᠨᠢ ᠨᠣᠮ ᠤᠨ ᠳᠣᠲᠣᠷ᠎ᠠ︾᠂ ᠠᠯᠢᠪᠠ

ᠰᠢᠯᠭᠠᠯᠲᠠ ᠶᠢᠨ ᠰᠡᠳᠦᠪ ᠨᠢ ᠴᠥᠮ ᠬᠢᠴᠢᠶᠡᠯ ᠤᠨ ᠪᠢᠴᠢᠭ ᠤᠨ ᠮᠡᠳᠡᠯᠭᠡ ᠶᠢᠨ ᠭᠦᠨᠵᠡᠭᠡᠶᠢᠷᠡᠯ᠂ ᠥᠷᠭᠡᠵᠢᠯ ᠪᠠ

ᠤᠯᠠᠷᠢᠭᠤᠯᠤᠯ ᠪᠣᠯᠣᠨ᠎ᠠ᠃ ᠬᠤᠶᠠᠳᠤᠭᠠᠷ ᠡᠭᠡᠯᠵᠢ ᠶᠢᠨ ᠳᠠᠪᠲᠠᠯᠭ᠎ᠠ ᠳᠡᠭᠡᠷ᠎ᠡ ᠶᠠᠭᠠᠬᠢᠭᠰᠠᠨ ᠴᠦ ᠬᠢᠴᠢᠶᠡᠯ ᠤᠨ

ᠳᠡᠪᠲᠡᠷ ᠢᠶᠠᠨ ᠤᠷᠬᠢᠵᠦ ᠳᠠᠪᠲᠠᠵᠤ ᠪᠣᠯᠬᠤ ᠦᠭᠡᠢ᠂ ᠬᠡᠳᠦᠢ ᠰᠠᠶᠢᠨ ᠰᠤᠷᠬᠤ ᠲᠥᠰᠥᠯ᠂ ᠬᠡᠳᠦᠢ ᠰᠠᠶᠢᠨ ᠳᠠᠪᠲᠠᠬᠤ

ᠲᠣᠪᠴᠢ ᠨᠢ ᠴᠦ ᠬᠢᠴᠢᠶᠡᠯ ᠤᠨ ᠪᠢᠴᠢᠭ ᠢ ᠣᠷᠣᠯᠠᠵᠤ ᠴᠢᠳᠠᠬᠤ ᠦᠭᠡᠢ ᠶᠤᠮ᠃ ᠠᠰᠠᠭᠤᠳᠠᠯ ᠢ ᠰᠦᠪᠡᠭᠴᠢᠯᠡᠬᠦ ᠪᠠ

ᠰᠡᠳᠦᠪ ᠢ ᠵᠠᠳᠠᠯᠬᠤ ᠦᠶ᠎ᠡ ᠳᠤ ᠬᠡᠷᠡᠭᠯᠡᠭᠰᠡᠨ ᠮᠡᠳᠡᠯᠭᠡ ᠶᠢ ᠴᠥᠮ ᠵᠢᠭᠠᠬᠤ ᠮᠠᠲ᠋ᠧᠷᠢᠶᠠᠯ ᠳᠤ ᠪᠤᠴᠠᠭᠠᠵᠤ᠂ ᠵᠢᠭᠠᠬᠤ

ᠮᠠᠲ᠋ᠧᠷᠢᠶᠠᠯ ᠳᠤ ᠲᠦᠰᠢᠭᠯᠡᠨ᠂ ᠵᠢᠭᠠᠬᠤ ᠮᠠᠲ᠋ᠧᠷᠢᠶᠠᠯ ᠤᠨ ᠳᠣᠲᠣᠷ᠎ᠠ ᠠᠴᠠ ᠤᠭ ᠦᠨᠳᠦᠰᠦ ᠶᠢ ᠨᠢ ᠡᠷᠢᠬᠦ        

ᠬᠡᠷᠡᠭᠲᠡᠢ᠃ ᠬᠠᠷᠢᠨ ᠰᠤᠷᠤᠭᠴᠢᠳ ᠢ ᠰᠡᠳᠦᠪ ᠤᠨ ᠲᠠᠯᠠᠢ ᠳᠤ ᠱᠤᠩᠪᠠᠭᠤᠯᠵᠦ ᠵᠦᠭ ᠴᠢᠭᠯᠡᠯ ᠢ ᠨᠢ ᠠᠯᠳᠠᠭᠤᠯᠵᠤ᠂

ᠬᠢᠴᠢᠶᠡᠯ ᠤᠨ ᠳᠡᠪᠲᠡᠷ ᠠᠴᠠ ᠨᠢ ᠵᠠᠶᠢᠳᠠᠭᠤᠯᠵᠤ ᠪᠣᠯᠬᠤ ᠦᠭᠡᠢ᠃ ᠶᠡᠷᠦᠩᠬᠡᠶᠢᠯᠡᠪᠡᠯ ᠵᠢᠭᠠᠬᠤ ᠮᠡᠲ᠋ᠧᠷᠢᠶᠡᠯ ᠤᠨ

ᠭᠤᠣᠯᠳᠠᠯᠭ᠎ᠠ ᠶᠢ ᠲᠣᠪᠤᠶᠢᠯᠭᠠᠨ ᠰᠠᠶᠢᠲᠤᠷ ᠡᠵᠡᠮᠰᠢᠭᠦᠯᠵᠦ᠂ ᠪᠠᠲᠤ ᠪᠣᠯᠪᠠᠰᠤᠷᠠᠩᠭᠤᠢ ᠰᠠᠭᠤᠷᠢ ᠮᠡᠳᠡᠯᠭᠡ ᠪᠠᠷ

ᠤᠯᠤᠰ ᠤᠨ ᠨᠢᠭᠡᠳᠤᠯᠳᠠᠢ ᠰᠢᠯᠭᠠᠯᠲᠠ ᠶᠢᠨ ᠲᠦᠮᠡ ᠮᠢᠩᠭᠠᠨ ᠬᠤᠪᠢᠷᠠᠯᠲᠠ ᠳᠤ ᠵᠣᠬᠢᠴᠠᠭᠤᠯᠬᠤ ᠪᠣᠯ ᠰᠠᠶ᠋ᠢ

ᠳᠠᠪᠲᠠᠯᠭ᠎ᠠ ᠶᠢᠨ ᠳᠤᠮᠳᠠᠬᠢ ᠬᠠᠮᠤᠭ ᠤᠨ ᠦᠨᠳᠦᠰᠦᠨ ᠠᠷᠭ᠎ᠠ ᠪᠣᠳᠣᠯᠭ᠎ᠠ ᠪᠣᠯᠣᠨ᠎ᠠ᠂ ᠢᠯᠠᠩᠭᠤᠶ᠎ᠠ ᠬᠤᠶᠠᠳᠤᠭᠠᠷ

ᠡᠭᠡᠯᠵᠢ ᠶᠢᠨ ᠳᠠᠪᠲᠠᠯᠭ᠎ᠠ ᠶᠢᠨ ᠰᠡᠭᠦᠯᠴᠢ ᠶᠢᠨ ᠬᠤᠭᠤᠴᠠᠭᠠᠨ ᠳᠤ ᠳᠠᠪᠲᠠᠯᠭ᠎ᠠ ᠪᠠᠨ ᠡᠷᠬᠡᠪᠰᠢ ᠬᠢᠴᠢᠶᠡᠯ ᠤᠨ

ᠳᠡᠪᠲᠡᠷ ᠲᠤ ᠪᠠᠨ ᠪᠤᠴᠠᠭᠠᠬᠤ ᠬᠡᠷᠡᠭᠲᠡᠢ᠃

      ᠬᠤᠶᠠᠷ ᠲᠤ᠂ ᠴᠠᠭ ᠤᠨ ᠪᠠᠶᠢᠳᠠᠯ ᠤᠨ ᠤᠯᠤᠰ ᠲᠥᠷᠦ ᠶᠢᠨ ᠬᠠᠯᠠᠮᠰᠢᠯ ᠴᠡᠭ ᠤᠨ ᠲᠤᠰᠬᠠᠢ ᠰᠡᠳᠦᠪᠲᠦ

ᠳᠠᠪᠲᠠᠯᠭ᠎ᠠ ᠶᠢ ᠰᠠᠶᠢᠲᠤᠷ ᠬᠢᠵᠦ᠂ ᠣᠨᠤᠯ ᠢ ᠪᠣᠳᠠᠲᠠᠢ ᠲᠠᠢ ᠤᠶᠠᠯᠳᠤᠭᠤᠯᠬᠤ ᠶᠢ ᠴᠢᠩᠭᠠᠳᠬᠠᠬᠤ

      1. ᠨᠡᠶᠢᠭᠡᠮ ᠤᠨ ᠬᠠᠯᠠᠮᠰᠢᠯ ᠴᠡᠭ ᠤᠨ ᠠᠰᠠᠭᠤᠳᠠᠯ ᠢ ᠣᠨᠤᠪᠴᠢᠲᠠᠢ ᠡᠷᠢᠨ ᠭᠠᠷᠭᠠᠵᠤ᠂ ᠬᠠᠯᠠᠮᠰᠢᠯ ᠴᠡᠭ ᠤᠨ

ᠲᠤᠰᠬᠠᠢ ᠰᠡᠳᠦᠪ ᠢ ᠪᠤᠢ ᠪᠣᠯᠭᠠᠨ᠎ᠠ᠃ ᠭᠡᠬᠦ ᠳᠤ ᠪᠠᠨ ᠲᠥᠯᠥᠭᠡᠯᠡᠬᠦ ᠴᠢᠨᠠᠷᠲᠠᠢ᠂ ᠬᠠᠨᠳᠤᠯᠭᠠᠲᠤ ᠴᠢᠨᠠᠷᠲᠠᠢ᠂

