ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ᠄ ᠪᠦᠬᠦ ᠬᠦᠴᠦᠨ ᠢᠶᠠᠷ ︽ᠬᠠᠮᠠᠭᠠᠯᠠᠵᠤ︾᠂ ᠰᠤᠷᠭᠠᠭᠤᠯᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠬᠦ ᠲᠠᠯ᠎ᠠ ᠪᠠᠷ ᠪᠠᠬᠢᠵᠢᠭᠦᠯᠪᠡ
ᠨᠡᠶᠢᠲᠡᠯᠡᠭᠰᠡᠨ ᠴᠠᠭ᠄
2024/4/11
      ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ 2023 ᠣᠨ ᠤ ᠪᠦᠬᠦ ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠬᠦᠷᠢᠶᠡᠨ ᠳᠠᠬᠢ ᠦᠢᠯᠡᠳᠦᠯᠭᠡ ᠶᠢᠨ ᠰᠢᠨ᠎ᠡ ᠶᠢ ᠡᠭᠦᠳᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠵᠦ᠂ ᠮᠠᠨ ᠤ ᠣᠷᠣᠨ ᠤ 2 ᠬᠡᠷᠡᠭ ᠤᠨ ᠵᠢᠱᠢᠶ᠎ᠡ ᠰᠣᠩᠭᠤᠭᠳᠠᠪᠠ᠃ ᠥᠪᠥᠷ ᠮᠣᠩᠭᠤᠯ ᠤᠨ ᠰᠤᠷᠭᠠᠨ ᠬᠥᠮᠦᠵᠢᠯ ᠨᠡᠶᠢᠲᠡᠯᠡᠯ ᠲᠤᠰᠬᠠᠢ ᠪᠤᠯᠤᠩ ᠭᠠᠷᠭᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠤᠬᠠᠭᠤᠯᠤᠨ ᠳᠡᠯᠭᠡᠷᠡᠭᠦᠯᠵᠦ᠂ ᠰᠠᠭᠤᠷᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠤᠨ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠦᠨᠳᠦᠰᠦᠨ ᠴᠡᠭ ᠤᠨ ᠦᠢᠯᠡᠳᠦᠯ ᠢ ᠪᠠᠲᠤᠳᠬᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠠᠭᠤᠷᠢ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠪᠡ᠃          ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ᠄ ᠪᠦᠬᠦ ᠬᠦᠴᠦᠨ ᠢᠶᠠᠷ ︽ᠬᠠᠮᠠᠭᠠᠯᠠᠵᠤ︾᠂       ᠰᠤᠷᠭᠠᠭᠤᠯᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠬᠦ ᠲᠠᠯ᠎ᠠ ᠪᠠᠷ ᠪᠠᠬᠢᠵᠢᠭᠦᠯᠪᠡ               ᠣᠶᠢᠷ᠎ᠠ ᠶᠢᠨ ᠵᠢᠯ᠂ ᠬᠢᠶ᠎ᠠ ᠪᠠᠭᠰᠢ ᠲᠣᠭᠤᠷᠢᠭ ︽ᠨᠠᠷᠢᠯᠢᠭ ᠬᠠᠮᠢᠶᠠᠷᠬᠤ᠂ ᠰᠡᠷᠭᠡᠶᠢᠯᠡᠯᠲᠡ ᠶᠢ ᠪᠠᠬᠢᠵᠢᠭᠦᠯᠬᠦ᠂ ᠬᠤᠷᠢᠭ᠎ᠠ ᠱᠤᠭᠤᠮ ᠢ ᠰᠠᠬᠢᠬᠤ᠂ ᠠᠮᠤᠷ ᠲᠠᠶᠢᠪᠤᠭᠤᠨ ᠰᠤᠷᠭᠠᠭᠤᠯᠢ ᠶᠢᠨ ᠬᠦᠷᠢᠶ᠎ᠡ ᠶᠢ ᠬᠠᠮᠲᠤ ᠳᠤ ᠪᠠᠨ           ᠪᠠᠶᠢᠭᠤᠯᠬᠤ︾ ᠠᠵᠢᠯ ᠤᠨ ᠰᠡᠳᠬᠢᠮᠵᠢ ᠶᠣᠰᠣᠭᠠᠷ᠂ ︽ᠭᠤᠷᠪᠠᠨ ᠰᠦᠯᠵᠢᠶ᠎ᠡ︾᠂ ︽ᠭᠤᠷᠪᠠᠵᠢᠭᠤᠯᠤᠭᠰᠠᠨ           ᠬᠠᠮᠢᠶᠠᠷᠤᠯᠲᠠ︾᠂ ︽ᠲᠥᠷᠪᠡᠨ ᠵᠦᠢᠯ ᠤᠨ ᠪᠠᠶᠢᠭᠤᠯᠤᠯᠲᠠ︾᠂ ︽ᠲᠠᠪᠤᠨ ᠬᠥᠮᠦᠵᠢᠯ︾᠂ ︽ᠣᠯᠠᠨ ᠵᠦᠢᠯ ᠤᠨ           ᠠᠷᠭ᠎ᠠ ᠶᠢ ᠵᠡᠷᠭᠡ ᠪᠠᠷ ᠬᠡᠷᠡᠭᠵᠢᠭᠦᠯᠬᠦ︾ ᠶᠢᠨ ︽3 + 3 + 4 + 5 + n︾ ᠠᠵᠢᠯ ᠤᠨ ᠵᠠᠭᠪᠤᠷ ᠢ ᠢᠳᠡᠪᠬᠢᠲᠡᠢ ᠬᠡᠷᠡᠭᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠴᠠ ᠶᠢ ᠰᠦᠪᠡᠭᠴᠢᠯᠡᠨ ᠲᠡᠭᠦᠯᠳᠡᠷᠵᠢᠭᠦᠯᠵᠦ᠂ ᠠᠵᠢᠯ ᠤᠨ ᠠᠷᠭ᠎ᠠ ᠪᠣᠳᠤᠯᠭ᠎ᠠ ᠪᠠᠨ ᠲᠠᠰᠤᠷᠠᠯᠲᠠ ᠦᠭᠡᠢ ᠴᠢᠩᠭᠠᠳᠬᠠᠨ᠂ ᠠᠵᠢᠯ ᠤᠨ ᠠᠷᠭ᠎ᠠ ᠬᠡᠯᠪᠡᠷᠢ ᠪᠠᠨ ᠰᠢᠨᠡᠴᠢᠯᠡᠵᠦ᠂ ᠵᠠᠰᠠᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠦᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠦᠬᠦ ᠲᠠᠯ᠎ᠠ ᠪᠠᠷ ᠪᠠᠬᠢᠵᠢᠭᠦᠯᠵᠦ᠂ ᠰᠤᠷᠤᠭᠴᠢᠳ ᠰᠤᠷᠭᠠᠭᠤᠯᠢ ᠳᠤ ᠪᠠᠨ ᠰᠠᠨᠠᠭ᠎ᠠ ᠠᠮᠤᠷ᠂ ᠠᠮᠤᠷ ᠲᠦᠪᠰᠢᠨ ᠦᠰᠦᠨ ᠪᠣᠶᠢᠵᠢᠬᠤ ᠶᠢ ᠠᠬᠢᠭᠤᠯᠪᠠ᠃   

