ᠪᠤᠭᠤᠲᠤ ᠬᠤᠲᠠ᠄ ︽ᠲᠠᠪᠤᠨ ᠶᠡᠭᠡ ᠢᠨᠵᠧᠨᠧᠷᠢᠩ︾ ᠬᠡᠦᠬᠡᠳ ᠲᠤ ᠡᠷᠬᠡ ᠲᠡᠭᠰᠢ ᠴᠢᠨᠠᠷᠯᠢᠭ ᠰᠤᠷᠭᠠᠨ ᠬᠥᠮᠦᠵᠢᠯ ᠬᠦᠷᠲᠡᠭᠡᠪᠡ
ᠨᠡᠶᠢᠲᠡᠯᠡᠭᠰᠡᠨ ᠴᠠᠭ᠄
2024/4/11
      ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ 2023 ᠣᠨ ᠤ ᠪᠦᠬᠦ ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠬᠦᠷᠢᠶᠡᠨ ᠳᠠᠬᠢ ᠦᠢᠯᠡᠳᠦᠯᠭᠡ ᠶᠢᠨ ᠰᠢᠨ᠎ᠡ ᠶᠢ ᠡᠭᠦᠳᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠵᠦ᠂ ᠮᠠᠨ ᠤ ᠣᠷᠣᠨ ᠤ 2 ᠬᠡᠷᠡᠭ ᠤᠨ ᠵᠢᠱᠢᠶ᠎ᠡ ᠰᠣᠩᠭᠤᠭᠳᠠᠪᠠ᠃ ᠥᠪᠥᠷ ᠮᠣᠩᠭᠤᠯ ᠤᠨ ᠰᠤᠷᠭᠠᠨ ᠬᠥᠮᠦᠵᠢᠯ ᠨᠡᠶᠢᠲᠡᠯᠡᠯ ᠲᠤᠰᠬᠠᠢ ᠪᠤᠯᠤᠩ ᠭᠠᠷᠭᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠤᠬᠠᠭᠤᠯᠤᠨ ᠳᠡᠯᠭᠡᠷᠡᠭᠦᠯᠵᠦ᠂ ᠰᠠᠭᠤᠷᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠤᠨ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠦᠨᠳᠦᠰᠦᠨ ᠴᠡᠭ ᠤᠨ ᠦᠢᠯᠡᠳᠦᠯ ᠢ ᠪᠠᠲᠤᠳᠬᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠠᠭᠤᠷᠢ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠪᠡ᠃      ᠪᠤᠭᠤᠲᠤ ᠬᠤᠲᠠ᠄ ︽ᠲᠠᠪᠤᠨ ᠶᠡᠭᠡ ᠢᠨᠵᠧᠨᠧᠷᠢᠩ︾ ᠬᠡᠦᠬᠡᠳ ᠲᠤ      ᠡᠷᠬᠡ ᠲᠡᠭᠰᠢ ᠴᠢᠨᠠᠷᠯᠢᠭ ᠰᠤᠷᠭᠠᠨ ᠬᠥᠮᠦᠵᠢᠯ ᠢ ᠭᠦᠷᠲᠡᠭᠡᠪᠡ      ᠪᠤᠭᠤᠲᠤ ᠬᠤᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠣᠰᠣ ᠰᠤᠷᠲᠠᠬᠤᠨ ᠢ ᠪᠣᠢ ᠪᠣᠯᠭᠠᠨ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ  ᠶᠢ ᠨᠠᠶᠢᠳᠠᠪᠤᠷᠢᠵᠢᠭᠤᠯᠤᠨ᠂ ᠰᠠᠭᠤᠷᠢ ᠰᠤᠷᠭᠠᠨ ᠬᠥᠮᠦᠵᠢᠯ ᠤᠨ ᠰᠠᠭᠤᠷᠢ ᠴᠡᠭ ᠤᠨ ᠦᠢᠯᠡᠳᠦᠯ ᠢ ᠴᠢᠩᠭᠠᠳᠬᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠪᠠ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠶᠢ ᠲᠦᠷᠭᠡᠳᠭᠡᠨ᠂ ᠬᠡᠦᠬᠡᠳ ᠨᠢᠭᠡ ᠪᠦᠷᠢ  ᠳᠤ ᠴᠥᠮ ᠡᠷᠬᠡ ᠲᠡᠭᠰᠢ ᠪᠥᠭᠡᠳ ᠴᠢᠨᠠᠷᠯᠢᠭ ᠰᠤᠷᠭᠠᠨ ᠬᠥᠮᠦᠵᠢᠯ ᠢ ᠬᠦᠷᠲᠡᠭᠡᠬᠦ ᠪᠠᠷ ᠴᠢᠷᠮᠠᠶᠢᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠪᠦᠬᠦ ᠬᠦᠴᠦᠨ ᠢᠶᠠᠷ ᠰᠠᠶᠢᠲᠤᠷ ᠡᠷᠬᠢᠯᠡᠪᠡ᠃   

1.jpg

      ︽ᠪᠠᠭᠰᠢ ᠶᠢ ᠬᠦᠴᠦᠷᠬᠡᠭᠵᠢᠭᠦᠯᠵᠦ ᠰᠠᠭᠤᠷᠢ ᠶᠢ ᠪᠠᠬᠢᠵᠢᠭᠦᠯᠬᠦ︾ ᠢᠨᠵᠧᠨᠧᠷᠢᠩ ᠢ ᠬᠡᠷᠡᠭᠵᠢᠭᠦᠯᠵᠦ᠂ ᠥᠨᠳᠥᠷ

ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ ᠪᠠᠶᠢᠭᠤᠯᠬᠤ ᠶᠢ ᠴᠢᠨᠠᠷᠯᠢᠭ ᠲᠡᠩᠴᠡᠭᠦᠷᠢᠲᠡᠢ ᠪᠠᠶᠢᠬᠤ ᠰᠠᠭᠤᠷᠢ ᠴᠡᠭ

ᠪᠣᠯᠭᠠᠪᠠ᠃ ᠰᠤᠷᠭᠠᠨ ᠬᠥᠮᠦᠵᠢᠯ ᠢ ᠬᠦᠴᠦᠷᠬᠡᠭᠵᠢᠭᠦᠯᠬᠦ ᠳᠤ ᠡᠷᠬᠡᠪᠰᠢ ᠤᠷᠢᠳ ᠢᠶᠠᠷ ᠪᠠᠭᠰᠢ ᠶᠢ

ᠬᠦᠴᠦᠷᠬᠡᠭᠵᠢᠭᠦᠯᠦᠨ᠎ᠡ᠂ ᠪᠤᠭᠤᠲᠤ ᠬᠤᠲᠠ ᠪᠠᠭᠰᠢ ᠶᠢᠨ ᠣᠷᠣᠨ ᠲᠣᠭᠠᠨ ᠤ ᠬᠠᠮᠢᠶᠠᠷᠤᠯᠲᠠ ᠶᠢ ᠲᠠᠰᠤᠷᠠᠯᠲᠠ ᠦᠭᠡᠢ

ᠰᠢᠯᠢᠳᠡᠭᠵᠢᠭᠦᠯᠵᠦ᠂ ︽ᠰᠤᠷᠭᠠᠭᠤᠯᠢ ᠳᠠᠯᠳᠠ ᠬᠦᠴᠦᠨ ᠢ ᠢᠯᠡᠷᠡᠭᠦᠯᠬᠦ᠂ ᠰᠢᠶᠠᠨ ᠠᠴᠠ ᠲᠣᠬᠢᠷᠠᠭᠤᠯᠬᠤ᠂ ᠬᠤᠲᠠ ᠠᠴᠠ

ᠨᠢᠭᠡᠳᠦᠯᠲᠡᠢ ᠲᠥᠯᠥᠪᠯᠡᠬᠦ︾ ᠵᠠᠷᠴᠢᠮ ᠶᠣᠰᠣᠭᠠᠷ᠂ ᠰᠤᠷᠭᠠᠨ ᠬᠥᠮᠦᠵᠢᠯ ᠢ ᠭᠤᠣᠯᠴᠢᠯᠠᠨ ᠬᠠᠮᠢᠶᠠᠷᠬᠤ ᠰᠠᠯᠠᠭ᠎ᠠ