ᠨᠡᠶᠢᠲᠡᠯᠢᠭ ᠴᠢᠨᠠᠷᠲᠠᠢ ᠲᠤᠰᠬᠠᠢ ᠰᠡᠳᠦᠪ ᠢ ᠰᠣᠩᠭᠤᠬᠤ ᠶᠢ ᠠᠩᠬᠠᠷᠬᠤ ᠬᠡᠷᠡᠭᠲᠡᠢ᠃ ᠨᠡᠶᠢᠭᠡᠮ ᠤᠨ ᠬᠠᠯᠠᠮᠰᠢᠯ

ᠴᠡᠭ ᠤᠨ ᠠᠰᠠᠭᠤᠳᠠᠯ ᠤᠨ ᠵᠠᠷᠢᠮ ᠨᠢ ᠪᠡᠶᠡᠴᠢ ᠰᠡᠳᠦᠪ ᠲᠤ ᠲᠣᠬᠢᠷᠠᠵᠤ᠂ ᠵᠠᠷᠢᠮ ᠨᠢ ᠵᠥᠪᠬᠡᠨ ᠰᠣᠩᠭᠤᠬᠤ

ᠰᠡᠳᠦᠪ ᠲᠤ ᠲᠣᠬᠢᠷᠠᠳᠠᠭ᠂ ᠡᠶᠢᠮᠦ ᠠᠴᠠ ᠰᠣᠩᠭᠤᠯᠲᠠ ᠪᠠ ᠭᠤᠣᠯᠳᠠᠯᠭ᠎ᠠ ᠲᠠᠢ ᠪᠠᠶᠢᠬᠤ ᠬᠡᠷᠡᠭᠲᠡᠢ᠃ ᠪᠡᠶᠡᠴᠢ

ᠰᠡᠳᠦᠪ ᠤᠨ ᠬᠠᠯᠠᠮᠰᠢᠯ ᠴᠡᠭ ᠤᠨ ᠲᠤᠰᠬᠠᠢ ᠰᠡᠳᠦᠪ ᠤᠨ ᠳᠠᠪᠲᠠᠯᠭ᠎ᠠ ᠪᠠᠨ ᠴᠢᠩᠭᠠᠳᠬᠠᠬᠤ ᠳᠤ ᠬᠤᠶᠠᠷ ᠲᠠᠯ᠎ᠠ ᠶᠢ

ᠠᠩᠬᠠᠷᠬᠤ ᠬᠡᠷᠡᠭᠲᠡᠢ᠃ ᠨᠢᠭᠡ ᠳᠤ ᠨᠠᠮ ᠪᠠ ᠲᠥᠷᠦ ᠶᠢᠨ ᠣᠳᠣᠬᠠᠨ ᠤ ᠴᠢᠬᠤᠯᠠ ᠶᠡᠭᠡ ᠴᠢᠭᠯᠡᠯᠲᠡ ᠲᠥᠷᠦ ᠶᠢᠨ

ᠪᠣᠳᠣᠯᠭ᠎ᠠ ᠪᠤᠶᠤ ᠤᠯᠤᠰ ᠲᠥᠷᠦ᠂ ᠠᠵᠤ ᠠᠬᠤᠢ᠂ ᠨᠡᠶᠢᠭᠡᠮ ᠤᠨ ᠠᠮᠢᠳᠤᠷᠠᠯ ᠤᠨ ᠳᠤᠮᠳᠠᠬᠢ ᠴᠢᠬᠤᠯᠠ ᠶᠡᠭᠡ

ᠬᠠᠯᠠᠮᠰᠢᠯ ᠴᠡᠭ ᠤᠨ ᠠᠰᠠᠭᠤᠳᠠᠯ ᠢ ᠠᠩᠬᠠᠷᠤᠨ᠎ᠠ᠃ ᠬᠤᠶᠠᠷ ᠲᠤ ᠵᠢᠭᠠᠬᠤ ᠮᠠᠲ᠋ᠧᠷᠢᠶᠠᠯ ᠤᠨ ᠦᠨᠳᠦᠰᠦᠨ

ᠮᠡᠳᠡᠯᠭᠡ ᠲᠠᠢ ᠤᠶᠠᠯᠳᠤᠬᠤ ᠮᠥᠷᠲᠡᠭᠡᠨ ᠨᠢᠭᠲᠠ ᠬᠤᠯᠪᠤᠭ᠎ᠠ ᠲᠠᠢ ᠠᠰᠠᠭᠤᠳᠠᠯ ᠢ ᠠᠩᠬᠠᠷᠤᠨ᠎ᠠ᠃ ᠵᠢᠱᠢᠶᠡᠯᠡᠪᠡᠯ᠂

ᠮᠠᠨ ᠤ ᠤᠯᠤᠰ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠᠬᠢ ᠬᠤᠷᠸ᠎ᠠ ᠲᠣᠬᠢᠷᠠᠭᠤᠯᠭ᠎ᠠ

ᠡᠵᠡᠮᠰᠢᠯ ᠤᠨ ᠬᠡᠮᠵᠢᠶ᠎ᠡ᠂ ᠠᠵᠤ ᠠᠬᠤᠢ ᠶᠢᠨ ᠲᠣᠭᠲᠠᠭᠤᠨ ᠪᠥᠭᠡᠳ ᠨᠡᠯᠢᠶᠡᠳ ᠲᠦᠷᠭᠡᠨ ᠬᠥᠭᠵᠢᠯᠲᠡ ᠶᠢ ᠪᠠᠲᠤᠯᠠᠬᠤ

ᠠᠰᠠᠭᠤᠳᠠᠯ᠂ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢᠨ ᠬᠤᠪᠢᠷᠠᠭᠤᠯᠤᠯᠲᠠ ᠶᠢ ᠲᠦᠷᠭᠡᠳᠬᠡᠬᠦ

ᠠᠰᠠᠭᠤᠳᠠᠯ᠂ ᠡᠬᠢ ᠪᠠᠶᠠᠯᠢᠭ ᠢ ᠠᠷᠪᠢᠯᠠᠬᠤ ᠮᠠᠶ᠋ᠢᠬ ᠤᠨ᠂ ᠣᠷᠴᠢᠨ ᠲᠣᠭᠤᠷᠢᠨ ᠲᠠᠢ ᠨᠥᠬᠦᠷᠰᠡᠭ ᠮᠠᠶ᠋ᠢᠭ ᠤᠨ

ᠨᠡᠶᠢᠭᠡᠮ ᠢ ᠪᠦᠲᠦᠭᠡᠨ ᠪᠠᠶᠢᠭᠤᠯᠬᠤ ᠪᠠ ᠡᠶ᠎ᠡ ᠵᠣᠬᠢᠴᠠᠩᠭᠤᠢ ᠨᠡᠶᠢᠭᠡᠮ ᠢ ᠪᠦᠲᠦᠭᠡᠨ ᠪᠠᠶᠢᠭᠤᠯᠬᠤ ᠠᠰᠠᠭᠤᠳᠠᠯ᠂

ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠲᠠ ᠬᠢᠭᠡᠳ ᠰᠢᠨ᠎ᠡ ᠶᠢ ᠡᠭᠦᠳᠬᠦ ᠬᠡᠯᠪᠡᠷᠢ ᠶᠢᠨ ᠤᠯᠤᠰ ᠣᠷᠣᠨ ᠢ

ᠪᠦᠲᠦᠭᠡᠨ ᠪᠠᠶᠢᠭᠤᠯᠬᠤ ᠠᠰᠠᠭᠤᠳᠠᠯ᠂ ᠬᠤᠲᠠ ᠬᠥᠳᠡᠭᠡ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠯᠡᠬᠦ

ᠡᠷᠴᠢᠮ ᠢᠶᠠᠨ ᠴᠢᠩᠭᠠᠷᠠᠭᠤᠯᠵᠦ᠂ ᠲᠠᠷᠢᠶᠠᠴᠢᠨ᠂ ᠬᠥᠳᠡᠭᠡ ᠲᠣᠰᠬᠤᠨ᠂ ᠲᠠᠷᠢᠶᠠᠯᠠᠩ ᠤᠨ ᠠᠰᠠᠭᠤᠳᠠᠯ ᠢ

ᠰᠢᠢᠳᠪᠦᠷᠢᠯᠡᠬᠦ᠂ ᠨᠡᠶᠢᠭᠡᠮ ᠤᠨ ᠪᠠᠲᠤᠯᠠᠭᠠᠨ ᠤ ᠠᠰᠠᠭᠤᠳᠠᠯ᠂ ᠬᠤᠪᠢᠶᠠᠷᠢᠯᠠᠯᠲᠠ ᠶᠢᠨ ᠳᠦᠷᠢᠮ ᠤᠨ

ᠥᠭᠡᠷᠡᠴᠢᠯᠡᠯᠲᠡ ᠶᠢᠨ ᠠᠰᠠᠭᠤᠳᠠᠯ᠃ ᠡᠳᠡᠭᠡᠷ ᠪᠣᠯ ᠴᠥᠮ ᠮᠠᠨ ᠤ ᠤᠯᠤᠰ ᠤᠨ ᠠᠵᠤ ᠠᠬᠤᠢ᠂ ᠤᠯᠤᠰ ᠲᠥᠷᠦ᠂

ᠨᠡᠶᠢᠭᠡᠮ ᠤᠨ ᠠᠮᠢᠳᠤᠷᠠᠯ ᠤᠨ ᠳᠤᠮᠳᠠᠬᠢ ᠭᠤᠣᠯᠳᠠᠯᠭ᠎ᠠ ᠲᠠᠢ ᠠᠰᠠᠭᠤᠳᠠᠯ ᠮᠥᠨ᠂ ᠡᠳᠡᠭᠡᠷ ᠢ ᠬᠢᠷᠢ ᠵᠡᠷᠭᠡ

ᠰᠢᠢᠳᠪᠦᠷᠢᠯᠡᠭᠰᠡᠨ ᠨᠢ ᠴᠥᠮ ᠮᠠᠨ ᠤ ᠤᠯᠤᠰ ᠤᠨ ᠣᠷᠣᠰᠢᠨ ᠲᠣᠭᠲᠠᠨᠢᠬᠤ ᠪᠠ ᠬᠥᠭᠵᠢᠬᠦ ᠲᠠᠢ ᠰᠢᠭᠤᠳ

ᠬᠤᠯᠪᠣᠭᠳᠠᠵᠤ᠂ ᠪᠤᠰᠤᠳ ᠡᠯ᠎ᠡ ᠵᠦᠢᠯ ᠤᠨ ᠠᠰᠠᠭᠤᠳᠠᠯ ᠢ ᠰᠢᠢᠳᠪᠦᠷᠢᠯᠡᠬᠦ ᠶᠢ ᠬᠢᠵᠠᠭᠠᠷᠯᠠᠵᠤ ᠪᠠᠶᠢᠳᠠᠭ᠃

      2. ᠬᠠᠯᠠᠮᠰᠢᠯ ᠴᠡᠭ ᠤᠨ ᠲᠤᠰᠬᠠᠢ ᠰᠡᠳᠦᠪ ᠢ ᠨᠠᠷᠢᠯᠢᠬ ᠪᠤᠯᠪᠠᠰᠤᠷᠠᠭᠤᠯᠵᠦ᠂ ᠵᠢᠷᠤᠮᠵᠢᠭᠤᠯᠤᠨ᠂ ᠪᠣᠳᠠᠲᠤ

ᠦᠷ᠎ᠡ ᠠᠰᠢᠭ ᠲᠠᠢ ᠪᠠᠶᠢᠯᠭᠠᠬᠤ ᠬᠡᠷᠡᠭᠲᠡᠢ᠃

      ᠲᠤᠬᠠᠢ ᠶᠢᠨ ᠦᠶ᠎ᠡ ᠶᠢᠨ ᠤᠯᠤᠰ ᠲᠥᠷᠦ ᠶᠢᠨ ᠬᠠᠯᠠᠮᠰᠢᠯ ᠴᠡᠭ ᠤᠨ ᠲᠤᠰᠬᠠᠢ ᠰᠡᠳᠦᠪ ᠤᠨ ᠪᠣᠯᠪᠠᠰᠤᠷᠠᠯ

ᠬᠢᠬᠦ ᠳᠤ ᠪᠠᠨ ᠪᠠᠭᠰᠢ ᠠᠴᠠ ᠭᠤᠣᠯᠳᠠᠯᠭ᠎ᠠ ᠶᠢ ᠠᠳᠬᠤᠵᠤ᠂ ᠨᠡᠶᠢᠲᠡᠯᠢᠭ ᠵᠢᠱᠢᠶ᠎ᠡ ᠶᠢ ᠶᠠᠷᠢᠬᠤ ᠬᠡᠷᠡᠭᠲᠡᠢ ᠮᠥᠷᠲᠡᠭᠡᠨ

ᠵᠠᠩᠭᠢᠯᠠᠭ᠎ᠠ ᠶᠢᠨ ᠦᠭᠡ ᠶᠢ ᠰᠤᠷᠤᠭᠴᠢᠳ ᠲᠤ ᠪᠠᠲᠤ ᠴᠡᠭᠡᠵᠢᠯᠡᠭᠦᠯᠬᠦ ᠬᠡᠷᠡᠭᠲᠡᠢ᠃ ᠬᠠᠯᠠᠮᠰᠢᠯ ᠴᠡᠭ ᠤᠨ ᠪᠡᠶᠡᠴᠢ

ᠰᠡᠳᠦᠪ ᠤᠨ ᠬᠠᠷᠢᠭᠤᠯᠲᠠ ᠨᠢ ᠭᠤᠣᠯᠳᠠᠭᠤ ᠵᠢᠭᠠᠬᠤ ᠮᠠᠲ᠋ᠧᠷᠢᠶᠠᠯ ᠤᠨ ᠮᠡᠳᠡᠯᠭᠡ ᠪᠠ ᠨᠡᠶᠢᠭᠡᠮ ᠤᠨ ᠬᠠᠯᠠᠮᠰᠢᠯ

ᠴᠡᠭ ᠤᠨ ᠠᠰᠠᠭᠤᠳᠠᠯ ᠢ ᠤᠶᠠᠯᠳᠤᠭᠤᠯᠤᠨ ᠬᠠᠷᠢᠭᠤᠯᠲᠠ ᠶᠢᠨ ᠭᠤᠣᠯᠳᠠᠯᠭ᠎ᠠ ᠶᠢ ᠵᠣᠬᠢᠶᠠᠨ ᠪᠠᠶᠢᠭᠤᠯᠬᠤ ᠶᠠᠪᠤᠳᠠᠯ

ᠪᠣᠯᠣᠨ᠎ᠠ᠃ ᠲᠤᠬᠠᠢ ᠶᠢᠨ ᠦᠶ᠎ᠡ ᠶᠢᠨ ᠤᠯᠤᠰ ᠲᠥᠷᠦ ᠶᠢᠨ ᠴᠢᠬᠤᠯᠠ ᠪᠢᠴᠢᠭ ᠮᠠᠲ᠋ᠧᠷᠢᠶᠠᠯ ᠪᠤᠶᠤ ᠲᠥᠪ ᠤᠨ

ᠤᠳᠤᠷᠢᠳᠬᠤ ᠬᠥᠮᠥᠰ ᠤᠨ ᠶᠠᠷᠢᠶᠠᠨ ᠲᠠᠬᠢ ᠡᠷᠬᠡ ᠰᠦᠷᠲᠦ ᠴᠢᠨᠠᠷᠲᠠᠢ᠂ ᠰᠣᠩᠭᠤᠳᠠᠭ ᠴᠢᠨᠠᠷᠲᠠᠢ᠂ ᠭᠤᠣᠯᠯᠠᠬᠤ

ᠴᠢᠨᠠᠷᠲᠠᠢ᠂ ᠲᠥᠯᠥᠭᠡᠯᠡᠬᠦ ᠴᠢᠨᠠᠷᠲᠠᠢ ᠵᠠᠩᠭᠢᠯᠠᠭ᠎ᠠ ᠶᠢᠨ ᠦᠭᠡ ᠬᠡᠯᠡᠯᠭᠡ ᠶᠢ ᠪᠠᠭᠰᠢ ᠪᠣᠯᠣᠭᠰᠠᠳ ᠭᠤᠣᠯᠳᠠᠯᠭ᠎ᠠ ᠲᠠᠢ

ᠪᠥᠭᠡᠳ ᠲᠠᠬᠢᠨ ᠳᠠᠪᠲᠠᠨ ᠴᠢᠬᠤᠯᠠᠴᠢᠯᠠᠵᠤ᠂ ᠰᠤᠷᠤᠭᠴᠢᠳ ᠤᠨ ᠴᠡᠭᠡᠵᠢᠯᠡᠬᠦ ᠴᠢᠳᠠᠪᠤᠷᠢ ᠶᠢ ᠵᠠᠪᠠᠯ ᠴᠢᠩᠭᠠᠳᠬᠠᠬᠤ