1.jpg

      ︽ᠭᠤᠷᠪᠠᠨ ᠰᠦᠯᠵᠢᠶ᠎ᠡ︾ ᠢ ᠰᠠᠶᠢᠲᠤᠷ ᠡᠵᠡᠮᠳᠡᠵᠦ᠂ ᠰᠤᠷᠭᠠᠭᠤᠯᠢ ᠶᠢᠨ

      ᠬᠦᠷᠢᠶᠡᠨ  ᠤ ︽ᠠᠮᠤᠷ ᠲᠦᠪᠰᠢᠨ︾ ᠢ ᠴᠢᠩᠭ᠎ᠠ ᠠᠳᠬᠤᠪᠠ

      ︽ᠬᠠᠮᠢᠶᠠᠷᠬᠤ︾ ᠲᠣᠭᠲᠠᠴᠠ ᠶᠢ ᠪᠣᠳᠠᠲᠠᠶᠢᠵᠢᠭᠤᠯᠵᠤ᠂ ︽ᠬᠠᠷᠢᠭᠤᠴᠠᠯᠭ᠎ᠠ ᠶᠢᠨ ᠲᠣᠣᠷ︾ ᠢ          

ᠪᠠᠬᠢᠵᠢᠭᠦᠯᠪᠡ᠃ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠶᠢ ᠲᠣᠳᠣᠷᠬᠠᠶᠢᠯᠠᠵᠤ᠂ ᠭᠤᠷᠪᠠ ᠶᠢ

ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ ᠵᠠᠷᠴᠢᠮ ᠶᠣᠰᠣᠭᠠᠷ᠂ ᠤᠳᠤᠷᠢᠳᠤᠯᠭ᠎ᠠ ᠰᠤᠷᠭᠠᠭᠤᠯᠢ ᠲᠠᠢ 

ᠬᠠᠷᠢᠯᠴᠠᠬᠤ ᠪᠠ ᠺᠠᠳ᠋ᠷ ᠰᠤᠷᠭᠠᠭᠤᠯᠢ ᠶᠢ ᠳᠠᠭᠠᠭᠠᠴᠢᠯᠠᠬᠤ ᠠᠮᠤᠷ ᠲᠦᠪᠰᠢᠨ ᠤ ᠠᠵᠢᠯ ᠤᠨ ᠲᠣᠭᠲᠠᠴᠠ ᠶᠢ

ᠬᠡᠷᠡᠭᠵᠢᠭᠦᠯᠵᠦ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠲᠣᠭᠲᠠᠭᠠᠨ᠂ ᠠᠮᠤᠷ ᠲᠦᠪᠰᠢᠨ  ᠤ

ᠬᠠᠷᠢᠭᠤᠴᠠᠯᠭ᠎ᠠ ᠶᠢ ᠱᠠᠲᠤ ᠳᠠᠷᠠᠭᠠᠯᠠᠨ ᠬᠤᠪᠢᠶᠠᠷᠢᠯᠠᠵᠤ᠂ ᠰᠦᠯᠵᠢᠶᠡᠵᠢᠭᠦᠯᠦᠭᠰᠡᠨ ᠬᠠᠮᠢᠶᠠᠷᠤᠯᠲᠠ ᠶᠢᠨ

ᠳᠣᠭᠲᠠᠯᠴᠠᠭ᠎ᠠ ᠶᠢ ᠪᠠᠶᠢᠭᠤᠯᠤᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ  ᠢ ᠬᠠᠮᠢᠶᠠᠷᠬᠤ

ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃ ᠰᠤᠷᠭᠠᠭᠤᠯᠢ ᠶᠢᠨ ᠱᠠᠲᠤᠨ ᠳᠤ          

ᠰᠤᠷᠭᠠᠭᠤᠯᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠰᠤᠷᠭᠠᠭᠤᠯᠢ

︽ᠳᠤᠮᠳᠠᠳᠤ ᠪᠠᠭ᠎ᠠ ᠰᠤᠷᠭᠠᠭᠤᠯᠢ ᠶᠢᠨ ᠠᠵᠢᠯ ᠤᠨ ᠪᠠᠶᠢᠷᠢ ᠶᠢᠨ ᠠᠮᠤᠷ ᠲᠦᠪᠰᠢᠨ ᠤ ᠠᠵᠢᠯ ᠤᠨ ᠵᠦᠭᠯᠡᠭᠦᠷ︾ ᠢ

ᠴᠢᠩᠭ᠎ᠠ ᠨᠠᠶᠢᠳᠠᠪᠤᠷᠢᠵᠢᠭᠤᠯᠤᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠨᠢᠭᠡᠳ          

ᠨᠢᠭᠡ ᠪᠠᠷ ᠰᠤᠷᠭᠠᠭᠤᠯᠢ ᠶᠢᠨ ᠠᠵᠢᠯ ᠤᠨ ᠡᠯ᠎ᠡ ᠠᠵᠢᠯ ᠤᠨ ᠪᠠᠶᠢᠷᠢ ᠳᠤ ᠬᠤᠪᠢᠶᠠᠷᠢᠯᠠᠨ ᠨᠠᠶᠢᠳᠠᠪᠤᠷᠢᠵᠢᠭᠤᠯᠵᠤ᠂

ᠠᠮᠤᠷ ᠲᠦᠪᠰᠢᠨ ᠤ ᠬᠠᠷᠢᠭᠤᠴᠠᠯᠭ᠎ᠠ ᠪᠦᠬᠦᠨ ᠢ ᠬᠠᠮᠤᠷᠴᠤ᠂ ᠵᠠᠢ ᠵᠠᠪᠰᠠᠷ ᠦᠭᠡᠢ ᠪᠠᠶᠢᠬᠤ ᠶᠢ          

ᠪᠡᠶᠡᠯᠡᠭᠦᠯᠪᠡ᠃ ᠬᠠᠷᠢᠭᠤᠴᠠᠯᠭ᠎ᠠ ᠨᠡᠬᠡᠮᠵᠢᠯᠡᠵᠦ ᠦᠷ᠎ᠡ ᠪᠦᠲᠦᠮᠵᠢ ᠠᠰᠠᠭᠤᠬᠤ ᠲᠣᠭᠲᠠᠴᠠ ᠶᠢ ᠨᠠᠶᠢᠳᠠᠪᠤᠷᠢᠵᠢᠭᠤᠯᠤᠨ᠂

︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠨᠠᠶᠢᠳᠠᠪᠤᠷᠢᠵᠢᠭᠤᠯᠤᠭᠰᠠᠨ ᠰᠠᠭᠤᠷᠢᠨ

ᠳᠡᠭᠡᠷ᠎ᠡ ︽ᠬᠠᠷᠢᠭᠤᠴᠠᠯᠭ᠎ᠠ ᠶᠢ ᠬᠥᠮᠦᠨ ᠳᠤ ᠨᠠᠶᠢᠳᠠᠪᠤᠷᠢᠵᠢᠭᠤᠯᠵᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ᠂