ᠮᠥᠴᠢᠷ ᠨᠢᠭᠡᠳᠦᠯᠲᠡᠢ ᠲᠥᠯᠥᠪᠯᠡᠨ ᠬᠤᠪᠢᠶᠠᠷᠢᠯᠠᠵᠤ᠂ ᠳᠤᠰᠬᠠᠢ ᠪᠠᠭᠰᠢ ᠶᠢᠨ ᠲᠤᠭ᠎ᠠ ᠶᠢ ᠡᠮᠬᠢ ᠵᠢᠷᠤᠮ ᠲᠠᠢ

ᠨᠡᠮᠡᠭᠳᠡᠭᠦᠯᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ︽ᠰᠢᠶᠠᠨ ᠠᠴᠠ ᠬᠠᠮᠢᠶᠠᠷᠴᠤ

ᠰᠤᠷᠭᠠᠭᠤᠯᠢ ᠠᠴᠠ ᠤᠷᠢᠬᠤ︾ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂

ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢ ᠲᠣᠭᠲᠠᠭᠠᠵᠤ ᠤᠷᠢᠬᠤ ᠳᠦᠷᠢᠮ ᠤᠨ

ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠳᠤᠮᠳᠠᠳᠤ ᠪᠠᠭ᠎ᠠ ᠰᠤᠷᠭᠠᠭᠤᠯᠢ ᠶᠢᠨ ᠳᠡᠭᠡᠳᠦ ᠵᠡᠷᠭᠡ ᠶᠢᠨ ᠲᠤᠰᠬᠠᠢ

ᠮᠡᠷᠭᠡᠵᠢᠯ ᠤᠨ ᠠᠵᠢᠯ ᠤᠨ ᠪᠠᠶᠢᠷᠢ ᠶᠢᠨ ᠪᠦᠲᠦᠴᠡ ᠶᠢᠨ ᠬᠠᠷᠢᠴᠠᠯ ᠢ ᠰᠢᠯᠢᠳᠡᠭᠵᠢᠭᠦᠯᠵᠦ᠂ ᠳᠠᠭᠤᠷᠢᠶᠠᠯ ᠦᠵᠡᠭᠦᠯᠬᠦ

ᠴᠢᠨᠠᠷᠲᠠᠢ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ

ᠠᠵᠢᠯ ᠤᠨ ᠪᠠᠶᠢᠷᠢ ᠶᠢᠨ ᠡᠷᠭᠢᠯᠲᠡ ᠶᠢᠨ ᠴᠡᠭ ᠢ ᠪᠠᠶᠢᠭᠤᠯᠵᠤ᠂ 300 ᠠᠵᠢᠯ ᠤᠨ ᠪᠠᠶᠢᠷᠢ ᠨᠥᠭᠡᠴᠡᠯᠡᠪᠡ᠃ ᠵᠢᠭᠠᠨ

ᠰᠤᠷᠭᠠᠯᠲᠠ᠂ ᠰᠣᠳᠤᠯᠭᠠᠨ᠂ ᠰᠢᠯᠢᠳᠡᠭ ᠢ ᠬᠥᠮᠥᠵᠢᠭᠦᠯᠬᠦ ᠠᠵᠢᠯ ᠬᠢᠵᠦ ᠪᠠᠶᠢᠭ᠎ᠠ ᠤᠯᠤᠰ ᠤᠨ ᠳᠣᠲᠣᠭᠠᠳᠤ ᠶᠢᠨ

ᠨᠡᠷᠡᠲᠦ ᠲᠤᠰᠬᠠᠢ ᠮᠡᠷᠭᠡᠵᠢᠯᠲᠡᠨ᠂ ᠨᠡᠷᠡᠲᠦ ᠰᠢᠯᠢᠳᠡᠭ ︽ᠪᠤᠭᠤᠷᠤᠯ ᠪᠠᠭᠰᠢ︾ ᠵᠡᠷᠭᠡ ᠲᠤᠰᠬᠠᠢ ᠮᠡᠷᠭᠡᠵᠢᠯᠲᠡᠨ ᠤ

ᠲᠥᠷᠦᠯ ᠤᠨ ᠴᠢᠳᠠᠪᠤᠷᠢᠲᠠᠨ ᠳᠤ ᠬᠡᠯᠡᠯᠴᠡᠭᠡᠷᠲᠦ ᠴᠠᠯᠢᠩ ᠤᠨ ᠲᠦᠷᠢᠮ ᠪᠤᠶᠤ ᠲᠥᠷᠥᠯ ᠵᠦᠢᠯ ᠤᠨ ᠴᠠᠯᠢᠩ ᠤᠨ

ᠳᠦᠷᠢᠮ ᠢ ᠬᠡᠷᠡᠭᠵᠢᠭᠦᠯᠪᠡ᠃ ᠪᠠᠭᠰᠢ ᠶᠢᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠤᠨ ᠰᠣᠷᠢᠯᠲᠠ ᠶᠢ

ᠥᠷᠨᠢᠭᠦᠯᠵᠦ᠂ ᠰᠣᠷᠢᠯᠲᠠ ᠶᠢᠨ ᠦᠷ᠎ᠡ ᠳ᠋ᠦᠩ ᠢ ᠮᠡᠷᠭᠡᠵᠢᠯ ᠤᠨ ᠴᠣᠯᠠ ᠲᠣᠭᠲᠠᠭᠠᠵᠤ ᠤᠷᠢᠬᠤ ᠨᠥᠬᠦᠴᠡᠯ ᠤᠨ ᠨᠢᠭᠡ

ᠪᠣᠯᠭᠠᠪᠠ᠃ ︽ᠰᠢᠨ᠎ᠡ ᠪᠠᠷ ᠲᠤᠰᠢᠶᠠᠯ ᠳᠤ ᠭᠠᠷᠤᠭᠰᠠᠨ ᠪᠠᠭᠰᠢ - ᠭᠤᠣᠯᠯᠠᠭᠴᠢ ᠪᠠᠭᠰᠢ - ᠰᠢᠯᠭᠠᠷᠠᠭᠰᠠᠨ          

ᠪᠠᠭᠰᠢ - ᠨᠡᠷᠡᠲᠦ ᠪᠠᠭᠰᠢ︾ ᠶᠢ ᠬᠥᠮᠦᠵᠢᠭᠦᠯᠬᠦ ᠳᠣᠭᠲᠠᠯᠴᠠᠭ᠎ᠠ ᠶᠢ ᠪᠠᠶᠢᠭᠤᠯᠵᠤ᠂ ᠪᠠᠭᠰᠢ ᠶᠢᠨ ᠮᠣᠷᠠᠯ ᠡᠷᠬᠢᠮ

ᠳᠡᠭᠡᠳᠦ᠂ ᠲᠤᠬᠠᠶᠢᠯᠠᠭᠰᠠᠨ ᠠᠵᠢᠯ ᠳᠤ ᠪᠠᠨ ᠴᠠᠭᠠᠷᠠᠭᠰᠠᠨ᠂ ᠪᠦᠲᠦᠴᠡ ᠵᠣᠬᠢᠰᠲᠠᠢ᠂ ᠠᠮᠢᠵᠢᠷᠠᠯ ᠤᠨ ᠬᠦᠴᠦᠨ

ᠪᠢᠯᠬᠠᠮ᠎ᠠ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ ᠬᠥᠮᠥᠵᠢᠭᠦᠯᠪᠡ᠃

      ︽ᠬᠢᠴᠢᠶᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠢᠨᠵᠧᠨᠧᠷᠢᠩ ᠢ ᠬᠡᠷᠡᠭᠵᠢᠭᠦᠯᠵᠦ᠂ ᠥᠨᠳᠥᠷ

ᠪᠦᠲᠦᠮᠵᠢᠲᠡᠢ ᠬᠢᠴᠢᠶᠡᠯ ᠢ ᠪᠠᠶᠢᠭᠤᠯᠬᠤ ᠶᠢ ᠴᠢᠨᠠᠷᠯᠢᠭ ᠲᠡᠩᠴᠡᠭᠦᠷᠢᠲᠡᠢ ᠪᠠᠶᠢᠬᠤ ᠦᠨᠳᠦᠰᠦ ᠪᠣᠯᠭᠠᠪᠠ ᠃ ᠬᠢᠴᠢᠶᠡᠯ