ᠬᠡᠷᠡᠭᠲᠡᠢ᠃ ᠤᠯᠤᠰ ᠤᠨ ᠨᠢᠭᠡᠳᠤᠯᠳᠠᠢ ᠰᠢᠯᠭᠠᠯᠲᠠ ᠶᠢ ᠦᠵᠡᠬᠦ ᠦᠶ᠎ᠡ ᠳᠤ᠂ ᠬᠤᠯᠪᠣᠭᠳᠠᠯ ᠪᠦᠬᠦᠢ ᠰᠡᠳᠦᠪ ᠤᠨ

ᠳᠣᠲᠣᠷ᠎ᠠ ᠰᠢᠯᠭᠠᠭᠤᠯᠤᠭᠴᠢ ᠡᠳᠡᠭᠡᠷ ᠵᠠᠩᠭᠢᠯᠠᠭ᠎ᠠ ᠶᠢᠨ ᠦᠭᠡᠰ ᠢ ᠬᠠᠷᠢᠭᠤᠯᠪᠠᠯ ᠳᠠᠷᠤᠢ ᠬᠠᠷᠢᠭᠤᠯᠲᠠ ᠶᠢᠨ ᠬᠢᠯᠠᠰ

ᠴᠡᠭ ᠪᠣᠯᠵᠤ᠂ ᠵᠣᠬᠢᠬᠤ ᠬᠤᠪᠢ ᠣᠯᠵᠤ ᠪᠣᠯᠬᠤ ᠶᠢ ᠰᠣᠷᠣᠭᠴᠢᠳ ᠲᠤ ᠵᠠᠪᠠᠯ ᠮᠡᠳᠡᠭᠦᠯᠬᠦ ᠴᠢᠬᠤᠯᠠᠲᠠᠢ᠃

      ᠭᠤᠷᠪᠠ ᠳᠤ᠂ ᠬᠠᠨᠳᠤᠯᠭᠠᠲᠤ ᠴᠢᠨᠠᠷ ᠲᠠᠢ ᠪᠣᠯᠪᠠᠰᠤᠷᠠᠯ ᠢ ᠴᠢᠩᠭᠠᠳᠬᠠᠵᠤ᠂ ᠤᠯᠤᠰ ᠤᠨ ᠨᠢᠭᠡᠳᠤᠯᠳᠠᠢ

ᠰᠢᠯᠭᠠᠯᠲᠠ ᠳᠤ ᠰᠡᠳᠦᠪ ᠬᠠᠷᠢᠭᠤᠯᠬᠤ ᠴᠢᠳᠠᠪᠤᠷᠢ ᠶᠢ ᠲᠡᠭᠡᠭᠰᠢᠯᠡᠬᠦᠯᠬᠦ

      1. ᠪᠣᠯᠪᠠᠰᠤᠷᠠᠯ ᠤᠨ ᠰᠡᠳᠦᠪ ᠢ ᠨᠠᠷᠢᠯᠢᠬ ᠰᠣᠩᠭᠤᠵᠤ᠂ ᠪᠡᠶᠡᠴᠢ ᠰᠡᠳᠦᠪ ᠬᠠᠷᠢᠭᠤᠯᠬᠤ ᠴᠢᠳᠠᠪᠤᠷᠢ ᠶᠢ ᠤᠯᠠᠮ

ᠨᠢᠭᠡ ᠠᠯᠬᠤᠮ ᠳᠡᠭᠡᠭᠰᠢᠯᠡᠬᠦᠯᠬᠦ

      ᠬᠠᠨᠳᠤᠯᠭᠠᠲᠤ ᠴᠢᠨᠠᠷ ᠲᠠᠢ ᠪᠣᠯᠪᠠᠰᠤᠷᠠᠯ ᠢ ᠰᠣᠩᠭᠤᠬᠤ ᠳᠤ ᠪᠠᠨ ᠭᠤᠣᠯᠳᠠᠭᠤ ᠣᠶᠢᠷ᠎ᠠ ᠶᠢᠨ ᠬᠡᠳᠦᠨ ᠵᠢᠯ ᠤᠨ

ᠤᠯᠤᠰ ᠤᠨ ᠨᠢᠭᠡᠳᠤᠯᠳᠠᠢ ᠰᠢᠯᠭᠠᠯᠲᠠ ᠶᠢᠨ ᠰᠡᠳᠦᠪ ᠢᠶᠠᠷ ᠰᠤᠷᠤᠭᠴᠢᠳ ᠢ ᠪᠣᠯᠪᠠᠰᠤᠷᠠᠭᠤᠯᠤᠨ᠂ ᠤᠯᠤᠰ ᠤᠨ

ᠨᠢᠭᠡᠳᠤᠯᠳᠠᠢ ᠰᠢᠯᠭᠠᠯᠲᠠ ᠶᠢᠨ ᠰᠡᠳᠦᠪ ᠭᠠᠷᠭᠠᠬᠤ ᠠᠷᠭ᠎ᠠ ᠮᠠᠶ᠋ᠢᠭ ᠪᠠ ᠬᠠᠷᠢᠭᠤᠯᠲᠠ ᠶᠢᠨ ᠱᠠᠭᠠᠷᠳᠠᠯᠭ᠎ᠠ ᠶᠢ

ᠰᠤᠷᠤᠭᠴᠢᠳ ᠲᠤ ᠣᠶᠢᠯᠠᠭᠠᠭᠤᠯᠤᠨ᠎ᠠ᠃ ᠪᠠᠭᠰᠢ ᠠᠴᠠ ᠬᠠᠮᠤᠭ ᠤᠨ ᠰᠢᠨ᠎ᠡ ᠬᠠᠯᠠᠮᠰᠢᠯ ᠴᠡᠭ ᠤᠨ ᠮᠠᠲ᠋ᠧᠷᠢᠶᠠᠯ ᠢ ᠴᠠᠭ

ᠲᠤᠬᠠᠢ  ᠳᠤ ᠨᠢ ᠠᠰᠢᠭᠯᠠᠨ ᠬᠡᠷᠡᠭᠯᠡᠵᠦ᠂ ᠤᠯᠠᠨ ᠲᠠᠯ᠎ᠠ ᠠᠴᠠ ᠵᠢᠱᠢᠭᠰᠡᠨ ᠠᠰᠠᠭᠤᠯᠲᠠ ᠳᠤᠷᠠᠳᠴᠤ᠂ ᠠᠩᠬᠠᠨ ᠤ

ᠡᠭᠦᠳᠦᠯᠲᠡ ᠶᠢᠨ ᠴᠢᠨᠠᠷᠲᠠᠢ ᠰᠡᠳᠦᠪ ᠢ ᠨᠠᠶᠢᠷᠠᠭᠤᠯᠤᠨ ᠵᠣᠬᠢᠶᠠᠵᠤ᠂ ᠰᠤᠷᠤᠭᠴᠢᠳ ᠢ ᠰᠡᠳᠦᠪ ᠢᠶᠠᠷ ᠬᠥᠲᠥᠯᠥᠨ

ᠪᠤᠯᠪᠠᠰᠤᠷᠠᠭᠤᠯᠵᠦ᠂ ᠰᠡᠳᠦᠪ ᠵᠠᠳᠠᠯᠵᠤ ᠬᠠᠷᠢᠭᠤᠯᠬᠤ ᠴᠢᠳᠠᠪᠤᠷᠢ ᠶᠢ ᠲᠡᠭᠡᠭᠰᠢᠯᠡᠬᠦᠯᠬᠦ ᠬᠡᠷᠡᠭᠲᠡᠢ᠃ ᠢᠩᠭᠢᠪᠡᠯ ᠰᠠᠶ᠋ᠢ

ᠵᠢᠭᠠᠬᠤ ᠮᠠᠲ᠋ᠧᠷᠢᠶᠠᠯ ᠤᠨ ᠮᠡᠳᠡᠯᠭᠡ ᠪᠠ ᠬᠠᠯᠠᠮᠰᠢᠯ ᠠᠰᠠᠭᠤᠳᠠᠯ ᠤᠨ ᠤᠶᠠᠯᠳᠤᠯ ᠢ ᠬᠠᠮᠤᠭ ᠤᠨ ᠪᠦᠲᠦᠮᠵᠢᠲᠠᠢ ᠪᠠᠷ

ᠪᠡᠶᠡᠯᠡᠭᠦᠯᠵᠦ᠂ ᠰᠤᠷᠤᠭᠴᠢᠳ ᠤᠨ ᠤᠯᠤᠰ ᠤᠨ ᠨᠢᠭᠡᠳᠤᠯᠳᠠᠢ ᠰᠢᠯᠭᠠᠯᠲᠠ ᠳᠤ ᠥᠨᠳᠥᠷ ᠬᠢᠷᠢ ᠪᠦᠲᠦᠮᠵᠢ ᠣᠯᠬᠤ ᠳᠤ

ᠰᠠᠭᠤᠷᠢ ᠲᠠᠯᠪᠢᠵᠤ ᠥᠭᠬᠦ ᠪᠣᠯᠣᠨ᠎ᠠ᠃ ᠵᠢᠱᠢᠶᠡᠯᠡᠪᠡᠯ᠂ 2022 ᠣᠨ ᠤ ᠤᠯᠤᠰ ᠤᠨ ᠨᠢᠭᠡᠳᠦᠯᠲᠡᠢ ᠰᠢᠯᠭᠠᠯᠲᠠ ᠶᠢᠨ

ᠬᠥᠬᠡᠭᠴᠢᠨ ᠰᠡᠳᠦᠪ ᠤᠨ 39 ᠳ᠋ᠤᠭᠡᠷ ᠰᠡᠳᠦᠪ ᠤᠨ ᠦᠭᠭᠦᠭᠳᠡᠭᠰᠡᠨ ᠮᠠᠲ᠋ᠧᠷᠢᠶᠠᠯ ᠪᠣᠯ᠄ ᠪᠦᠸᠧ ᠣᠤ ᠲᠠᠬᠢ ᠠᠽᠢᠶ᠎ᠠ