ᠡᠴᠦᠰ ᠲᠤ ᠨᠢ ᠲᠤᠯᠲᠠᠯ᠎ᠠ ᠨᠡᠬᠡᠮᠵᠢᠯᠡᠬᠦ︾ ᠵᠠᠷᠴᠢᠮ ᠢ ᠪᠠᠷᠢᠮᠲᠠᠯᠠᠨ᠂ ᠡᠳᠦᠷ ᠲᠤᠲᠤᠮ ᠤᠨ ᠦᠨᠡᠯᠡᠬᠦ ᠶᠢ ᠰᠤᠷᠤᠯᠭ᠎ᠠ 

 ᠶᠢᠨ ᠬᠤᠭᠤᠴᠠᠭᠠᠨ ᠤ ᠬᠢᠨᠠᠨ ᠵᠢᠯᠣᠭᠤᠳᠴᠤ ᠰᠢᠯᠭᠠᠨ ᠬᠢᠨᠠᠬᠤ ᠯᠤᠭ᠎ᠠ ᠤᠶᠠᠯᠳᠤᠭᠤᠯᠵᠤ᠂ ᠠᠮᠤᠷ ᠲᠦᠪᠰᠢᠨ ᠢ ᠬᠢᠨᠠᠨ

ᠰᠢᠯᠭᠠᠭᠰᠠᠨ ᠦᠷ᠎ᠡ ᠳ᠋ᠦᠩ ᠢ ᠰᠤᠷᠭᠠᠭᠤᠯᠢ  ᠶᠢ ᠬᠢᠨᠠᠨ ᠰᠢᠯᠭᠠᠬᠤ  ᠯᠤᠭ᠎ᠠ ᠬᠤᠯᠪᠣᠭᠳᠠᠭᠤᠯᠬᠤ ᠠᠷᠭ᠎ᠠ ᠶᠢ

ᠬᠡᠷᠡᠭᠵᠢᠭᠦᠯᠦᠨ᠂ ᠡᠭᠦᠨ ᠤ ᠤᠯᠠᠮ ᠠᠴᠠ ᠴᠡᠭ ᠪᠠ ᠨᠡᠶᠢᠳᠡᠮ ᠢ ᠤᠶᠠᠯᠳᠤᠭᠤᠯᠤᠭᠰᠠᠨ᠂ ᠪᠦᠬᠦ ᠠᠵᠢᠯᠲᠠᠨ

ᠣᠷᠣᠯᠴᠠᠭᠰᠠᠨ᠂ ᠪᠦᠬᠦᠯᠢ ᠴᠣᠭᠴᠠ ᠪᠠᠷ ᠬᠠᠮᠲᠤᠷᠠᠨ ᠬᠥᠳᠡᠯᠦᠯᠴᠡᠭᠰᠡᠨ ᠤᠳᠠᠭᠠᠨ ᠳᠠᠭᠠᠭᠠᠮᠠᠭᠠᠢ ᠪᠦᠲᠦᠮᠵᠢᠲᠡᠢ

ᠲᠣᠭᠲᠠᠴᠠ ᠶᠢ ᠪᠠᠶᠢᠭᠤᠯᠵᠤ᠂ ᠰᠤᠷᠭᠠᠭᠤᠯᠢ ᠶᠢᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ  ᠶᠢ

ᠴᠢᠩᠭᠠᠷᠠᠭᠤᠯᠤᠨ᠂ ᠡᠯ᠎ᠡ ᠲᠥᠷᠥᠯ ᠤᠨ ᠠᠮᠤᠷ ᠲᠦᠪᠰᠢᠨ ᠤ ᠠᠳᠠᠯ ᠭᠠᠷᠬᠤ ᠶᠢ ᠡᠷᠡᠰ ᠰᠡᠷᠭᠡᠶᠢᠯᠡᠪᠡ᠃

      ︽ᠳᠠᠯᠳᠠ ᠭᠡᠮ︾ ᠢ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ︽ᠵᠢᠭᠰᠠᠭᠠᠨ ᠪᠠᠶᠢᠴᠠᠭᠠᠬᠤ ᠲᠣᠣᠷ︾ ᠢ

ᠨᠢᠭᠲᠠ ᠰᠦᠯᠵᠢᠪᠡ᠃ ᠠᠩᠭᠢ ᠨᠢᠭᠡᠴᠢ᠂ ᠵᠢᠵᠢᠭᠦᠷᠯᠡᠭᠴᠢ᠂ ᠬᠤᠪᠢᠳᠠᠨ ᠬᠠᠮᠢᠶᠠᠷᠤᠭᠴᠢ᠂ ᠤᠳᠤᠷᠢᠳᠬᠤ ᠳᠤᠭᠤᠶᠢᠯᠠᠩ

ᠵᠡᠷᠭᠡ ᠳᠥᠷᠪᠡᠨ ᠵᠢᠭᠰᠠᠭᠠᠨ ᠪᠠᠶᠢᠴᠠᠭᠠᠬᠤ ᠰᠦᠪᠡᠭᠴᠢ ᠪᠠᠷ ᠭᠤᠣᠯᠳᠠᠯᠭ᠎ᠠ ᠪᠣᠯᠭᠠᠵᠤ᠂ ᠡᠳᠦᠷ ᠢᠶᠠᠷ ᠵᠢᠭᠰᠠᠭᠠᠨ

ᠪᠠᠶᠢᠴᠠᠭᠠᠬᠤ᠂ ᠭᠠᠷᠠᠭ ᠢᠶᠠᠷ ᠵᠢᠭᠰᠠᠭᠠᠨ ᠪᠠᠶᠢᠴᠠᠭᠠᠬᠤ᠂ ᠰᠠᠷ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠬᠡ

ᠳᠠᠩᠰᠠ ᠶᠢ ᠪᠠᠶᠢᠭᠤᠯᠤᠨ ᠲᠡᠭᠦᠯᠳᠡᠷᠵᠢᠭᠦᠯᠵᠦ᠂ ᠴᠡᠭᠴᠡᠯᠡᠨ ᠰᠠᠶᠢᠵᠢᠷᠠᠭᠤᠯᠵᠤ ᠳ᠋ᠤᠭᠠᠷ ᠬᠠᠰᠤᠬᠤ ᠬᠠᠮᠢᠶᠠᠷᠤᠯᠲᠠ ᠶᠢ

ᠨᠠᠶᠢᠳᠠᠪᠤᠷᠢᠵᠢᠭᠤᠯᠪᠠ᠃ ᠲᠣᠭᠲᠠᠮᠠᠯ ᠬᠤᠭᠤᠴᠠᠭ᠎ᠠ ᠲᠠᠢ ᠵᠢᠭᠰᠠᠭᠠᠨ ᠪᠠᠶᠢᠴᠠᠭᠠᠬᠤ ᠪᠠ ᠲᠠᠰᠢᠷᠠᠮ ᠢᠶᠠᠷ ᠵᠢᠭᠰᠠᠭᠠᠨ

ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠤᠭᠰᠠᠨ᠂ ᠭᠤᠣᠯᠳᠠᠯᠭ᠎ᠠ ᠲᠠᠢ ᠴᠠᠭ ᠬᠤᠭᠤᠴᠠᠭᠠᠨ ᠳᠤ ᠵᠢᠭᠰᠠᠭᠠᠨ