ᠪᠣᠯ ᠰᠤᠷᠭᠠᠨ ᠬᠥᠮᠦᠵᠢᠯ ᠤᠨ ᠭᠤᠣᠯᠳᠠᠯᠭ᠎ᠠ᠂ ᠰᠤᠷᠭᠠᠭᠤᠯᠢ ᠶᠢᠨ ᠴᠢᠳᠠᠪᠤᠷᠢᠲᠠᠨ ᠬᠥᠮᠦᠵᠢᠭᠦᠯᠬᠦ ᠴᠢᠨᠠᠷ

ᠴᠢᠨᠰᠠᠭ᠎ᠠ ᠲᠠᠢ ᠰᠢᠭᠤᠳ ᠬᠤᠯᠪᠣᠭᠳᠠᠵᠤ ᠪᠠᠶᠢᠳᠠᠭ᠃ ᠪᠤᠭᠤᠲᠤ ᠬᠤᠲᠠ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠶᠡᠭᠡ

ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ

ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠦᠷᠭᠦᠯᠵᠢᠯᠡᠨ ᠥᠷᠨᠢᠭᠦᠯᠵᠦ᠂ ︽ᠦᠵᠡᠯ ᠰᠠᠨᠠᠭ᠎ᠠ ᠤᠯᠤᠰ ᠲᠥᠷᠥ ᠶᠢᠨ

ᠲᠣᠮᠤ ᠬᠢᠴᠢᠶᠡᠯ︾ ᠤᠨ ᠪᠠᠶᠢᠷᠢᠰᠢᠯᠠᠭᠤᠯᠤᠯᠲᠠ ᠶᠢ ᠪᠠᠶᠢᠭᠤᠯᠪᠠ᠃ ᠬᠢᠴᠢᠶᠡᠯ ᠤᠨ ᠪᠠᠷᠢᠮᠵᠢᠶ᠎ᠠ ᠳᠤ ᠰᠠᠭᠤᠷᠢᠯᠠᠭᠰᠠᠨ

ᠵᠢᠭᠠᠨ ᠰᠤᠷᠭᠠᠯᠲᠠ ᠶᠢᠨ ᠦᠵᠡᠯ ᠰᠠᠨᠠᠭ᠎ᠠ ᠪᠠᠷ ᠵᠢᠯᠣᠭᠤᠳᠤᠭᠤᠯᠤᠨ ︽ᠠᠯᠪᠠᠨ ᠵᠢᠷᠤᠮ ᠤᠨ ᠰᠤᠷᠭᠠᠨ ᠬᠥᠮᠦᠵᠢᠯ ᠪᠠ

ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ

ᠠᠵᠢᠯ ᠤᠨ ᠵᠢᠷᠤᠮᠵᠢᠯ︾ ᠢ ᠲᠣᠭᠲᠠᠭᠠᠵᠤ᠂ ᠪᠦᠬᠦ ᠰᠤᠷᠤᠯᠭ᠎ᠠ ᠶᠢᠨ ᠱᠠᠲᠤᠨ ᠳᠤ ︽ᠵᠢᠭᠠᠨ ᠰᠤᠷᠭᠠᠯᠲᠠ ᠶᠢᠨ

ᠦᠨᠡᠯᠡᠯᠲᠡ︾ ᠶᠢᠨ ᠨᠢᠭᠡᠳᠦᠯᠲᠦ ᠴᠢᠨᠠᠷ᠂ ᠨᠢᠭᠡᠴᠢ ᠶᠢᠨ ᠪᠦᠬᠦᠯᠢ ᠴᠣᠭᠴᠠᠲᠤ ᠵᠢᠭᠠᠨ ᠰᠤᠷᠭᠠᠯᠲᠠ ᠶᠢᠨ ᠲᠥᠯᠥᠪᠯᠡᠭᠡ᠂

ᠰᠤᠷᠤᠯᠭ᠎ᠠ ᠶᠢᠨ ᠨᠠᠮᠲᠠᠷ ᠤᠨ ᠲᠥᠰᠦᠯ ᠤᠨ ᠲᠥᠯᠥᠪᠯᠡᠭᠡ ᠵᠡᠷᠭᠡ ᠵᠢᠭᠠᠨ ᠰᠤᠷᠭᠠᠯᠲᠠ ᠶᠢ ᠪᠦᠬᠦ ᠲᠠᠯ᠎ᠠ ᠪᠠᠷ

ᠳᠡᠯᠭᠡᠷᠡᠭᠦᠯᠦᠨ ᠲᠦᠭᠡᠮᠡᠯᠵᠢᠭᠦᠯᠵᠦ᠂ ᠡᠯ᠎ᠡ ᠰᠤᠷᠭᠠᠭᠤᠯᠢ ᠶᠢᠨ ᠬᠢᠨ ᠰᠤᠷᠤᠯᠭ᠎ᠠ ᠶᠢᠨ ᠱᠠᠲᠤ ᠬᠤᠪᠢᠶᠠᠨ᠂ ᠬᠢᠴᠢᠶᠡᠯ

ᠲᠥᠷᠥᠯ ᠬᠤᠪᠢᠶᠠᠨ ᠬᠢᠴᠢᠶᠡᠯ ᠤᠨ ᠳᠣᠭᠲᠠᠯᠴᠠᠭ᠎ᠠ ᠶᠢ ᠶᠡᠷᠦᠩᠬᠡᠢ ᠳᠤ ᠨᠢ ᠪᠠᠶᠢᠭᠤᠯᠤᠨ ᠪᠠᠶᠠᠯᠢᠭᠵᠢᠭᠤᠯᠵᠤ᠂

ᠬᠢᠴᠢᠶᠡᠯ ᠵᠢᠴᠢ ᠥᠪᠡᠷᠮᠢᠴᠡ ᠬᠢᠴᠢᠶᠡᠯ ᠰᠣᠩᠭᠤᠬᠤ ᠬᠡᠯᠪᠡᠷᠢ ᠶᠢᠨ ᠰᠢᠨ᠎ᠡ ᠶᠢ ᠡᠭᠦᠳᠦᠨ᠂ ᠤᠯᠤᠰ ᠤᠨ ᠬᠢᠴᠢᠶᠡᠯ ᠤᠨ

ᠵᠥᠷᠢᠶᠡᠲᠦ ᠰᠤᠷᠤᠯᠴᠠᠯᠭ᠎ᠠ᠂ ᠬᠢᠴᠢᠶᠡᠯ ᠲᠥᠷᠥᠯ ᠢ ᠥᠷᠭᠡᠳᠬᠡᠬᠦ ᠰᠣᠩᠭᠤᠯᠲᠠ ᠶᠢᠨ ᠴᠢᠨᠠᠷᠲᠠᠢ ᠰᠤᠷᠤᠯᠴᠠᠯᠭ᠎ᠠ ᠶᠢ

ᠬᠡᠷᠡᠭᠵᠢᠭᠦᠯᠵᠦ᠂ ᠬᠢᠴᠢᠶᠡᠯ ᠤᠨ ᠠᠮᠢ ᠠᠬᠤᠢ ᠶᠢ ᠬᠤᠪᠢᠷᠠᠭᠤᠯᠪᠠ᠃ ︽ᠳᠠᠰᠬᠠᠯ ᠤᠨ ᠬᠠᠮᠢᠶᠠᠷᠤᠯᠲᠠ ᠶᠢ

ᠵᠢᠯᠣᠭᠤᠳᠬᠤ ᠰᠠᠨᠠᠯ︾᠂ ︽ᠰᠠᠭᠤᠷᠢ ᠴᠢᠨᠠᠷᠲᠠᠢ ᠳᠠᠰᠬᠠᠯ ᠢ ᠲᠥᠯᠦᠪᠯᠡᠬᠦ ᠵᠦᠭᠯᠡᠭᠦᠷ︾ ᠢ ᠲᠣᠭᠲᠠᠭᠠᠵᠤ᠂

ᠠᠵᠢᠯ ᠤᠨ ᠲᠥᠯᠥᠪᠯᠡᠭᠡ ᠶᠢᠨ ᠨᠠᠵᠠᠭᠠᠢ ᠲᠠᠯ᠎ᠠ ᠶᠢᠨ ᠨᠠᠷᠢᠨ ᠬᠠᠭᠤᠳᠠᠰᠤ ᠪᠠ ᠠᠵᠢᠯ ᠤᠨ ᠲᠥᠯᠥᠪᠯᠡᠭᠡ ᠶᠢ ᠬᠢᠨᠠᠨ