ᠲᠢᠪ ᠤᠨ ᠶᠠᠷᠢᠯᠴᠠᠭᠠᠨ  ᠤ ᠲᠠᠪᠴᠠᠩ ᠤᠨ 2022 ᠤ ᠬᠤᠷᠠᠯ ᠳᠡᠭᠡᠷ᠎ᠡ ᠰᠢ ᠶᠢᠨ ᠫᠢᠩ ᠨᠦᠭᠦᠷ ᠤᠨ ᠶᠠᠷᠢᠭᠰᠠᠨ᠄ 

︽ᠳᠡᠯᠡᠬᠡᠢ ᠳᠤ ᠶᠠᠮᠠᠷ ᠶᠠᠩᠵᠤ ᠶᠢᠨ ᠬᠤᠪᠢᠷᠠᠯᠲᠠ ᠭᠠᠷᠤᠭᠰᠠᠨ ᠴᠦ ᠳᠣᠮᠳᠠᠳᠦ ᠤᠯᠤᠰ ᠤᠨ ᠥᠭᠡᠷᠡᠴᠢᠯᠡᠯᠲᠡ

ᠨᠡᠭᠡᠭᠡᠯᠲᠡ ᠶᠢᠨ ᠢᠲᠡᠭᠡᠯ ᠪᠠ ᠡᠷᠴᠢ ᠵᠣᠷᠢᠭ ᠪᠦᠷ ᠭᠤᠶᠢᠪᠢᠰᠢ ᠦᠭᠡᠢ ᠶᠤᠮ︾ ᠭᠡᠵᠦ ᠴᠢᠬᠤᠯᠠᠴᠢᠯᠠᠪᠠ᠃ ︽ᠤᠯᠤᠰ

ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ

ᠲᠦᠯᠦᠪᠵᠢᠬᠦᠯᠭᠡ ᠬᠢᠭᠡᠳ 2035 ᠣᠨ ᠤ ᠠᠯᠤᠰ ᠬᠡᠳᠦ ᠶᠢᠨ ᠬᠠᠷᠠᠯᠲᠠ ᠶᠢᠨ ᠬᠥᠲᠥᠯᠪᠦᠷᠢ︾ ᠳᠤ ᠨᠡᠩ ᠶᠡᠭᠡ

ᠬᠡᠪᠴᠢᠶ᠎ᠡ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ ᠳᠤ ᠭᠠᠳᠠᠭᠠᠳᠤ ᠨᠡᠭᠡᠭᠡᠯᠲᠡ ᠶᠢ ᠪᠠᠷᠢᠮᠲᠠᠯᠠᠨ᠎ᠠ ᠭᠡᠵᠦ

ᠳᠤᠷᠠᠳᠤᠭᠰᠠᠨ ᠪᠠᠶᠢᠨ᠎ᠠ᠃ ᠥᠩᠭᠡᠷᠡᠭᠰᠡᠨ ᠬᠤᠶᠠᠷ ᠵᠢᠯ ᠳᠤ ᠮᠠᠨ ᠤ ᠤᠯᠤᠰ ᠬᠠᠶᠢᠨᠠᠨ ᠤ ᠴᠢᠯᠦᠭᠡᠲᠦ ᠠᠷᠠᠯᠵᠢᠶᠠᠨ ᠤ

ᠭᠠᠷᠠᠮ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠪᠠ︔ ᠭᠠᠳᠠᠭᠠᠳᠤ ᠪᠡᠯᠡ ᠶᠢ ᠣᠷᠣᠭᠤᠯᠬᠤ

ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢ 31 ᠵᠤᠷᠪᠤᠰ ᠪᠣᠯᠳᠠᠯ᠎ᠠ ᠬᠠᠰᠤᠪᠠ︔

ᠨᠣᠮᠣᠬᠠᠨ ᠲᠠᠯᠠᠢ ᠶᠢ ᠰᠤᠨᠳᠠᠯᠠᠭᠰᠠᠨ ᠪᠦᠬᠦ ᠲᠠᠯ᠎ᠠ ᠪᠠᠷ ᠲᠠᠪᠰᠢᠬᠤ ᠬᠠᠨᠢᠲᠠᠨ ᠤ ᠬᠠᠷᠢᠴᠠᠭ᠎ᠠ ᠶᠢᠨ ᠵᠥᠪᠳᠡᠯᠴᠡᠭᠡᠷ ᠲᠤ

ᠣᠷᠣᠬᠤ ᠪᠠᠷ ᠭᠤᠶᠤᠴᠢᠯᠠᠪᠠ︔ ᠣᠷᠣᠨ ᠪᠦᠰᠡ ᠶᠢᠨ ᠣᠯᠠᠨ ᠲᠠᠯᠠᠲᠤ ᠠᠵᠤ ᠠᠬᠤᠢ ᠬᠠᠮᠲᠤᠷᠠᠭᠴᠢ ᠬᠠᠷᠢᠴᠠᠭᠠᠨ ᠤ

ᠵᠥᠪᠳᠡᠯᠴᠡᠭᠡᠷ ᠤᠨ ᠬᠦᠴᠦᠨ ᠲᠠᠢ ᠪᠣᠯᠵᠤ ᠬᠡᠷᠡᠭᠵᠢᠭᠦᠯᠦᠭᠳᠡᠬᠦ ᠶᠢ ᠠᠬᠢᠭᠤᠯᠪᠠ︔ 2022 ᠣᠨ ᠤ ᠵᠠᠰᠠᠭ ᠤᠨ

ᠣᠷᠳᠣᠨ ᠤ ᠠᠵᠢᠯ ᠤᠨ ᠢᠯᠡᠳᠬᠡᠯ ᠳᠤ ᠲᠣᠳᠣᠷᠬᠠᠢ ᠵᠢᠭᠠᠭᠰᠠᠨ ᠨᠢ᠂ ᠥᠨᠳᠥᠷ ᠬᠢᠷᠢ ᠲᠦᠪᠰᠢᠨ ᠪᠦᠬᠦᠢ ᠭᠠᠳᠠᠭᠠᠳᠤ

ᠨᠡᠭᠡᠭᠡᠯᠲᠡ ᠶᠢ ᠥᠷᠭᠡᠳᠬᠡᠬᠦ ᠳᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠳᠠᠭᠠᠳᠤ

ᠠᠷᠢᠯᠵᠢᠶ᠎ᠠ ᠶᠢ ᠲᠣᠭᠲᠠᠪᠤᠷᠢᠵᠢᠭᠤᠯᠤᠨ᠂ ᠭᠠᠳᠠᠭᠠᠳᠤ ᠪᠡᠯᠡ ᠶᠢ ᠢᠳᠡᠪᠬᠢᠲᠡᠢ ᠠᠰᠢᠭᠯᠠᠵᠤ ︽ᠨᠢᠭᠡ ᠪᠦᠰᠡ ᠨᠢᠭᠡ          

ᠵᠡᠮ︾ ᠢ ᠴᠢᠨᠠᠷ ᠰᠠᠶᠢᠲᠠᠢ ᠬᠠᠮᠲᠤ ᠪᠠᠷ ᠪᠠᠶᠢᠭᠤᠯᠤᠨ᠂ ᠣᠯᠠᠨ ᠲᠠᠯᠠᠲᠤ ᠪᠠ ᠬᠤᠶᠠᠷ ᠲᠠᠯᠠᠲᠤ ᠠᠵᠤ ᠠᠬᠤᠢ ᠶᠢᠨ

ᠠᠷᠠᠯᠵᠢᠶᠠᠨ ᠤ ᠬᠠᠮᠲᠣᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃

      ᠲᠠᠭᠡᠷᠡᠬᠢ ᠰᠡᠳᠤᠪ ᠲᠤ ︽ᠮᠠᠲ᠋ᠧᠷᠢᠶᠠᠯ ᠲᠠᠢ ᠤᠶᠠᠯᠳᠤᠭᠤᠯᠤᠨ᠂ ᠣᠳᠣᠬᠢ ᠳᠡᠯᠡᠬᠡᠢ  ᠶᠢᠨ ᠨᠡᠶᠢᠭᠡᠮ ᠤᠨ

ᠮᠡᠳᠡᠯᠭᠡ ᠪᠠᠨ ᠬᠡᠷᠡᠭᠯᠡᠵᠦ᠂ ᠮᠠᠨ ᠤ ᠤᠯᠤᠰ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠶᠢᠨ

ᠴᠢᠬᠤᠯᠠ ᠴᠢᠨᠠᠷ ᠢ ᠲᠣᠳᠣᠷᠬᠠᠶᠢᠯᠠᠭᠠᠷᠠᠢ︾ ᠭᠡᠰᠡᠨ ᠠᠰᠠᠭᠤᠯᠲᠠ ᠳᠤᠷᠠᠳᠤᠭᠰᠠᠨ ᠪᠠᠶᠢᠳᠠᠭ᠃ ᠡᠶᠢᠮᠦ ᠮᠠᠶ᠋ᠢᠭ ᠤᠨ