ᠪᠠᠶᠢᠴᠠᠭᠠᠬᠤ ᠪᠠ ᠭᠤᠣᠯᠳᠠᠯᠭ᠎ᠠ ᠲᠠᠢ ᠣᠷᠣᠨ ᠪᠠᠶᠢᠷᠢ ᠶᠢ ᠵᠢᠭᠰᠠᠭᠠᠨ ᠪᠠᠶᠢᠴᠠᠭᠠᠬᠤ ᠶᠢ ᠬᠠᠷᠢᠯᠴᠠᠨ

ᠤᠶᠠᠯᠳᠤᠭᠤᠯᠤᠭᠰᠠᠨ᠂ ᠠᠮᠤᠷ ᠲᠦᠪᠰᠢᠨ ᠢ ᠵᠢᠭᠰᠠᠭᠠᠨ ᠪᠠᠶᠢᠴᠠᠭᠠᠬᠤ ᠪᠠ ᠡᠳᠦᠷ ᠲᠤᠲᠤᠮ ᠤᠨ ᠰᠢᠯᠭᠠᠨ ᠬᠢᠨᠠᠬᠤ ᠶᠢ

ᠬᠠᠷᠢᠯᠴᠠᠨ ᠤᠶᠠᠯᠳᠤᠭᠤᠯᠤᠭᠰᠠᠨ ᠬᠠᠷᠢᠭᠤᠴᠠᠯᠭᠠᠲᠤ ᠰᠢᠯᠭᠠᠨ ᠦᠨᠡᠯᠡᠬᠦ ᠲᠣᠭᠲᠠᠴᠠ ᠶᠢ ᠬᠡᠷᠡᠭᠵᠢᠭᠦᠯᠵᠦ᠂ ᠪᠥᠬᠦᠨ ᠢ

ᠬᠠᠮᠤᠷᠤᠭᠰᠠᠨ ᠰᠤᠷᠭᠠᠭᠤᠯᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠬᠤ ᠲᠣᠣᠷ ᠢ ᠪᠠᠶᠢᠭᠤᠯᠪᠠ᠃

      ︽ᠰᠡᠷᠭᠡᠶᠢᠯᠡᠬᠦ︾ ᠪᠠᠶᠢᠭᠤᠯᠤᠯᠲᠠ ᠶᠢ ᠴᠢᠩᠭᠠᠳᠬᠠᠵᠤ᠂ ︽ᠰᠠᠭᠤᠷᠢ ᠲᠣᠣᠷ︾ ᠢ ᠪᠠᠬᠢᠵᠢᠭᠦᠯᠪᠡ᠃ ᠳᠤᠮᠳᠠᠳᠤ

ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂

ᠮᠡᠷᠭᠡᠵᠢᠯ ᠢᠶᠠᠷ ᠰᠡᠷᠭᠡᠶᠢᠯᠡᠬᠦ ᠪᠠᠶᠢᠭᠤᠯᠤᠯᠲᠠ ᠶᠢ ᠴᠢᠩᠭᠠᠳᠬᠠᠵᠤ᠂ ᠠᠮᠤᠷ ᠢ ᠬᠠᠮᠠᠭᠠᠯᠠᠬᠤ ᠠᠵᠢᠯᠲᠠᠨ ᠢ ᠲᠤᠰᠬᠠᠢ

ᠳᠤᠰᠢᠶᠠᠯᠵᠢᠭᠤᠯᠬᠤ᠂ ᠬᠦᠴᠦᠷᠬᠡᠭᠯᠡᠯ ᠢ ᠰᠡᠷᠭᠡᠶᠢᠯᠡᠬᠦ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠶᠢ

ᠪᠠᠷᠢᠮᠵᠢᠶᠠᠵᠢᠭᠤᠯᠬᠤ᠂ ᠠᠮᠤᠷ ᠲᠦᠪᠰᠢᠨ ᠤ ᠰᠡᠷᠭᠡᠶᠢᠯᠡᠯᠲᠡ ᠶᠢ ᠮᠡᠷᠭᠡᠵᠢᠯᠵᠢᠭᠦᠯᠬᠦ ᠶᠢ ᠪᠡᠶᠡᠯᠡᠭᠦᠯᠪᠡ᠃ ︽ᠳᠥᠷᠪᠡ ᠶᠢ

ᠨᠢᠭᠡ ᠴᠣᠭᠴᠠᠵᠢᠭᠤᠯᠬᠤ︾ ᠰᠤᠷᠤᠭᠴᠢ ᠶᠢ ᠬᠠᠮᠠᠭᠠᠯᠠᠬᠤ ᠠᠵᠢᠯ ᠤᠨ ᠪᠠᠶᠢᠷᠢ᠂ ᠪᠢᠴᠢᠯ ᠬᠡᠯᠪᠡᠷᠢ ᠶᠢᠨ ᠭᠠᠯ

ᠤᠨᠲᠠᠷᠠᠭᠠᠬᠤ ᠥᠷᠲᠡᠭᠡ᠂ ᠡᠭᠦᠳᠡᠨ ᠡᠮᠦᠨᠡᠬᠢ ᠬᠤᠷᠳᠤᠴᠠ ᠪᠠᠭᠤᠷᠠᠭᠤᠯᠬᠤ ᠪᠦᠰᠡ᠂ ᠰᠡᠷᠡᠮᠵᠢᠯᠡᠭᠦᠯᠬᠦ ᠫᠠᠶᠢᠰᠠ ᠵᠢᠴᠢ

ᠮᠥᠷᠭᠦᠬᠦ ᠶᠢ ᠰᠡᠷᠭᠡᠶᠢᠯᠡᠬᠦ  ᠲᠤᠯᠭᠠᠭᠤᠷ ᠢ ᠲᠣᠬᠢᠷᠠᠭᠤᠯᠵᠤ᠂ ︽ᠨᠢᠭᠡ ᠳᠠᠷᠤᠪᠴᠢ ᠪᠠᠷ ᠲᠦᠭᠰᠢᠭᠦᠷᠢ        

ᠮᠡᠳᠡᠭᠦᠯᠬᠦ︾ ᠰᠢᠰᠲ᠋ᠧᠮ ᠢ ᠤᠭᠰᠠᠷᠠᠨ᠂ ᠭᠤᠣᠯᠳᠠᠯᠭ᠎ᠠ ᠲᠠᠢ ᠬᠡᠰᠡᠭ ᠲᠤ ᠡᠯᠧᠺᠲᠷᠣᠨ ᠬᠢᠨᠠᠨ ᠡᠵᠡᠮᠳᠡᠬᠦ ᠰᠢᠰᠲ᠋ᠧᠮ

ᠤᠭᠰᠠᠷᠠᠬᠤ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ  ᠢ

ᠰᠡᠷᠭᠡᠶᠢᠯᠡᠬᠦ ᠳᠣᠭᠲᠠᠯᠴᠠᠭ᠎ᠠ ᠶᠢ ᠪᠠᠶᠢᠭᠤᠯᠪᠠ᠃

   