ᠪᠠᠶᠢᠴᠠᠭᠠᠵᠤ ᠢᠯᠡ ᠨᠡᠶᠢᠲᠡᠯᠡᠬᠦ ᠳᠦᠷᠢᠮ ᠢ ᠪᠠᠶᠢᠭᠤᠯᠤᠨ᠂ ᠠᠵᠢᠯ ᠤᠨ ᠵᠥᠪᠰᠢᠶᠡᠷᠡᠯ ᠢ ᠥᠭᠡᠷᠡᠴᠢᠯᠡᠬᠦ ᠪᠠ ᠵᠢᠭᠠᠨ

ᠰᠤᠷᠭᠠᠯᠲᠠ ᠶᠢ ᠣᠨᠣᠰᠢᠯᠠᠬᠤ ᠶᠢ ᠴᠢᠩᠭᠠᠷᠠᠭᠤᠯᠪᠠ᠃ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠲᠡᠭᠦᠯᠳᠡᠷᠵᠢᠭᠦᠯᠵᠦ᠂

︽ᠳᠠᠰᠬᠠᠯ ᠢ ᠬᠠᠪᠰᠤᠷᠤᠨ ᠵᠢᠯᠣᠭᠤᠳᠬᠤ ᠳᠤᠷ᠎ᠠ ᠰᠣᠨᠢᠷᠬᠠᠯ ᠢ ᠬᠥᠮᠦᠵᠢᠭᠦᠯᠬᠦ ᠣᠨᠴᠠ ᠴᠢᠳᠠᠪᠤᠷᠢ ᠶᠢ          

ᠥᠷᠭᠡᠳᠬᠡᠬᠦ︾ ᠪᠠᠷ ᠭᠤᠣᠯ ᠠᠭᠤᠯᠭ᠎ᠠ ᠪᠣᠯᠭᠠᠭᠰᠠᠨ ᠳᠡᠰ ᠳᠠᠪᠬᠤᠷᠭ᠎ᠠ ᠬᠤᠪᠢᠶᠠᠭᠰᠠᠨ᠂ ᠰᠣᠩᠭᠤᠵᠤ ᠪᠣᠯᠬᠤᠶᠢᠴᠠ

ᠬᠢᠴᠢᠶᠡᠯ ᠤᠨ ᠳᠣᠭᠲᠠᠯᠴᠠᠭ᠎ᠠ ᠶᠢ ᠪᠠᠶᠢᠭᠤᠯᠵᠤ᠂ ᠰᠤᠷᠤᠭᠴᠢᠳ ᠤᠨ ᠥᠪᠡᠷᠮᠢᠴᠡ ᠬᠥᠭᠵᠢᠯᠲᠡ ᠶᠢᠨ ᠬᠡᠷᠡᠭᠴᠡᠭᠡ

ᠱᠠᠭᠠᠷᠳᠠᠯᠭ᠎ᠠ ᠶᠢ ᠬᠠᠩᠭᠠᠪᠠ᠃ ᠬᠥᠳᠡᠯᠮᠦᠷᠢ᠂ ᠰᠢᠨᠵᠢᠯᠡᠬᠦ ᠤᠬᠠᠭᠠᠨ ᠵᠡᠷᠭᠡ ᠬᠢᠴᠢᠶᠡᠯ ᠢ ᠰᠢᠯᠢᠳᠡᠭᠵᠢᠭᠦᠯᠬᠦ

ᠪᠠᠶᠢᠷᠢᠯᠠᠭᠤᠯᠤᠯᠲᠠ ᠳᠤ ᠬᠠᠨᠳᠤᠭᠤᠯᠤᠨ᠂ ᠦᠢᠯᠡᠳᠦᠯᠭᠡ ᠶᠢᠨ ᠲᠠᠯᠠᠪᠤᠷ ᠢ ᠥᠷᠭᠡᠳᠬᠡᠵᠦ᠂ ᠦᠨᠡᠯᠡᠬᠦ ᠲᠣᠭᠲᠠᠴᠠ ᠶᠢ

ᠪᠦᠷᠢᠨᠰᠢᠭᠦᠯᠦᠨ᠂ ᠲᠤᠰᠬᠠᠢ ᠮᠡᠷᠭᠡᠵᠢᠯ ᠤᠨ ᠵᠢᠯᠣᠭᠤᠳᠣᠯᠭ᠎ᠠ ᠶᠢ ᠴᠢᠩᠭᠠᠷᠠᠭᠤᠯᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ

ᠰᠣᠩᠭᠤᠵᠤ᠂ ᠡᠯᠪᠡᠭ ᠪᠠᠶᠠᠯᠢᠭ ᠪᠣᠳᠠᠲᠤ ᠬᠡᠷᠡᠭᠴᠡᠭᠡ ᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠥᠮᠥᠷᠭᠡ ᠶᠢ

ᠠᠯᠬᠤᠮ ᠠᠯᠬᠤᠮ ᠢᠶᠠᠷ ᠪᠣᠢ ᠪᠣᠯᠭᠠᠵᠤ᠂ ᠴᠢᠨᠠᠷᠯᠢᠭ ᠡᠬᠢ ᠪᠠᠶᠠᠯᠢᠭ ᠢ ᠬᠠᠮᠲᠤ ᠳᠤ ᠪᠠᠨ ᠡᠳ᠋ᠯᠡᠬᠦ ᠪᠠ ᠬᠡᠷᠡᠭᠯᠡᠬᠦ ᠶᠢ

ᠠᠬᠢᠭᠤᠯᠪᠠ᠃ ᠬᠡᠪ ᠴᠢᠨᠠᠷ ᠤᠨ ᠬᠥᠮᠦᠵᠢᠯ ᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠰᠤᠷᠤᠭᠴᠢᠳ ᠢ

ᠦᠨᠡᠯᠡᠬᠦ ᠳᠣᠭᠲᠠᠯᠴᠠᠭ᠎ᠠ᠂ ᠠᠵᠢᠯ ᠤᠨ ᠪᠠᠶᠢᠷᠢ ᠶᠢᠨ ᠣᠨᠴᠠᠯᠢᠭ ᠲᠤ ᠨᠡᠶᠢᠴᠡᠭᠰᠡᠨ ᠳᠤᠮᠳᠠᠳᠤ ᠪᠠᠭ᠎ᠠ

ᠰᠤᠷᠭᠠᠭᠤᠯᠢ ᠶᠢᠨ ᠪᠠᠭᠰᠢ ᠶᠢ ᠰᠢᠯᠭᠠᠨ ᠬᠢᠨᠠᠵᠤ ᠦᠨᠡᠯᠡᠬᠦ ᠳᠣᠭᠲᠠᠯᠴᠠᠭ᠎ᠠ ᠪᠠ ᠳᠤᠮᠳᠠᠳᠤ ᠪᠠᠭ᠎ᠠ ᠰᠤᠷᠭᠠᠭᠤᠯᠢ ᠶᠢᠨ

ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠬᠢᠨᠠᠨ ᠰᠢᠯᠭᠠᠵᠤ ᠦᠨᠡᠯᠡᠨ ᠵᠢᠱᠢᠬᠦ ᠳᠦᠷᠢᠮ ᠢ ᠪᠠᠶᠢᠭᠤᠯᠵᠤ᠂ ᠵᠥᠪ

ᠲᠠᠯ᠎ᠠ ᠠᠴᠠ ᠤᠷᠮᠠᠰᠢᠭᠤᠯᠬᠤ᠂ ᠦᠨᠡᠯᠡᠬᠦ ᠪᠠᠷ ᠬᠥᠲᠥᠯᠥᠨ ᠳᠠᠭᠠᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ

ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠠᠮᠢᠵᠢᠷᠠᠯ ᠤᠨ ᠬᠦᠴᠦᠨ ᠢ ᠬᠥᠭᠵᠢᠭᠡᠪᠡ᠃

      

2.jpg

     ︽ᠰᠢᠶᠠᠨ ᠤ ᠬᠡᠪᠴᠢᠶᠡᠨ ᠤ ᠬᠤᠯᠪᠣᠭ᠎ᠠ︾ ᠶᠢᠨ ᠢᠨᠵᠧᠨᠧᠷᠢᠩ ᠢ ᠬᠡᠷᠡᠭᠵᠢᠭᠦᠯᠵᠦ᠂ ᠬᠤᠲᠠ ᠬᠥᠳᠡᠭᠡ ᠶᠢᠨ

ᠰᠤᠷᠭᠠᠨ ᠬᠥᠮᠦᠵᠢᠯ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠴᠢᠨᠠᠷᠯᠢᠭ ᠲᠡᠩᠴᠡᠭᠦᠷᠢᠲᠡᠢ ᠪᠠᠶᠢᠬᠤ

ᠲᠤᠯᠭᠠᠭᠤᠷᠢᠯᠠᠯ ᠪᠣᠯᠭᠠᠪᠠ᠃ ᠪᠤᠭᠤᠲᠤ ᠬᠤᠲᠠ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ

 ᠶᠢᠨ ᠬᠤᠭᠤᠴᠠᠭᠠᠨ ᠳᠤ ᠬᠥᠳᠡᠭᠡ ᠲᠣᠰᠬᠤᠨ ᠤ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠶᠢ

ᠠᠬᠢᠭᠤᠯᠵᠤ᠂ ᠬᠤᠲᠠ ᠬᠥᠳᠡᠭᠡ ᠶᠢᠨ ᠰᠤᠷᠭᠠᠭᠤᠯᠢ ᠶᠢᠨ ᠬᠤᠷᠰᠢᠶᠠᠯᠠᠨ ᠬᠠᠮᠲᠤ ᠳᠤ ᠪᠠᠨ ᠪᠠᠶᠢᠭᠤᠯᠬᠤ ᠶᠢ

ᠠᠬᠢᠭᠤᠯᠬᠤ ᠪᠦᠬᠦ ᠬᠤᠲᠠ ᠶᠢᠨ ᠰᠤᠷᠭᠠᠨ ᠬᠥᠮᠦᠵᠢᠯ ᠤᠨ ᠨᠢᠭᠡ ᠴᠣᠭᠴᠠᠵᠢᠭᠤᠯᠤᠭᠰᠠᠨ ᠬᠥᠭᠵᠢᠯᠲᠡ ᠶᠢᠨ

ᠬᠡᠷᠡᠭᠵᠢᠭᠦᠯᠬᠦ ᠵᠢᠯᠣᠭᠤᠳᠬᠤ ᠰᠠᠨᠠᠯ︾ ᠢ ᠨᠡᠶᠢᠲᠡᠯᠡᠵᠦ᠂ ᠭᠤᠣᠯ ᠬᠤᠲᠠ ᠶᠢᠨ ᠲᠣᠭᠤᠷᠢᠭ ᠪᠠ ᠮᠠᠯᠵᠢᠬᠤ ᠲᠠᠷᠢᠶᠠᠯᠠᠬᠤ

ᠬᠤᠰᠢᠭᠤ ᠰᠢᠶᠠᠨ ᠲᠣᠭᠤᠷᠢᠭ ᠤᠨ ᠰᠤᠷᠭᠠᠭᠤᠯᠢ  ᠬᠤᠷᠰᠢᠶᠠᠯᠠᠨ ᠬᠠᠪᠰᠤᠷᠤᠨ ᠲᠡᠳᠬᠦᠬᠦ ᠲᠣᠭᠲᠠᠴᠠ ᠶᠢ ᠶᠡᠭᠡ ᠪᠠᠷ

ᠠᠬᠢᠭᠤᠯᠵᠤ᠂ ᠣᠷᠣᠨ ᠲᠣᠭᠠᠨ ᠤ ᠰᠠᠯᠠᠭ᠎ᠠ ᠮᠥᠴᠢᠷ ᠠᠴᠠ ᠰᠤᠷᠭᠠᠨ ᠬᠥᠮᠦᠵᠢᠯ ᠢᠶᠠᠷ ᠳᠡᠮᠵᠢᠬᠦ ᠪᠠᠭᠰᠢ ᠶᠢ ᠲᠣᠮᠢᠯᠠᠨ

ᠰᠤᠷᠭᠠᠭᠤᠯᠢ ᠳᠤ 200 ᠭᠠᠷᠤᠢ ᠲᠤᠰᠬᠠᠢ ᠣᠷᠣᠨ ᠲᠤᠭ᠎ᠠ ᠶᠢ ᠬᠢᠨᠠᠨ ᠳᠣᠭᠲᠠᠭᠠᠵᠤ ᠨᠡᠮᠡᠨ᠂ ᠡᠳ᠋ ᠤᠨ ᠵᠠᠰᠠᠭ ᠤᠨ

ᠰᠠᠯᠠᠭ᠎ᠠ ᠮᠥᠴᠢᠷ ᠠᠴᠠ ᠵᠢᠯ ᠪᠦᠷᠢ 450 ᠭᠠᠷᠤᠢ ᠲᠦᠮᠡᠨ ᠲᠥᠭᠦᠷᠢᠭ ᠤᠨ ᠲᠤᠰᠬᠠᠢ ᠵᠣᠭᠤᠰ ᠰᠠᠯᠭᠠᠨ ᠥᠭᠴᠦ᠂

ᠪᠠᠭᠰᠢ ᠶᠢᠨ ᠬᠠᠷᠠᠭᠠᠯᠵᠠᠯ ᠢ ᠪᠠᠲᠤᠯᠠᠬᠤ ᠳᠤ ᠬᠡᠷᠡᠭᠯᠡᠪᠡ᠃ ᠪᠦᠬᠦ ᠬᠤᠲᠠ ᠶᠢᠨ ᠰᠢᠶᠠᠨ ᠤ ᠬᠡᠪᠴᠢᠶᠡᠨ ᠤ

ᠬᠤᠯᠪᠣᠭ᠎ᠠ ᠳᠠᠬᠢ ᠰᠢᠯᠢᠳᠡᠭ ᠳᠤᠮᠳᠠᠳᠤ ᠪᠠᠭ᠎ᠠ ᠰᠤᠷᠭᠠᠭᠤᠯᠢ ᠪᠣᠯᠤᠨ ᠮᠠᠯᠵᠢᠬᠤ ᠲᠠᠷᠢᠶᠠᠯᠠᠬᠤ ᠣᠷᠣᠨ ᠤ ᠳᠤᠮᠳᠠᠳᠤ

ᠪᠠᠭ᠎ᠠ ᠰᠤᠷᠭᠠᠭᠤᠯᠢ ᠶᠢᠨ ᠬᠤᠷᠰᠢᠶᠠᠯᠠᠭᠰᠠᠨ ᠨᠣᠷᠮ᠎ᠠ 100% ᠳᠤ ᠬᠦᠷᠴᠦ᠂ ᠵᠢᠭᠠᠨ ᠰᠤᠷᠭᠠᠯᠲᠠ ᠶᠢ ᠵᠡᠷᠭᠡ ᠳᠤ

 ᠨᠢ ᠶᠠᠪᠤᠭᠳᠠᠭᠤᠯᠬᠤ᠂ ᠬᠢᠴᠢᠶᠡᠯ ᠢ ᠵᠡᠷᠭᠡ ᠳᠤ ᠨᠢ ᠶᠠᠪᠤᠭᠳᠠᠭᠤᠯᠬᠤ᠂ ᠠᠵᠢᠯᠯᠠᠭ᠎ᠠ  ᠶᠢ ᠵᠡᠷᠭᠡ ᠳᠤ ᠨᠢ ᠶᠠᠪᠤᠭᠳᠠᠭᠤᠯᠬᠤ᠂