ᠴᠠᠭ ᠤᠨ ᠪᠠᠶᠢᠳᠠᠯ  ᠤᠨ ᠬᠠᠯᠠᠮᠰᠢᠯ ᠠᠰᠠᠭᠤᠳᠠᠯ ᠢᠶᠠᠷ ᠮᠠᠲ᠋ᠧᠷᠢᠶᠠᠯ ᠪᠣᠯᠭᠠᠭᠰᠠᠨ ᠪᠡᠶᠡᠴᠢ ᠰᠡᠳᠦᠪ ᠢ ᠬᠢᠬᠦ ᠳᠤ ᠪᠠᠨ

ᠤᠷᠢᠳ ᠢᠶᠠᠷ ᠠᠰᠠᠭᠤᠯᠲᠠ ᠶᠢ ᠬᠢᠨᠠᠬᠤ ᠨᠢ ᠲᠣᠩ ᠴᠢᠬᠤᠯᠠ᠂ ᠤᠴᠢᠷ ᠨᠢ ᠠᠰᠠᠭᠤᠯᠲᠠ ᠶᠢ ᠬᠢᠨᠠᠵᠤ ᠬᠠᠷᠠᠯᠲᠠ ᠪᠠᠨ

ᠲᠣᠭᠲᠠᠭᠠᠴᠢᠬᠠᠪᠠᠯ ᠰᠡᠳᠦᠪ ᠬᠠᠷᠢᠭᠤᠯᠬᠤ ᠣᠨᠣᠪᠴᠢᠲᠤ ᠴᠢᠨᠠᠷ ᠳᠡᠭᠡᠭᠰᠢᠯᠡᠬᠦ ᠮᠥᠷᠲᠡᠭᠡᠨ ᠴᠠᠭ ᠢ          

ᠠᠷᠪᠢᠯᠠᠨ᠎ᠠ᠃ ᠠᠰᠠᠭᠤᠯᠲᠠ ᠶᠢ ᠬᠢᠨᠠᠬᠤ ᠦᠶ᠎ᠡ ︽ᠶᠠᠮᠠᠷ ᠮᠡᠳᠡᠯᠭᠡ  ᠪᠠᠷ᠂ ᠶᠠᠭᠤᠨ ᠤ ᠲᠤᠬᠠᠢ᠂ ᠶᠠᠮᠠᠷ ᠠᠷᠭ᠎ᠠ          

 ᠪᠠᠷ︾ ᠬᠠᠷᠢᠭᠤᠯᠬᠤ ᠶᠢ ᠲᠣᠳᠣᠷᠬᠠᠢ ᠢᠯᠭᠠᠵᠦ ᠲᠠᠨᠢᠬᠤ ᠬᠡᠷᠡᠭᠲᠡᠢ᠃ ᠨᠢᠭᠡ ᠳᠤ ᠶᠠᠮᠠᠷ ᠮᠡᠳᠡᠯᠭᠡ ᠪᠠᠷ ᠭᠡᠳᠡᠭ ᠲᠤ ᠠᠯᠢ

ᠬᠦᠷᠢᠶᠡᠨ ᠤ ᠬᠢ᠂ ᠲᠤᠬᠠᠶᠢᠯᠠᠪᠠᠯ ᠠᠵᠤ ᠠᠬᠤᠢ᠂ ᠤᠯᠤᠰ ᠲᠦᠷᠦ᠂ ᠰᠣᠶᠣᠯ᠂ ᠭᠦᠨ ᠤᠬᠠᠭᠠᠨ ᠤ ᠠᠯᠢ ᠬᠦᠷᠢᠶᠡᠨ ᠤ

ᠮᠡᠳᠡᠯᠭᠡ ᠪᠣᠯᠬᠤ᠂ ᠠᠯᠢ ᠨᠢᠭᠡᠴᠢ ᠶᠢᠨ ᠬᠢ᠂ ᠠᠯᠢ ᠮᠡᠳᠡᠯᠭᠡ ᠶᠢᠨ ᠴᠡᠭ ᠢᠶᠠᠷ ᠬᠠᠷᠢᠭᠤᠯᠬᠤ᠂ ᠶᠠᠮᠠᠷ ᠲᠦᠷᠦᠯ ᠤᠨ ᠰᠡᠳᠦᠪ

ᠪᠣᠯᠬᠤ ᠶᠢ ᠲᠣᠳᠣᠷᠬᠠᠢ ᠪᠣᠯᠭᠠᠨ᠎ᠠ᠂ ᠲᠣᠰ ᠰᠡᠳᠦᠪ ᠤᠨ ᠠᠰᠠᠭᠤᠯᠲᠠ ᠠᠴᠠ ᠦᠵᠡᠪᠡᠯ ᠤᠯᠤᠰ ᠲᠦᠷᠦ ᠶᠢᠨ

ᠠᠮᠢᠳᠤᠷᠠᠯ ᠢ ᠳᠡᠯᠡᠬᠡᠢ ᠶᠢᠨ ᠨᠡᠶᠢᠭᠡᠮ ᠤᠨ ᠮᠡᠳᠡᠯᠭᠡ ᠪᠠᠷ ᠬᠠᠷᠢᠭᠤᠯᠬᠤ ᠲᠦᠷᠦᠯ ᠤᠨ ᠰᠡᠳᠦᠪ ᠪᠣᠯᠣᠨ᠎ᠠ᠃ ᠬᠤᠶᠠᠷ ᠲᠤ

ᠮᠠᠲ᠋ᠧᠷᠢᠶᠠᠯ ᠲᠠᠢ ᠤᠶᠠᠯᠳᠤᠭᠤᠯᠵᠤ᠂ ᠮᠠᠲ᠋ᠧᠷᠢᠶᠠᠯ ᠤᠨ ᠳᠣᠲᠣᠷ᠎ᠠ ᠠᠴᠠ ᠪᠦᠳᠦᠮᠵᠢᠲᠠᠢ ᠮᠡᠳᠡᠭᠡ ᠵᠠᠩᠭᠢ ᠶᠢ ᠡᠷᠢᠵᠦ

ᠣᠯᠬᠤ ᠪᠣᠯ ᠰᠡᠳᠦᠪ ᠢ ᠵᠥᠪ ᠬᠠᠷᠢᠭᠤᠯᠬᠤ ᠶᠢᠨ ᠵᠠᠩᠭᠢᠯᠠᠭ᠎ᠠ ᠮᠥᠨ᠃ ᠭᠤᠷᠪᠠ ᠳᠤ ᠬᠢᠴᠢᠶᠡᠯ ᠤᠨ ᠪᠢᠴᠢᠭ ᠤᠨ

ᠮᠡᠳᠡᠯᠭᠡ ᠪᠠ ᠮᠠᠲ᠋ᠧᠷᠢᠶᠠᠯ ᠤᠨ ᠵᠠᠩᠭᠢᠯᠠᠭ᠎ᠠ ᠶᠢᠨ ᠮᠡᠳᠡᠭᠡ ᠵᠠᠩᠭᠢ ᠲᠠᠢ ᠪᠠᠨ ᠤᠶᠠᠯᠳᠤᠭᠤᠯᠤᠨ ᠠᠰᠠᠭᠤᠯᠲᠠ ᠳᠤ

ᠬᠤᠯᠪᠣᠭᠳᠠᠭᠰᠠᠨ ᠮᠡᠳᠡᠯᠭᠡ ᠶᠢᠨ ᠴᠡᠭ ᠲᠠᠢ ᠪᠠᠨ ᠬᠤᠯᠪᠣᠭᠳᠠᠭᠤᠯᠤᠨ ᠬᠠᠷᠢᠭᠤᠯᠲᠠ ᠪᠠᠨ ᠵᠣᠬᠢᠶᠠᠨ ᠪᠠᠶᠢᠭᠤᠯᠵᠤ

ᠪᠢᠴᠢᠨ᠎ᠡ᠃ ᠵᠢᠱᠢᠶ᠎ᠡ ᠰᠡᠳᠦᠪ ᠤᠨ ᠬᠠᠷᠢᠭᠤᠯᠲᠠ ᠶᠢ ᠡᠮᠬᠢᠯᠡᠪᠡᠯ᠄ ① ᠤᠯᠤᠰ ᠤᠳ ᠤᠨ ᠬᠤᠭᠤᠷᠤᠨᠳᠣᠬᠢ

ᠬᠠᠮᠲᠤ ᠶᠢᠨ ᠠᠰᠢᠭ ᠲᠤᠰᠠ ᠪᠣᠯ ᠤᠯᠤᠰ ᠤᠳ ᠤᠨ ᠬᠠᠮᠲᠤᠷᠠᠨ ᠠᠵᠢᠯᠯᠠᠬᠤ ᠰᠠᠭᠤᠷᠢ ᠮᠥᠨ᠂ ᠣᠯᠠᠨ ᠤᠯᠤᠰ ᠤᠨ

ᠬᠠᠷᠢᠴᠠᠭ᠎ᠠ ᠨᠢ ᠮᠥᠨ ᠴᠢᠨᠠᠷ ᠳᠡᠭᠡᠷ᠎ᠡ ᠪᠠᠨ ᠨᠢᠭᠡ ᠵᠦᠢᠯ ᠤᠨ ᠠᠰᠢᠭ ᠲᠤᠰᠠ ᠶᠢᠨ ᠬᠠᠷᠢᠴᠠᠭ᠎ᠠ ᠮᠥᠨ᠃ ᠮᠠᠨ ᠤ