      ︽ᠳᠥᠷᠪᠡᠵᠢᠭᠦᠯᠦᠯᠲᠡ︾ ᠶᠢ ᠪᠣᠳᠠᠲᠠᠢ ᠠᠳᠬᠤᠵᠤ᠂ ᠰᠤᠷᠭᠠᠭᠤᠯᠢ ᠶᠢᠨ

      ᠬᠦᠷᠢᠶᠡᠨ  ᠤ ︽ᠠᠮᠤᠷ ᠲᠦᠪᠰᠢᠨ ᠤ ᠨᠡᠭᠡᠯᠡᠬᠡᠢ︾ ᠶᠢ ᠴᠢᠩᠭᠠᠷᠠᠭᠤᠯᠪᠠ

      ᠠᠮᠤᠷ ᠲᠦᠪᠰᠢᠨ ᠤ ᠳᠣᠭᠲᠠᠯᠴᠠᠭ᠎ᠠ ᠶᠢ ᠲᠣᠣᠷᠵᠢᠭᠤᠯᠪᠠ᠃ ᠬᠢᠶ᠎ᠠ ᠪᠠᠭᠰᠢ ᠲᠣᠭᠤᠷᠢᠭ ᠤᠨ ᠰᠤᠷᠭᠠᠨ

ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ︽ᠳᠣᠪᠴᠢᠶᠠᠨ ᠤ ᠤᠳᠤᠷᠢᠳᠤᠯᠭ᠎ᠠ ᠬᠡᠰᠡᠭ ᠪᠥᠯᠦᠭ ᠲᠠᠢ ᠬᠠᠷᠢᠯᠴᠠᠵᠤ᠂

ᠪᠠᠶᠢᠭᠤᠯᠭ᠎ᠠ ᠶᠢᠨ ᠺᠠᠳ᠋ᠷ ᠰᠤᠷᠭᠠᠭᠤᠯᠢ ᠶᠢ ᠳᠠᠭᠠᠭᠠᠴᠢᠯᠠᠵᠤ᠂ ᠪᠠᠭᠰᠢ ᠰᠤᠷᠤᠭᠴᠢ ᠶᠢ ᠳᠠᠭᠠᠭᠠᠴᠢᠯᠠᠬᠤ︾ ᠭᠤᠷᠪᠠᠨ

ᠱᠠᠲᠤᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠲᠣᠣᠷ ᠢ ᠪᠠᠶᠢᠭᠤᠯᠵᠤ᠂ ᠰᠤᠷᠭᠠᠭᠤᠯᠢ

 ᠶᠢᠨ ᠳᠣᠲᠣᠷᠠᠬᠢ ᠡᠳᠦᠷ ᠲᠤᠲᠤᠮ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠠᠵᠢᠯ ᠤᠨ ᠪᠠᠶᠢᠷᠢ ᠨᠢᠭᠡ

ᠪᠦᠷᠢ᠂ ᠠᠵᠢᠯᠲᠠᠨ ᠨᠢᠭᠡ ᠪᠦᠷᠢ᠂ ᠤᠳᠠᠭ᠎ᠠ ᠪᠣᠯᠭᠠᠨ ᠤ ᠠᠵᠢᠯᠯᠠᠭ᠎ᠠ ᠨᠢᠭᠡ ᠪᠦᠷᠢ᠂ ᠴᠠᠭ ᠬᠤᠭᠤᠴᠠᠭ᠎ᠠ ᠨᠢᠭᠡ ᠪᠦᠷᠢ᠂

ᠬᠠᠷᠢᠭᠤᠴᠠᠯᠭ᠎ᠠ ᠶᠢᠨ ᠣᠷᠣᠨ ᠨᠢᠭᠡ ᠪᠦᠷᠢ  ᠳᠤ ᠬᠦᠷᠲᠡᠯ᠎ᠡ ᠨᠠᠷᠢᠯᠢᠭᠵᠢᠭᠤᠯᠵᠤ᠂ ᠰᠤᠷᠭᠠᠭᠤᠯᠢ ᠶᠢᠨ ᠠᠮᠤᠷ ᠲᠦᠪᠰᠢᠨ

 ᠤ ᠬᠠᠮᠢᠶᠠᠷᠤᠯᠲᠠ ᠶᠢ ᠲᠣᠣᠷᠵᠢᠭᠤᠯᠵᠤ᠂ ᠡᠭᠦᠨ ᠤ ᠤᠯᠠᠮ ᠠᠴᠠ ᠳᠡᠭᠡᠷ᠎ᠡ ᠠᠴᠠ ᠳᠣᠷᠣᠭᠰᠢ ᠪᠦᠬᠦ ᠲᠠᠯ᠎ᠠ ᠶᠢᠨ᠂

ᠪᠦᠬᠦᠨ ᠢ ᠬᠠᠮᠤᠷᠤᠭᠰᠠᠨ ᠠᠮᠤᠷ ᠲᠦᠪᠰᠢᠨ ᠤ ᠬᠠᠮᠠᠭᠠᠯᠠᠯᠲᠠ ᠶᠢᠨ ᠲᠣᠣᠷ ᠢ ᠪᠠᠶᠢᠭᠤᠯᠪᠠ᠃

      ᠠᠮᠤᠷ ᠢ ᠬᠠᠮᠠᠭᠠᠯᠠᠬᠤ ᠰᠢᠰᠲ᠋ᠧᠮ ᠢ ᠣᠶᠤᠨᠴᠢᠯᠠᠪᠠ᠃ ᠤᠷᠢᠳᠴᠢᠯᠠᠨ ᠰᠡᠷᠭᠡᠶᠢᠯᠡᠬᠦ ᠪᠠ ᠤᠷᠢᠳᠴᠢᠯᠠᠨ

ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ︽ᠪᠦᠬᠦ ᠣᠷᠣᠨ ᠤ ᠰᠤᠷᠭᠠᠭᠤᠯᠢ ᠶᠢᠨ ᠬᠦᠷᠢᠶᠡᠨ ᠤ ᠠᠮᠤᠷ

ᠲᠦᠪᠰᠢᠨ ᠤ ᠰᠡᠷᠭᠡᠶᠢᠯᠡᠯᠲᠡ ᠶᠢᠨ ᠸᠢᠳᠢᠤ᠋ ᠶᠢ ᠰᠦᠯᠵᠢᠶᠡᠵᠢᠭᠦᠯᠬᠦ ᠰᠢᠰᠲ᠋ᠧᠮ︾ ᠢ ᠪᠠᠶᠢᠭᠤᠯᠵᠤ᠂ ︽ᠬᠠᠶᠢᠭᠤᠯ

ᠵᠢᠵᠢᠭᠦᠷᠯᠡᠵᠦ᠂ ᠳᠣᠶ᠋ᠢᠭᠤᠷ ᠴᠠᠭᠳᠠᠨ ᠲᠣᠭᠤᠷᠢᠬᠤ︾ ᠠᠬᠤᠢ ᠲᠠᠯᠠᠪᠠᠢ ᠶᠢᠨ ᠪᠤᠰᠤ ᠬᠢᠨᠠᠯᠲᠠ ᠬᠠᠮᠢᠶᠠᠷᠤᠯᠲᠠ ᠶᠢ