ᠡᠬᠢ ᠪᠠᠶᠠᠯᠢᠭ ᠢ ᠬᠠᠮᠲᠤ ᠳᠤ ᠪᠠᠨ ᠡᠳ᠋ᠯᠡᠬᠦ ᠶᠢ ᠪᠡᠶᠡᠯᠡᠭᠦᠯᠵᠦ᠂ ᠬᠤᠲᠠ ᠬᠥᠳᠡᠭᠡ᠂ ᠣᠷᠣᠨ ᠪᠦᠰᠡ᠂          

ᠰᠤᠷᠭᠠᠭᠤᠯᠢ ᠶᠢᠨ ᠬᠤᠭᠤᠷᠣᠨᠳᠣᠬᠢ ᠠᠭᠤᠰᠤᠯᠴᠠᠵᠤ ᠬᠠᠮᠵᠢᠯᠴᠠᠨ ᠬᠥᠭᠵᠢᠬᠦ ᠪᠠᠶᠢᠳᠠᠯ ᠢ ᠦᠨᠳᠦᠰᠦᠨ ᠳᠤ ᠪᠠᠨ

ᠪᠦᠷᠢᠯᠳᠦᠭᠦᠯᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ︽ᠢᠯᠡ ᠪᠠᠷ ᠰᠤᠷᠤᠭᠴᠢ          

ᠡᠯᠰᠡᠬᠦ︾᠂ ︽ᠢᠯᠡ ᠪᠠᠷ ᠠᠩᠭᠢ ᠬᠤᠪᠢᠶᠠᠬᠤ︾ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ︽ᠰᠤᠷᠭᠠᠭᠤᠯᠢ

ᠰᠣᠩᠭᠤᠬᠤ ᠬᠠᠯᠠᠮᠰᠢᠯ︾ ︽ᠠᠩᠭᠢ ᠰᠣᠩᠭᠤᠬᠤ ᠬᠠᠯᠠᠮᠰᠢᠯ︾ ᠢ ᠪᠦᠲᠦᠮᠵᠢᠲᠡᠢ ᠬᠤᠷᠢᠭᠯᠠᠨ᠂ ᠠᠯᠪᠠᠨ ᠵᠢᠷᠤᠮ ᠤᠨ

ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠤᠭᠴᠢ ᠶᠢᠨ ᠢᠷᠡᠯᠲᠡ ᠶᠢᠨ ᠲᠠᠷᠬᠠᠯᠲᠠ ᠡᠳᠦᠷ ᠢᠷᠡᠬᠦᠶ᠎ᠡ

ᠲᠡᠩᠴᠡᠭᠦᠷᠢᠲᠡᠢ ᠪᠣᠯᠪᠠ᠃ ᠰᠠᠭᠤᠬᠤ ᠦᠨᠡᠮᠯᠡᠯ  ᠢᠶᠠᠷ ᠭᠤᠣᠯ ᠦᠨᠳᠦᠰᠦᠯᠡᠯ ᠪᠣᠯᠭᠠᠭᠰᠠᠨ ᠬᠤᠲᠠ ᠣᠷᠣᠵᠤ ᠬᠦᠴᠦ

ᠶᠠᠪᠤᠭᠰᠠᠳ  ᠢ ᠳᠠᠭᠠᠵᠤ ᠨᠡᠭᠦᠭᠰᠡᠨ ᠦᠷ᠎ᠡ ᠬᠡᠦᠬᠡᠳ ᠢ ᠰᠤᠷᠭᠠᠭᠤᠯᠢ ᠳᠤ ᠣᠷᠣᠭᠤᠯᠬᠤ ᠲᠣᠭᠲᠠᠴᠠ ᠶᠢ

ᠲᠡᠭᠦᠯᠳᠡᠷᠵᠢᠭᠦᠯᠵᠦ᠂ ᠵᠢᠯ ᠪᠦᠷᠢ 7 ᠲᠦᠮᠡ ᠣᠷᠴᠢᠮ ᠤᠨ ᠳᠠᠭᠠᠵᠤ ᠨᠡᠭᠦᠭᠰᠡᠨ ᠦᠷ᠎ᠡ ᠬᠡᠦᠬᠡᠳ ᠤᠨ

ᠰᠤᠷᠭᠠᠭᠤᠯᠢ ᠳᠤ ᠣᠷᠣᠬᠤ ᠠᠰᠠᠭᠤᠳᠠᠯ ᠢ ᠰᠢᠢᠳᠪᠦᠷᠢᠯᠡᠪᠡ᠃ ᠡᠭᠦᠨ ᠤ ᠬᠠᠮᠲᠤ ᠥᠪᠡᠷᠲᠡᠭᠡᠨ ᠵᠠᠰᠠᠬᠤ ᠣᠷᠣᠨ ᠤ

ᠳᠠᠭᠤᠷᠢᠶᠠᠯ ᠦᠵᠡᠭᠦᠯᠬᠦ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠲᠠᠷᠢᠶᠠᠯᠠᠩ ᠮᠠᠯ ᠠᠵᠤ ᠠᠬᠤᠢ ᠵᠢᠴᠢ ᠬᠢᠯᠢ

ᠬᠢᠵᠠᠭᠠᠷ ᠬᠤᠰᠢᠭᠤ ᠰᠢᠶᠠᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠯᠤᠭ᠎ᠠ ︽ᠲᠥᠷᠥᠯ ᠵᠦᠢᠯ ᠤᠨ          

ᠠᠩᠭᠢ︾ ᠶᠢ ᠬᠠᠮᠲᠤ ᠳᠤ ᠪᠠᠨ ᠪᠠᠶᠢᠭᠤᠯᠵᠤ᠂ ᠰᠢᠶᠠᠨ ᠤ ᠰᠤᠷᠭᠠᠭᠤᠯᠢ ᠡᠷᠬᠢᠯᠡᠬᠦ ᠴᠢᠨᠠᠷ ᠴᠢᠨᠰᠠᠭ᠎ᠠ ᠶᠢ

ᠳᠡᠭᠡᠭᠰᠢᠯᠡᠭᠦᠯᠦᠨ᠂ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠪᠥᠭᠡᠳ

ᠲᠡᠩᠴᠡᠭᠦᠷᠢᠲᠡᠢ ᠬᠥᠭᠵᠢᠯᠲᠡ ᠶᠢ ᠠᠬᠢᠭᠤᠯᠪᠠ᠃

      ︽ᠰᠢᠯᠢᠳᠡᠭᠵᠢᠭᠦᠯᠬᠦ ᠨᠡᠪᠴᠢᠭᠦᠯᠬᠦ︾ ᠢᠨᠵᠧᠨᠧᠷᠢᠩ ᠢ ᠬᠡᠷᠡᠭᠵᠢᠭᠦᠯᠵᠦ᠂ ᠴᠢᠨᠠᠷᠯᠢᠭ ᠡᠬᠢ ᠪᠠᠶᠠᠯᠢᠭ ᠤᠨ ᠬᠠᠮᠤᠷᠬᠤ

ᠬᠡᠪᠴᠢᠶ᠎ᠡ ᠶᠢ ᠥᠷᠭᠡᠳᠬᠡᠬᠦ ᠶᠢ ᠴᠢᠨᠠᠷᠯᠢᠭ ᠲᠡᠩᠴᠡᠭᠦᠷᠢᠲᠡᠢ ᠪᠠᠶᠢᠬᠤ ᠠᠷᠭ᠎ᠠ ᠵᠠᠮ ᠪᠣᠯᠭᠠᠪᠠ᠃ ︽ᠪᠤᠭᠤᠲᠤ

ᠬᠤᠲᠠ ᠶᠢᠨ ᠰᠤᠷᠭᠠᠨ ᠬᠥᠮᠦᠵᠢᠯ ᠤᠨ ᠪᠥᠯᠦᠭᠵᠢᠭᠦᠯᠦᠨ ᠰᠤᠷᠭᠠᠭᠤᠯᠢ ᠡᠷᠬᠢᠯᠡᠬᠦ ᠥᠭᠡᠷᠡᠴᠢᠯᠡᠯᠲᠡ ᠬᠥᠭᠵᠢᠯᠲᠡ ᠶᠢ