ᠤᠯᠤᠰ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠨᠢ ᠤᠯᠤᠰ ᠤᠨ

ᠳᠣᠲᠣᠭᠠᠳᠤ ᠶᠢᠨ ᠵᠠᠬ᠎ᠠ ᠳᠡᠯᠭᠡᠭᠦᠷ ᠪᠣᠯᠣᠨ ᠳᠡᠯᠡᠬᠡᠢ ᠶᠢᠨ ᠵᠠᠬ᠎ᠠ ᠳᠡᠯᠭᠡᠭᠦᠷ ᠢ ᠨᠡᠩ ᠰᠠᠶᠢᠨ ᠬᠤᠯᠪᠣᠵᠤ᠂ ᠤᠯᠤᠰ ᠤᠨ

ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠬᠤᠶᠠᠷ ᠡᠬᠢ ᠪᠠᠶᠠᠯᠢᠭ ᠢ ᠨᠡᠩ ᠰᠠᠶᠢᠨ ᠠᠰᠢᠭᠯᠠᠵᠤ᠂

ᠳᠡᠯᠡᠬᠡᠢ ᠶᠢᠷᠲᠢᠨᠴᠦ ᠳᠤ ᠮᠠᠨ ᠤ ᠬᠥᠭᠵᠢᠯᠲᠡ ᠶᠢᠨ ᠦᠷ᠎ᠡ ᠪᠦᠲᠦᠭᠡᠯ ᠢ ᠡᠳ᠋ᠯᠡᠬᠦᠯᠦᠨ᠎ᠡ᠃ ② ᠡᠩᠬᠡ ᠲᠠᠶᠢᠪᠤᠩ

ᠬᠢᠭᠡᠳ ᠬᠥᠭᠵᠢᠯᠲᠡ ᠪᠣᠯ ᠣᠳᠣᠬᠢ ᠴᠠᠭ ᠦᠶ᠎ᠡ ᠶᠢᠨ ᠭᠤᠣᠯ ᠰᠡᠳᠦᠪ᠂ ᠳᠡᠯᠡᠬᠡᠢ ᠶᠢᠨ ᠡᠩᠬᠡ ᠲᠠᠶᠢᠪᠤᠩ ᠢ

ᠬᠠᠮᠠᠭᠠᠯᠠᠵᠤ ᠬᠠᠮᠲᠤ ᠶᠢᠨ ᠬᠥᠭᠵᠢᠯᠲᠡ ᠶᠢ ᠠᠬᠢᠭᠤᠯᠬᠤ ᠪᠣᠯ ᠮᠠᠨ ᠤ ᠤᠯᠤᠰ ᠤᠨ ᠭᠠᠳᠠᠭᠠᠳᠤ ᠬᠠᠷᠢᠯᠴᠠᠭᠠᠨ ᠤ

ᠲᠦᠷᠦ ᠶᠢᠨ ᠪᠣᠳᠣᠯᠭ᠎ᠠ ᠶᠢᠨ ᠵᠣᠷᠢᠯᠲᠠ᠂ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ

ᠥᠷᠭᠡᠳᠬᠡᠬᠦ ᠨᠢ ᠣᠳᠣᠬᠢ ᠴᠠᠭ ᠦᠶ᠎ᠡ ᠶᠢᠨ ᠭᠤᠣᠯ ᠰᠡᠳᠦᠪ ᠲᠠᠢ ᠵᠣᠬᠢᠴᠠᠨ᠂ ᠳᠡᠯᠡᠬᠡᠢ ᠶᠢᠨ ᠠᠵᠤ ᠠᠬᠤᠢ ᠶᠢᠨ

ᠬᠥᠭᠵᠢᠯᠲᠡ ᠶᠢ ᠠᠬᠢᠭᠤᠯᠤᠨ᠎ᠠ᠃ ③ ᠣᠯᠠᠨ ᠤᠯᠤᠰ ᠤᠨ ᠥᠷᠢᠰᠦᠯᠳᠦᠭᠡᠨ ᠤ ᠮᠥᠨ ᠴᠢᠨᠠᠷ ᠨᠢ ᠠᠵᠤ ᠠᠬᠤᠢ

ᠰᠢᠨᠵᠢᠯᠡᠭᠡ ᠮᠡᠷᠭᠡᠵᠢᠯ ᠤᠨ ᠪᠣᠳᠠᠲᠤ ᠬᠦᠴᠦᠨ ᠢᠶᠠᠷ ᠰᠠᠭᠤᠷᠢ ᠪᠤᠯᠭᠠᠭᠰᠠᠨ ᠤᠯᠤᠰ ᠤᠨ ᠶᠡᠷᠦᠩᠬᠡᠶᠢᠯᠡᠭᠰᠡᠨ ᠬᠦᠴᠦᠨ ᠤ

ᠦᠵᠡᠯᠴᠡᠭᠡᠨ ᠮᠥᠨ᠂ ᠮᠠᠨ ᠤ ᠤᠯᠤᠰ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ

ᠥᠷᠭᠡᠳᠬᠡᠬᠦ ᠨᠢ ᠮᠠᠨ ᠤ ᠤᠯᠤᠰ ᠤᠨ ᠤᠯᠤᠰ ᠤᠨ ᠶᠡᠷᠦᠩᠬᠡᠶᠢᠯᠡᠭᠰᠡᠨ ᠬᠦᠴᠦᠨ ᠢ ᠳᠡᠭᠡᠭᠰᠢᠯᠡᠬᠦᠯᠵᠦ᠂ ᠬᠥᠭᠵᠢᠯᠲᠡ 

 ᠶᠢᠨ ᠰᠢᠨ᠎ᠡ ᠳᠠᠪᠠᠭᠤᠯᠢᠭ ᠢ ᠪᠦᠷᠢᠯᠳᠦᠭᠦᠯᠬᠦ ᠳᠤ ᠠᠰᠢᠭᠲᠠᠢ᠃ ④ ᠮᠠᠨ ᠤ ᠤᠯᠤᠰ ᠥᠨᠳᠥᠷ ᠬᠢᠷᠢ ᠲᠦᠪᠰᠢᠨ

ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠨᠢ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ

ᠴᠣᠭᠴᠠ ᠶᠢ ᠪᠠᠶᠢᠭᠤᠯᠬᠤ ᠶᠢ ᠲᠦᠯᠬᠢᠨ ᠠᠬᠢᠭᠤᠯᠵᠤ᠂ ᠠᠷᠠᠯᠵᠢᠶ᠎ᠠ ᠪᠣᠯᠣᠨ ᠪᠡᠯᠡ ᠣᠷᠣᠭᠤᠯᠣᠯᠲᠠ ᠶᠢ ᠠᠬᠢᠭᠤᠯᠵᠤ᠂

ᠪᠦᠬᠦ ᠪᠥᠮᠪᠥᠷᠴᠡᠭ ᠤᠨ ᠲᠠᠶᠠᠭᠠᠷᠴᠢᠯᠠᠯᠲᠠ ᠶᠢᠨ ᠨᠡᠩ ᠨᠡᠭᠡᠭᠡᠯᠲᠡᠲᠤ ᠪᠠᠭᠲᠠᠭᠠᠮᠵᠢᠲᠠᠢ ᠲᠦᠭᠡᠮᠡᠯ ᠬᠠᠷᠠᠭᠠᠯᠵᠠᠯᠠᠯ ᠲᠠᠢ

ᠬᠠᠮᠲᠤ ᠪᠠᠷ ᠢᠯᠠᠬᠤ ᠴᠢᠭᠯᠡᠯ ᠲᠡᠶᠢᠰᠢ ᠬᠥᠭᠵᠢᠬᠦ ᠶᠢ ᠲᠦᠯᠬᠢᠨ ᠠᠬᠢᠭᠤᠯᠤᠨ᠎ᠠ᠃

      ᠶᠡᠷᠦᠩᠬᠡᠶᠢᠯᠡᠪᠡᠯ᠂ ᠤᠯᠤᠰ ᠲᠦᠷᠦ ᠶᠢᠨ ᠪᠡᠶᠡᠴᠢ ᠰᠡᠳᠦᠪ ᠢ ᠵᠠᠳᠠᠯᠵᠤ ᠬᠠᠷᠢᠭᠤᠯᠬᠤ ᠳᠤ ᠪᠠᠨ ᠠᠰᠠᠭᠤᠯᠲᠠ ᠶᠢ

ᠨᠠᠷᠢᠯᠢᠬ ᠬᠢᠨᠠᠬᠤ᠂ ᠮᠠᠲ᠋ᠧᠷᠢᠶᠠᠯ ᠢ ᠬᠠᠨᠳᠤᠯᠭ᠎ᠠ ᠲᠠᠢ ᠤᠩᠰᠢᠵᠤ ︽ᠪᠦᠲᠦᠮᠵᠢᠲᠠᠢ ᠮᠡᠳᠡᠭᠡ ᠵᠠᠩᠭᠢ︾ ᠶᠢ ᠣᠯᠬᠤ᠂