ᠪᠡᠶᠡᠯᠡᠭᠦᠯᠪᠡ᠃ ᠣᠳᠣᠬᠠᠨ ᠳᠤ ᠰᠢᠰᠲ᠋ᠧᠮ ᠢ ᠰᠤᠷᠭᠠᠭᠤᠯᠢ ᠳᠤ ᠵᠠᠯᠭᠠᠭᠰᠠᠨ ᠨᠣᠷᠮ᠎ᠠ 100%  ᠳᠤ ᠬᠦᠷᠴᠦ᠂

ᠵᠠᠯᠭᠠᠭᠰᠠᠨ ᠸᠢᠳᠢᠤ᠋ 6630᠂ ᠸᠢᠳᠢᠣ᠋ ᠵᠠᠯᠭᠠᠭᠰᠠᠨ ᠨᠣᠷᠮ᠎ᠠ 98.3% ᠬᠦᠷᠪᠡ᠃ ᠰᠤᠷᠭᠠᠭᠤᠯᠢ ᠶᠢᠨ ᠬᠦᠷᠢᠶᠡᠨ ᠤ

ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠲᠠᠪᠴᠠᠩ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂

ᠰᠤᠷᠭᠠᠭᠤᠯᠢ ᠶᠢᠨ ᠬᠦᠷᠢᠶᠡᠨ ᠤ ᠲᠣᠭᠠᠵᠢᠭᠤᠯᠤᠭᠰᠠᠨ ᠬᠠᠮᠢᠶᠠᠷᠤᠯᠲᠠ ᠶᠢᠨ ᠲᠠᠪᠴᠠᠩ ᠢ ᠠᠰᠢᠭᠯᠠᠨ᠂ ︽ᠢᠯᠡᠷᠡᠭᠦᠯᠬᠦ -

ᠳᠡᠭᠡᠭᠰᠢ ᠮᠡᠳᠡᠭᠦᠯᠬᠦ - ᠴᠡᠭᠴᠡᠯᠡᠨ ᠰᠠᠶᠢᠵᠢᠷᠠᠭᠤᠯᠬᠤ - ᠰᠢᠯᠭᠠᠨ ᠪᠠᠲᠤᠯᠠᠬᠤ︾ ᠶᠠᠪᠤᠴᠠ ᠳᠤ ᠪᠢᠲᠡᠭᠦᠮᠵᠢᠯᠡᠭᠰᠡᠨ

ᠬᠠᠮᠢᠶᠠᠷᠤᠯᠲᠠ ᠶᠢ ᠬᠡᠷᠡᠭᠵᠢᠭᠦᠯᠪᠡ᠃ ᠣᠳᠣᠬᠠᠨ ᠳᠤ ᠬᠢᠶ᠎ᠠ ᠪᠠᠭᠰᠢ ᠲᠣᠭᠤᠷᠢᠭ ᠤᠨ 37 ᠳᠤᠮᠳᠠᠳᠤ ᠪᠠᠭ᠎ᠠ

ᠰᠤᠷᠭᠠᠭᠤᠯᠢ᠂ ᠬᠡᠦᠬᠡᠳ ᠤᠨ ᠴᠡᠴᠡᠷᠯᠢᠭ ᠬᠠᠮᠢᠶᠠᠷᠤᠯᠲᠠ ᠶᠢᠨ ᠲᠠᠪᠴᠠᠩ ᠢ ᠪᠥᠬᠦᠨ ᠢ ᠪᠥᠷᠬᠦᠭᠦᠯᠬᠦ ᠶᠢ

ᠪᠡᠶᠡᠯᠡᠭᠦᠯᠦᠭᠰᠡᠨ ᠪᠥᠭᠡᠳ ᠲᠣᠭᠤᠷᠢᠨ ᠪᠠᠶᠢᠴᠠᠭᠠᠭᠴᠢ 2335᠂ ᠲᠣᠭᠤᠷᠢᠨ ᠪᠠᠶᠢᠴᠠᠭᠠᠬᠤ ᠴᠡᠭ 3956 ᠶᠢ

ᠲᠣᠬᠢᠷᠠᠭᠤᠯᠵᠤ᠂ 378917 ᠭᠠᠷᠤᠢ ᠤᠳᠠᠭ᠎ᠠ ᠲᠣᠭᠤᠷᠢᠨ ᠪᠠᠶᠢᠴᠠᠭᠠᠵᠤ᠂ ᠡᠭᠦᠨ ᠤ ᠤᠯᠠᠮ  ᠠᠴᠠ ᠰᠢᠰᠲ᠋ᠧᠮ ᠪᠠ

ᠬᠡᠰᠡᠭ  ᠢ ᠤᠶᠠᠯᠳᠤᠭᠤᠯᠤᠭᠰᠠᠨ᠂ ᠪᠣᠰᠤᠭ᠎ᠠ ᠴᠣᠭᠴᠠᠲᠤ ᠠᠮᠤᠷ ᠲᠦᠪᠰᠢᠨ ᠤ ᠬᠠᠮᠢᠶᠠᠷᠤᠯᠲᠠ ᠶᠢᠨ ᠳᠣᠭᠲᠠᠯᠴᠠᠭ᠎ᠠ ᠶᠢ

ᠪᠦᠷᠢᠯᠳᠦᠭᠦᠯᠪᠡ᠃

           

2.jpg

      ᠢᠳᠡᠭᠡᠨ ᠤ ᠠᠮᠤᠷ ᠲᠦᠪᠰᠢᠨ ᠢ ᠲᠣᠳᠤᠷᠠᠭᠤᠯᠪᠠ᠃ ᠢᠳᠡᠭᠡᠨ ᠤ ᠠᠮᠤᠷ ᠲᠦᠪᠰᠢᠨ ᠢ ︽ᠳᠥᠷᠪᠡᠵᠢᠭᠦᠯᠬᠦ

ᠪᠠᠶᠢᠭᠤᠯᠤᠯᠲᠠ︾ ᠶᠢ ᠤᠯᠠᠮ ᠨᠢᠭᠡ ᠠᠯᠬᠤᠮ ᠴᠢᠩᠭᠠᠳᠬᠠᠪᠠ᠂ ᠲᠤᠬᠠᠶᠢᠯᠠᠪᠠᠯ᠂ ᠭᠤᠣᠯ ᠴᠣᠭᠴᠠ ᠶᠢᠨ

ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠢᠳᠡᠭᠡᠨ  ᠤ ᠪᠠᠶᠢᠴᠠᠭᠠᠯᠲᠠ ᠶᠢ ᠢᠯᠡ ᠪᠣᠯᠭᠠᠵᠤ᠂ ᠢᠳᠡᠭᠡᠨ ᠤ

ᠬᠠᠮᠢᠶᠠᠷᠤᠯᠲᠠ ᠶᠢ ᠪᠠᠶᠢᠩᠭᠤᠵᠢᠭᠤᠯᠵᠤ᠂ ᠢᠳᠡᠭᠡᠨ  ᠤ ᠠᠵᠢᠯᠯᠠᠭ᠎ᠠ ᠶᠢ ᠵᠢᠷᠤᠮᠵᠢᠭᠤᠯᠪᠠ᠃ ︽ᠡᠭᠦᠯᠡᠨ ᠬᠢᠶ᠎ᠠ           