ᠠᠬᠢᠭᠤᠯᠬᠤ ᠲᠤᠬᠠᠢ ᠰᠠᠨᠠᠯ ︵2021 - 2025 ᠣᠨ︶︾ ᠢ ᠨᠡᠶᠢᠲᠡᠯᠡᠵᠦ᠂ ᠠᠷᠠᠳ ᠣᠯᠠᠨ ᠤ ᠭᠡᠷ ᠤᠨ

ᠣᠶᠢᠷᠠᠯᠴᠠᠭ᠎ᠠ ᠪᠠᠶᠢᠭᠤᠯᠤᠭᠰᠠᠨ ᠰᠤᠷᠭᠠᠭᠤᠯᠢ ᠨᠢᠭᠡ ᠪᠦᠷᠢ ᠶᠢ ᠰᠠᠶᠢᠲᠤᠷ ᠡᠷᠬᠢᠯᠡᠬᠦ ᠪᠠᠷ ᠭᠤᠣᠯ ᠰᠢᠪᠲᠤᠯᠬᠤ ᠴᠢᠭᠯᠡᠯ

ᠪᠣᠯᠭᠠᠵᠤ᠂ ᠣᠯᠠᠨ ᠰᠤᠷᠭᠠᠭᠤᠯᠢ ᠬᠠᠮᠵᠢᠯᠴᠠᠬᠤ᠂ ᠣᠷᠣᠨ ᠪᠦᠰᠡ ᠪᠦᠯᠬᠦᠮ ᠪᠠᠶᠢᠭᠤᠯᠬᠤ᠂ ᠠᠳᠠᠯᠢ ᠰᠤᠷᠤᠯᠭ᠎ᠠ ᠶᠢᠨ

ᠱᠠᠲᠤ ᠬᠤᠯᠪᠤᠭᠠᠯᠠᠬᠤ᠂ ᠰᠤᠷᠤᠯᠭ᠎ᠠ ᠶᠢᠨ ᠱᠠᠲᠤ ᠠᠯᠤᠰᠯᠠᠨ ᠬᠤᠯᠪᠣᠭᠠᠯᠠᠬᠤ᠂ ᠨᠠᠶᠢᠳᠠᠨ ᠬᠠᠮᠢᠶᠠᠷᠤᠭᠤᠯᠬᠤ᠂ ᠣᠯᠠᠨ

ᠬᠠᠤᠯᠢ ᠶᠢᠨ ᠡᠷᠬᠡᠲᠦ ᠬᠥᠮᠦᠨ ᠬᠠᠮᠲᠤᠷᠠᠬᠤ᠂ ᠭᠠᠭᠴᠠ ᠬᠠᠤᠯᠢ ᠶᠢᠨ ᠡᠷᠬᠡᠲᠦ ᠬᠥᠮᠦᠨ ᠣᠯᠠᠨ ᠰᠤᠷᠭᠠᠭᠤᠯᠢ ᠶᠢᠨ

ᠲᠣᠭᠤᠷᠢᠭ᠂ ᠶᠢᠰᠦᠨ ᠵᠢᠯ ᠤᠨ ᠳᠦᠷᠢᠮᠲᠦ᠂ ᠠᠷᠪᠠᠨ  ᠬᠤᠶᠠᠷ ᠵᠢᠯ ᠢ ᠨᠢᠭᠡ ᠴᠣᠭᠴᠠᠵᠢᠭᠤᠯᠬᠤ ᠵᠡᠷᠭᠡ ᠣᠯᠠᠨ

ᠵᠦᠢᠯ ᠤᠨ ᠪᠥᠯᠦᠭᠵᠢᠭᠦᠯᠦᠨ ᠰᠤᠷᠭᠠᠭᠤᠯᠢ ᠡᠷᠬᠢᠯᠡᠬᠦ ᠵᠠᠭᠪᠤᠷ ᠢᠶᠠᠷ ᠦᠨᠳᠦᠰᠦᠨ ᠠᠷᠭ᠎ᠠ ᠵᠠᠮ ᠪᠣᠯᠭᠠᠵᠤ᠂ ᠠᠯᠪᠠᠨ

ᠵᠢᠷᠤᠮ ᠤᠨ ᠰᠤᠷᠭᠠᠨ ᠬᠥᠮᠦᠵᠢᠯ  ᠤᠨ ᠪᠥᠯᠦᠭᠵᠢᠭᠦᠯᠦᠭᠰᠡᠨ ᠬᠥᠭᠵᠢᠯᠲᠡ ᠶᠢ ᠠᠬᠢᠭᠤᠯᠵᠤ᠂ ᠪᠠᠭᠤᠷᠠᠢ

ᠰᠤᠷᠭᠠᠭᠤᠯᠢ ᠶᠢ ᠴᠢᠨᠠᠷᠯᠢᠭ ᠣᠨᠴᠠᠯᠢᠭᠲᠤ ᠰᠤᠷᠭᠠᠭᠤᠯᠢ  ᠲᠡᠶᠢᠰᠢ ᠬᠤᠪᠢᠷᠠᠭᠤᠯᠬᠤ ᠶᠢ ᠠᠬᠢᠭᠤᠯᠪᠠ᠃ ᠣᠳᠣ

ᠨᠢᠭᠡᠨᠲᠡ 20 ᠰᠤᠷᠭᠠᠨ ᠬᠥᠮᠦᠵᠢᠯ ᠤᠨ ᠪᠦᠯᠦᠭᠯᠡᠯ ᠢ ᠪᠤᠶᠢᠵᠢᠭᠤᠯᠤᠨ ᠡᠭᠦᠳᠴᠦ᠂ 2025 ᠣᠨ ᠪᠣᠯᠬᠤ ᠳᠤ ᠪᠦᠬᠦ

ᠬᠤᠲᠠ ᠳᠤ ᠬᠠᠮᠤᠭ ᠤᠨ ᠪᠠᠭ᠎ᠠ ᠳᠤ ᠪᠠᠨ 30 ᠰᠤᠷᠭᠠᠨ ᠬᠥᠮᠦᠵᠢᠯ  ᠤᠨ ᠪᠦᠯᠦᠭᠯᠡᠯ ᠢ ᠪᠤᠶᠢᠵᠢᠭᠤᠯᠤᠨ ᠡᠭᠦᠳᠦᠨ

ᠪᠠᠶᠢᠭᠤᠯᠵᠤ᠂ ᠴᠢᠨᠠᠷᠯᠢᠭ ᠰᠤᠷᠭᠠᠨ ᠬᠥᠮᠦᠵᠢᠯ ᠤᠨ ᠡᠬᠢ ᠪᠠᠶᠠᠯᠢᠭ  ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ

ᠭᠦᠢᠴᠡᠳ ᠪᠠᠳᠠᠷᠠᠭᠤᠯᠵᠤ᠂ ᠣᠷᠣᠨ ᠪᠦᠰᠡ᠂ ᠬᠤᠲᠠ ᠬᠥᠳᠡᠭᠡ᠂ ᠰᠤᠷᠭᠠᠭᠤᠯᠢ ᠶᠢᠨ ᠬᠤᠭᠤᠷᠣᠨᠳᠣᠬᠢ ᠵᠥᠷᠢᠶ᠎ᠡ ᠶᠢ

ᠲᠠᠰᠤᠷᠠᠯᠲᠠ ᠥᠬᠡᠶ ᠪᠠᠭᠠᠰᠬᠠᠪᠠ᠃

   

3.png

     ︽ᠲᠣᠭᠠᠨ ᠤ ᠡᠨᠧᠷᠭᠢ ᠣᠯᠭᠤᠬᠤ︾ ᠢᠨᠵᠧᠨᠧᠷᠢᠩ ᠢ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠮᠡᠳᠡᠭᠡ

ᠵᠠᠩᠭᠢᠴᠢᠯᠠᠯᠲᠠ ᠶᠢ ᠴᠢᠨᠠᠷᠯᠢᠭ ᠲᠡᠩᠴᠡᠭᠦᠷᠢᠲᠡᠢ ᠪᠠᠶᠢᠬᠤ ᠠᠴᠢᠶᠠᠯᠠᠪᠤᠷᠢ ᠪᠣᠯᠭᠠᠪᠠ᠃ ᠪᠤᠭᠤᠲᠤ ᠶᠢᠨ ᠰᠤᠷᠭᠠᠨ