ᠰᠤᠷᠬᠤ ᠪᠢᠴᠢᠭ ᠤᠨ ᠬᠤᠯᠪᠣᠭᠳᠠᠬᠤ ᠮᠡᠳᠡᠯᠭᠡ᠂ ᠦᠨᠳᠦᠰᠦᠨ ᠤᠬᠠᠭᠳᠠᠬᠤᠨ᠂ ᠶᠣᠰᠣ᠂ ᠦᠵᠡᠯᠲᠡ ᠪᠠᠨ

ᠣᠨᠣᠪᠴᠢᠲᠠᠢ ᠣᠯᠬᠤ᠂ ᠪᠠᠲᠤᠳᠬᠠᠭᠰᠠᠨ ᠮᠡᠳᠡᠯᠭᠡ ᠶᠢᠨ ᠴᠡᠭ ᠢ ᠠᠮᠢᠳᠤᠯᠢᠭ ᠬᠡᠷᠡᠭᠯᠡᠵᠦ᠂ ᠰᠡᠳᠦᠪ ᠬᠠᠷᠢᠭᠤᠯᠬᠤ

ᠠᠷᠭ᠎ᠠ ᠲᠠᠢ ᠨᠢᠭᠡᠳᠬᠡᠨ ᠬᠠᠷᠢᠭᠤᠯᠲᠠ ᠪᠠᠨ ᠳᠦᠷᠢᠮᠵᠢᠭᠦᠯᠬᠦ ᠲᠡᠰ ᠳᠠᠷᠠᠭ᠎ᠠ ᠶᠢ ᠠᠩᠬᠠᠷᠪᠠᠯ ᠬᠠᠷᠢᠭᠤᠯᠲᠠ ᠶᠢᠨ

ᠣᠨᠣᠪᠴᠢᠲᠤ ᠴᠢᠨᠠᠷ ᠳᠡᠭᠡᠭᠰᠢᠯᠡᠵᠦ᠂ ᠬᠤᠪᠢ ᠣᠯᠬᠤ ᠬᠠᠷᠢᠴᠠᠯ ᠠᠶᠠᠨᠳᠠᠭᠠᠨ ᠳᠡᠭᠡᠭᠰᠢᠯᠡᠬᠦ ᠪᠣᠯᠣᠨ᠎ᠠ᠃

      2. ᠪᠣᠯᠪᠠᠰᠤᠷᠠᠯ ᠬᠢᠬᠦ ᠳᠤ ᠪᠠᠨ ᠴᠠᠭ ᠢ ᠨᠢ ᠬᠢᠵᠠᠭᠠᠷᠯᠠᠵᠤ᠂ ᠬᠡᠮᠵᠢᠶ᠎ᠡ ᠶᠢ ᠨᠢ ᠲᠣᠭᠲᠠᠭᠠᠬᠤ

      ᠤᠩᠰᠢᠬᠤ ᠪᠠ ᠰᠡᠳᠦᠪ ᠬᠠᠷᠢᠭᠤᠯᠬᠤ ᠬᠤᠷᠳᠤᠴᠠ ᠤᠳᠠᠭᠠᠨ᠂ ᠰᠤᠷᠤᠭᠴᠢᠳ ᠰᠡᠳᠦᠪ ᠢᠶᠠᠨ ᠬᠢᠵᠦ ᠪᠠᠷᠠᠬᠤ

ᠦᠭᠡᠢ ᠪᠠᠶᠢᠳᠠᠭ ᠨᠢ ᠤᠯᠤᠰ ᠤᠨ ᠨᠢᠭᠡᠳᠤᠯᠳᠠᠢ ᠰᠢᠯᠭᠠᠯᠲᠠ ᠳᠤ ᠬᠤᠪᠢ ᠠᠯᠳᠠᠵᠤ ᠪᠠᠶᠢᠬᠤ ᠶᠢᠨ ᠴᠢᠬᠤᠯᠠ

ᠰᠢᠯᠲᠠᠭᠠᠨ ᠤ ᠨᠢᠭᠡ ᠪᠣᠯᠣᠨ᠎ᠠ᠃ ᠬᠢᠴᠢᠶᠡᠯ ᠤᠨ ᠲᠠᠩᠬᠢᠮ ᠳᠤ ᠰᠡᠳᠦᠪ ᠬᠢᠬᠦ ᠪᠤᠶᠤ ᠰᠢᠯᠭᠠᠯᠲᠠ ᠪᠣᠯᠪᠠᠰᠤᠷᠠᠯ ᠬᠢᠬᠦ ᠳᠤ

ᠵᠠᠪᠠᠯ ᠴᠠᠭ ᠢ ᠬᠢᠵᠠᠭᠠᠷᠯᠠᠨ᠂ ᠲᠣᠭᠲᠠᠭᠰᠠᠨ ᠴᠠᠭ ᠤᠨ ᠳᠣᠲᠣᠷ᠎ᠠ ᠲᠣᠭᠲᠠᠭᠰᠠᠨ ᠬᠡᠮᠵᠢᠶᠡᠨ ᠤ ᠰᠡᠳᠦᠪ ᠢ ᠬᠢᠵᠦ

ᠴᠠᠭᠠᠷᠠᠭᠤᠯᠬᠤ ᠬᠡᠷᠡᠭᠲᠡᠢ᠃ ᠡᠭᠦᠨ ᠤ ᠵᠣᠷᠢᠯᠭ᠎ᠠ ᠨᠢ ᠰᠤᠷᠤᠭᠴᠢᠳ ᠢ ᠥᠨᠳᠥᠷ ᠬᠦᠴᠦᠯᠡᠴᠡ ᠲᠠᠢ ᠰᠡᠳᠬᠢᠬᠦ ᠪᠠ

ᠲᠦᠷᠭᠡᠨ ᠪᠢᠴᠢᠬᠦ ᠳᠤᠮᠳᠠ ᠰᠡᠳᠦᠪ ᠬᠠᠷᠢᠭᠤᠯᠬᠤ ᠬᠤᠷᠳᠤᠴᠠ ᠶᠢ ᠳᠡᠭᠡᠭᠰᠢᠯᠡᠭᠦᠯᠵᠦ᠂ ᠤᠯᠤᠰ ᠤᠨ ᠨᠢᠭᠡᠳᠤᠯᠳᠠᠢ

ᠰᠢᠯᠭᠠᠯᠲᠠ ᠶᠢᠨ ᠪᠠᠴᠢᠮ ᠪᠠᠶᠢᠳᠠᠯ ᠳᠤ ᠵᠣᠬᠢᠴᠠᠭᠤᠯᠬᠤ ᠶᠢᠨ ᠲᠥᠯᠥᠭᠡ ᠶᠤᠮ᠃ ᠡᠶᠢᠮᠦ ᠠᠴᠠ ᠬᠤᠶᠠᠳᠤᠭᠠᠷ

ᠡᠭᠡᠯᠵᠢ ᠢᠶᠠᠨ ᠳᠠᠪᠲᠠᠯᠭ᠎ᠠ ᠶᠢᠨ ᠬᠤᠭᠤᠴᠠᠭᠠᠨ ᠳᠤ ᠬᠠᠨᠳᠤᠯᠭᠠᠲᠤ ᠴᠢᠨᠠᠷᠲᠠᠢ ᠪᠣᠯᠪᠠᠰᠤᠷᠠᠯ ᠢ ᠴᠢᠩᠭᠠᠳᠬᠠᠵᠦ᠂

ᠰᠤᠷᠤᠭᠴᠢᠳ ᠤᠨ ᠤᠷᠮ᠎ᠠ ᠵᠣᠷᠢᠭ ᠢ ᠬᠥᠭᠵᠢᠭᠡᠨ ᠤᠯᠤᠰ ᠤᠨ ᠨᠢᠭᠡᠳᠤᠯᠳᠠᠢ ᠰᠢᠯᠭᠠᠯᠲᠠ ᠳᠤ ᠰᠢᠯᠢᠳᠡᠭ ᠬᠢᠷᠢ

ᠪᠦᠲᠦᠮᠵᠢ ᠣᠯᠬᠤ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃

      ᠠᠵᠢᠯᠯᠠᠵᠤ ᠪᠠᠶᠢᠭ᠎ᠠ ᠪᠠᠶᠢᠭᠤᠯᠭ᠎ᠠ᠄ ᠠᠷᠤ ᠬᠤᠷᠴᠢᠨ ᠬᠤᠰᠢᠭᠤᠨ ᠤ ᠴᠢᠪᠠᠭ᠎ᠠ ᠶᠢᠨ 

                                ᠬᠤᠶᠠᠳᠤᠭᠠᠷ ᠳᠤᠮᠳᠠᠳᠤ ᠰᠤᠷᠭᠠᠭᠤᠯᠢ

                                ︵ᠮᠦᠡᠭᠭᠦᠨᠴᠢᠮᠡᠭ ᠨᠠᠶᠢᠷᠠᠭᠤᠯᠪᠠ︶

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map