ᠪᠠᠭᠰᠢ︾ ᠵᠥᠭᠡᠯᠡᠨ ᠲᠣᠨᠤᠭ ᠢ ᠬᠡᠷᠡᠭᠯᠡᠨ ᠰᠤᠷᠭᠠᠭᠤᠯᠢ ᠶᠢᠨ ︽ᠢᠨᠲ᠋ᠧᠷ ᠰᠦᠯᠵᠢᠶ᠎ᠡ + ᠢᠯᠡ ᠲᠣᠭᠤᠭᠠᠨ          

ᠭᠡᠷ︾ ᠮᠡᠳᠡᠭᠡ ᠵᠠᠩᠭᠢ ᠶᠢᠨ ᠰᠢᠰᠲ᠋ᠧᠮ ᠤᠨ ᠲᠠᠪᠴᠠᠩ ᠤᠨ ᠪᠠᠶᠢᠭᠤᠯᠤᠯᠲᠠ ᠶᠢ ᠶᠡᠭᠡ ᠪᠠᠷ ᠠᠬᠢᠭᠤᠯᠪᠠ᠃ ᠬᠤᠭᠤᠯᠠᠨ

ᠭᠡᠷ ᠤᠨ ᠠᠵᠢᠯᠯᠠᠬᠤ ᠲᠠᠰᠤᠭ᠂ ᠪᠦᠳᠦᠭᠦᠯᠢᠭ ᠪᠣᠯᠪᠠᠰᠤᠷᠠᠭᠤᠯᠬᠤ ᠲᠠᠰᠤᠭ᠂ ᠭᠤᠯᠢᠷ  ᠤᠨ ᠢᠳᠡᠭᠡᠨ ᠪᠣᠯᠪᠠᠰᠤᠷᠠᠭᠤᠯᠬᠤ

ᠲᠠᠰᠤᠭ᠂ ᠤᠬᠢᠶᠠᠵᠤ ᠠᠷᠢᠭᠤᠳᠬᠠᠬᠤ ᠲᠠᠰᠤᠭ ᠲᠤ ᠸᠢᠳᠢᠣ᠋ ᠤᠭᠰᠠᠷᠠᠵᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ

ᠪᠣᠯᠤᠨ ᠣᠯᠠᠨ ᠲᠥᠮᠡᠨ ᠺᠣᠮᠫᠢᠦ᠋ᠲ᠋ᠧᠷ᠂ ᠭᠠᠷ ᠤᠲᠠᠰᠤ ᠵᠡᠷᠭᠡ ᠪᠠᠷ ᠳᠠᠮᠵᠢᠭᠤᠯᠤᠨ ᠢᠳᠡᠭᠡᠨ ᠪᠣᠯᠪᠠᠰᠤᠷᠠᠭᠤᠯᠬᠤ

ᠶᠠᠪᠤᠴᠠ ᠳᠤ ᠬᠢᠨᠠᠯᠲᠠ ᠲᠠᠯᠪᠢᠬᠤ ᠶᠢ ᠪᠠᠲᠤᠯᠠᠪᠠ᠃ ᠣᠳᠣᠬᠠᠨ ᠳᠤ᠂ ᠬᠢᠶ᠎ᠠ ᠪᠠᠭᠰᠢ ᠲᠣᠭᠤᠷᠢᠭ ᠤᠨ

ᠰᠤᠷᠭᠠᠭᠤᠯᠢ ᠶᠢᠨ ᠬᠤᠭᠤᠯᠠᠨ ᠭᠡᠷ ᠨᠢᠭᠡᠨᠲᠡ ︽ᠢᠨᠲ᠋ᠧᠷ ᠰᠦᠯᠵᠢᠶ᠎ᠡ + ᠢᠯᠡ ᠲᠣᠭᠤᠭᠠᠨ ᠭᠡᠷ︾ ᠢ 100% ᠪᠠᠷ

ᠪᠦᠷᠬᠦᠭᠦᠯᠬᠦ ᠶᠢ ᠪᠡᠶᠡᠯᠡᠭᠦᠯᠵᠦ᠂ ᠥᠷᠭᠡᠨ ᠣᠯᠠᠨ ᠪᠠᠭᠰᠢ ᠰᠤᠷᠤᠭᠴᠢ ᠶᠢᠨ ︽ᠢᠳᠡᠭᠡᠨ ᠤ ᠠᠮᠤᠷ ᠲᠦᠪᠰᠢᠨ︾ ᠢ ᠦᠨᠡᠨ

ᠬᠦ ᠪᠠᠲᠤᠯᠠᠪᠠ᠃

      ᠬᠢᠨᠠᠨ ᠬᠠᠮᠢᠶᠠᠷᠬᠤ ᠲᠣᠭᠲᠠᠴᠠ ᠶᠢ ᠨᠠᠷᠢᠯᠢᠭᠵᠢᠭᠤᠯᠪᠠ᠃ ︽ᠭᠤᠷᠪᠠᠨ ᠳᠠᠩᠰᠠ ᠭᠤᠷᠪᠠᠨ ᠪᠢᠴᠢᠭ︾ ᠤᠨ

ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠩᠭᠤᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ

ᠬᠡᠷᠡᠭᠵᠢᠭᠦᠯᠪᠡ᠃ ︽ᠭᠤᠷᠪᠠᠨ ᠳᠠᠩᠰᠠ︾ ᠲᠤᠬᠠᠶᠢᠯᠠᠪᠠᠯ᠂ ᠭᠤᠣᠯᠳᠠᠯᠭ᠎ᠠ ᠲᠠᠢ ᠠᠵᠢᠯ ᠤᠨ ᠡᠭᠦᠷᠭᠡ ᠶᠢᠨ ᠨᠠᠷᠢᠨ

ᠳᠠᠩᠰᠠ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠨᠠᠷᠢᠨ ᠳᠠᠩᠰᠠ᠂ ᠠᠰᠠᠭᠤᠳᠠᠯ ᠤᠨ ᠳᠠᠯᠳᠠ ᠭᠡᠮ ᠤᠨ ᠨᠠᠷᠢᠨ

ᠳᠠᠩᠰᠠ ᠪᠣᠯᠤᠨ᠎ᠠ᠃ ︽ᠭᠤᠷᠪᠠᠨ ᠪᠢᠴᠢᠭ︾ ᠲᠤᠬᠠᠶᠢᠯᠠᠪᠠᠯ᠂ ᠠᠮᠤᠷ ᠲᠦᠪᠰᠢᠨ ᠤ ᠲᠦᠭᠰᠢᠭᠦᠷᠢ ᠶᠢ ᠤᠷᠢᠳᠴᠢᠯᠠᠨ

ᠰᠡᠷᠡᠮᠵᠢᠯᠡᠭᠦᠯᠬᠦ ᠪᠢᠴᠢᠭ᠂ ᠭᠤᠣᠯᠳᠠᠯᠭ᠎ᠠ ᠲᠠᠢ ᠠᠵᠢᠯ ᠢ ᠰᠠᠨᠠᠭᠤᠯᠬᠤ  ᠪᠢᠴᠢᠭ᠂ ᠳᠣᠪᠤᠶᠢᠮ᠎ᠠ ᠠᠰᠠᠭᠤᠳᠠᠯ ᠢ