ᠬᠥᠮᠦᠵᠢᠯ ᠤᠨ ᠡᠭᠦᠯᠡᠨ ᠲᠠᠪᠴᠠᠩ ᠢ ᠪᠠᠶᠢᠭᠤᠯᠵᠤ᠂ ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢ

ᠬᠠᠮᠤᠷᠤᠭᠰᠠᠨ ︽ᠢᠵᠢᠯ ᠳᠠᠪᠲᠠᠮᠵᠢ ᠪᠠᠷ ᠦᠢᠯᠡᠳᠦᠯᠴᠡᠬᠦ ᠬᠢᠴᠢᠶᠡᠯ︾᠂ ︽ᠨᠡᠷᠡᠲᠦ ᠪᠠᠭᠰᠢ ᠶᠢᠨ          

ᠬᠠᠷᠠᠭᠠᠰᠤ︾᠂ ︽ᠨᠡᠷᠡᠲᠦ ᠰᠤᠷᠭᠠᠭᠤᠯᠢ ᠶᠢᠨ ᠰᠦᠯᠵᠢᠶᠡᠨ ᠤ ᠬᠢᠴᠢᠶᠡᠯ︾ ᠵᠡᠷᠭᠡ ᠠᠯᠤᠰ ᠡᠵᠡᠮᠰᠢᠯᠲᠦ

ᠰᠦᠯᠵᠢᠶᠡᠨ ᠤ ᠬᠢᠴᠢᠶᠡᠯ ᠪᠠ ︽ᠵᠠᠯᠠᠭᠤ ᠨᠠᠰᠤᠨ ᠤ ᠵᠠᠮᠴᠢᠯᠠᠭᠴᠢ︾ ᠭᠡᠬᠦ ᠰᠡᠳᠬᠢᠴᠡ ᠶᠢᠨ ᠡᠷᠡᠭᠦᠯ ᠮᠡᠨᠳᠦ ᠶᠢᠨ

ᠨᠡᠶᠢᠲᠡ ᠶᠢᠨ ᠠᠰᠠᠷᠠᠮᠵᠢ ᠶᠢᠨ ᠤᠲᠠᠰᠤ ᠶᠢ ᠨᠡᠭᠡᠭᠡᠪᠡ᠃ ᠲᠣᠭᠠᠵᠢᠭᠤᠯᠤᠭᠰᠠᠨ ᠥᠭᠡᠷᠡᠴᠢᠯᠡᠯᠲᠡ ᠪᠠᠷ ᠵᠢᠯᠣᠭᠤᠳᠤᠮᠵᠢ

ᠪᠣᠯᠭᠠᠵᠤ᠂ ᠲᠣᠭᠠᠵᠢᠭᠰᠠᠨ ᠲᠤᠷᠰᠢᠯᠲᠠ ᠶᠢᠨ ᠲᠠᠰᠤᠭ᠂ ᠵᠢᠱᠢᠮᠡᠭ ᠳᠠᠳᠤᠯᠭ᠎ᠠ ᠪᠣᠯᠪᠠᠰᠤᠷᠠᠯ ᠤᠨ ᠣᠷᠴᠢᠨ᠂

ᠲᠣᠭᠠᠵᠢᠭᠰᠠᠨ ᠲᠠᠯᠠᠪᠤᠷ ᠣᠷᠳᠣᠨ ᠪᠣᠯᠤᠨ ᠣᠶᠤᠨᠴᠢ ᠰᠤᠷᠤᠯᠴᠠᠯᠭ᠎ᠠ ᠵᠡᠷᠭᠡ ᠣᠶᠤᠨᠴᠢ ᠠᠬᠤᠢ ᠲᠠᠯᠠᠪᠠᠢ ᠶᠢᠨ

ᠪᠦᠲᠦᠭᠡᠨ ᠪᠠᠶᠢᠭᠤᠯᠤᠯᠲᠠ  ᠶᠢ ᠠᠬᠢᠭᠤᠯᠵᠤ᠂ ᠪᠣᠳᠠᠰ ᠤᠨ ᠬᠤᠯᠪᠤᠭᠠᠨ ᠤ ᠰᠦᠯᠵᠢᠶ᠎ᠡ ᠳᠤ ᠰᠠᠭᠤᠷᠢᠯᠠᠭᠰᠠᠨ          

ᠣᠶᠤᠨᠴᠢ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠵᠤ᠂ ︽ᠢᠨᠲ᠋ᠧᠷ ᠰᠦᠯᠵᠢᠶ᠎ᠡ + ᠰᠤᠷᠭᠠᠨ ᠬᠥᠮᠦᠵᠢᠯ︾ ᠤᠨ

ᠣᠶᠤᠨᠴᠢ ᠰᠤᠷᠭᠠᠭᠤᠯᠢ ᠶᠢᠨ ᠬᠦᠷᠢᠶᠡᠨ  ᠤ ᠢᠷᠡᠭᠡᠳᠦᠢ  ᠶᠢᠨ ᠬᠡᠪ ᠳᠠᠭᠤᠷᠢᠶᠠᠯ ᠰᠤᠷᠭᠠᠭᠤᠯᠢ ᠶᠢ ᠡᠭᠦᠳᠦᠨ 

ᠪᠠᠶᠢᠭᠤᠯᠪᠠ᠃ ᠬᠥᠳᠡᠭᠡ ᠲᠣᠰᠬᠤᠨ ᠤ ᠰᠤᠷᠭᠠᠨ ᠬᠥᠮᠦᠵᠢᠯ  ᠢ ᠬᠥᠭᠵᠢᠭᠦᠯᠦᠨ ᠮᠠᠨᠳᠤᠭᠤᠯᠬᠤ ᠲᠣᠭᠠᠵᠢᠭᠰᠠᠨ

ᠰᠤᠷᠭᠠᠭᠤᠯᠢ ᠶᠢᠨ ᠬᠦᠷᠢᠶᠡᠨ ᠤ ᠳᠠᠭᠤᠷᠢᠶᠠᠯ ᠦᠵᠡᠭᠦᠯᠬᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ  ᠶᠢ ᠪᠦᠬᠦ

ᠬᠦᠴᠦᠨ ᠢᠶᠠᠷ ᠠᠬᠢᠭᠤᠯᠵᠤ᠂ ᠪᠥᠬᠦ ᠰᠤᠷᠭᠠᠭᠤᠯᠢ ᠳᠤ ᠮᠡᠳᠡᠭᠡ ᠵᠠᠩᠭᠢᠴᠢᠯᠠᠯᠲᠠ ᠶᠢᠨ ᠬᠡᠷᠡᠭᠯᠡᠯᠲᠡ ᠶᠢ ᠪᠡᠶᠡᠯᠡᠭᠦᠯᠵᠦ᠂

ᠣᠨᠴᠠᠭᠠᠶᠢᠯᠠᠨ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠤᠨ

ᠬᠡᠷᠡᠭᠯᠡᠯᠲᠡ ᠶᠢ ᠠᠬᠢᠭᠤᠯᠵᠤ᠂ ᠲᠣᠭᠠᠵᠢᠭᠰᠠᠨ ᠰᠤᠷᠭᠠᠨ ᠬᠥᠮᠦᠵᠢᠯ ᠢ ᠠᠬᠢᠭᠤᠯᠤᠨ᠂ ᠥᠪᠡᠷᠮᠢᠴᠡ ᠰᠤᠷᠤᠯᠴᠠᠬᠤ᠂

ᠨᠠᠰᠤᠨ ᠲᠤᠷᠰᠢᠳᠠ ᠰᠤᠷᠤᠯᠴᠠᠬᠤ᠂ ᠴᠢᠨᠠᠷᠯᠢᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠪᠠ

ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠥᠷᠭᠡᠳᠬᠡᠬᠦ ᠳᠤ ᠪᠦᠲᠦᠮᠵᠢᠲᠡᠢ ᠠᠴᠢᠶᠠᠯᠠᠪᠤᠷᠢ ᠬᠠᠩᠭᠠᠪᠠ᠃

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map