ᠰᠢᠪᠠᠳᠠᠭᠤᠯᠤᠨ ᠰᠢᠢᠳᠪᠦᠷᠢᠯᠡᠬᠦ ᠪᠢᠴᠢᠭ ᠪᠣᠯᠤᠨ᠎ᠠ᠃ ︽ᠭᠤᠷᠪᠠᠨ ᠳᠠᠩᠰᠠ ᠭᠤᠷᠪᠠᠨ ᠪᠢᠴᠢᠭ︾ ᠨᠢ ᠠᠮᠤᠷ

ᠲᠦᠪᠰᠢᠨ ᠤ ᠡᠳᠦᠷ ᠲᠤᠲᠤᠮ ᠤᠨ ᠠᠵᠢᠯ ᠤᠨ ᠡᠭᠦᠷᠭᠡ ᠶᠢ ᠨᠡᠩ ᠲᠣᠳᠤᠷᠬᠠᠶᠢᠯᠠᠵᠤ᠂ ᠬᠠᠷᠠᠯᠲᠠ ᠶᠢ ᠨᠡᠩ

ᠲᠣᠳᠤᠷᠬᠠᠶᠢᠯᠠᠨ᠂ ᠬᠢᠨᠠᠯᠲᠠ ᠬᠠᠮᠢᠶᠠᠷᠤᠯᠲᠠ ᠶᠢ ᠨᠡᠩ ᠣᠨᠣᠪᠴᠢᠲᠠᠢ ᠪᠣᠯᠭᠠᠪᠠ᠃ ᠰᠤᠷᠭᠠᠭᠤᠯᠢ ︽ᠠᠨ ᠺᠠᠩ ᠳᠤ

ᠪᠠᠶᠢᠴᠠᠭᠠᠬᠤ︾ APP ᠶᠢ ᠭᠦᠢᠴᠡᠳ ᠠᠰᠢᠭᠯᠠᠨ᠂ ︽ᠲᠠᠪᠤ ᠶᠢ ᠲᠣᠭᠲᠠᠭᠠᠵᠤ ᠬᠠᠭᠤᠷᠮᠠᠭ ᠢ ᠰᠡᠷᠭᠡᠶᠢᠯᠡᠬᠦ

ᠰᠡᠭᠦᠳᠡᠷᠯᠡᠬᠦ ᠮᠡᠷᠭᠡᠵᠢᠯ︾ ᠢ ᠬᠡᠷᠡᠭᠯᠡᠨ ᠴᠠᠭ ᠲᠤᠬᠠᠢ ᠳᠤ ᠨᠢ ᠰᠡᠭᠦᠳᠡᠷᠯᠡᠨ ᠪᠦᠷᠢᠳᠭᠡᠭᠰᠡᠨ ᠲᠤᠭ᠎ᠠ ᠪᠠᠷᠢᠮᠲᠠ ᠶᠢ

ᠳᠠᠮᠵᠢᠭᠤᠯᠵᠤ᠂ ᠡᠳᠦᠷ ᠪᠦᠷᠢ ᠥᠪᠡᠰᠦᠪᠡᠨ ᠪᠠᠶᠢᠴᠠᠭᠠᠭᠰᠠᠨ ᠨᠠᠷᠢᠨ ᠳᠠᠩᠰᠠ ᠶᠢ ᠪᠠᠶᠢᠭᠤᠯᠵᠤ᠂ ᠰᠤᠷᠭᠠᠭᠤᠯᠢ ᠶᠢᠨ

ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠠᠵᠢᠯ ᠤᠨ ᠪᠢᠲᠡᠭᠦᠦ ᠴᠠᠭᠠᠷᠢᠭ ᠢ ᠪᠣᠢ          

ᠪᠣᠯᠭᠠᠪᠠ᠃ ᠣᠳᠣᠬᠠᠨ ᠳᠤ᠂ ᠬᠠᠷᠢᠶ᠎ᠠ ᠣᠷᠣᠨ ᠤ ᠪᠤᠢ ᠪᠦᠬᠦᠢ ᠬᠤᠭᠤᠯᠠ ᠬᠠᠩᠭᠠᠬᠤ ᠰᠤᠷᠭᠠᠭᠤᠯᠢ ᠴᠥᠮ ᠰᠠᠯᠬᠢᠨ

ᠡᠵᠡᠮᠳᠡᠯ ᠤᠨ ᠲᠠᠪᠴᠠᠩ ᠳᠤ ᠣᠷᠣᠵᠤ᠂ ᠥᠪᠡᠰᠦᠪᠡᠨ ᠪᠠᠶᠢᠴᠠᠭᠠᠬᠤ ᠶᠢ 52852 ᠤᠳᠠᠭ᠎ᠠ᠂ ᠥᠪᠡᠰᠦᠪᠡᠨ

ᠪᠠᠶᠢᠴᠠᠭᠠᠬᠤ ᠲᠦᠭᠰᠢᠭᠦᠷᠢ ᠶᠢᠨ ᠴᠡᠭ ᠢ 35704 ᠤᠳᠠᠭ᠎ᠠ ᠪᠡᠶᠡᠯᠡᠭᠦᠯᠦᠭᠰᠡᠨ ᠤ ᠬᠠᠮᠲᠤ᠂ ︽ᠣᠶᠤᠨᠴᠢ ᠬᠢᠨᠠᠯᠲᠠ

ᠬᠠᠮᠢᠶᠠᠷᠤᠯᠲᠠ ᠶᠢᠨ ᠭᠠᠷᠠᠭ ᠤᠨ ᠲᠣᠭᠤᠷᠢᠨ ᠪᠠᠶᠢᠴᠠᠭᠠᠯᠲᠠ + ᠲᠤᠬᠠᠢ ᠶᠢᠨ ᠭᠠᠵᠠᠷ ᠤᠨ ᠪᠠᠶᠢᠴᠠᠭᠠᠯᠲᠠ ᠶᠢᠨ          

ᠰᠠᠷ᠎ᠠ︾ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠰᠤᠷᠭᠠᠭᠤᠯᠢ ᠶᠢᠨ ᠬᠦᠷᠢᠶᠡᠨ  ᠤ ᠢᠳᠡᠭᠡᠨ ᠤ ᠠᠮᠤᠷ

ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠪᠠ᠃

      ︽ᠢᠵᠢ ᠨᠢᠳᠤᠷᠭ᠎ᠠ︾ ᠶᠢ ᠰᠠᠶᠢᠲᠤᠷ ᠴᠣᠬᠢᠵᠤ᠂ ᠰᠤᠷᠭᠠᠭᠤᠯᠢ ᠶᠢᠨ ᠬᠦᠷᠢᠶᠡᠨ ᠤ

      ᠬᠠᠯᠬᠠᠪᠴᠢ ᠶᠢᠨ ︽ᠠᠮᠤᠷ ᠲᠦᠪᠰᠢᠨ ᠤ ᠪᠣᠭᠤᠮᠲᠠ︾ ᠶᠢ ᠰᠠᠶᠢᠲᠤᠷ ᠠᠳᠬᠤᠪᠠ

      ︽ᠲᠠᠪᠤᠨ ᠬᠥᠮᠦᠵᠢᠯ︾  ᠢᠶᠠᠷ ︽ᠤᠷᠢᠳᠴᠢᠯᠠᠨ ᠰᠡᠷᠭᠡᠶᠢᠯᠡᠬᠦ︾ ᠶᠢ ᠰᠠᠶᠢᠲᠤᠷ ᠪᠡᠶᠡᠯᠡᠭᠦᠯᠪᠡ᠃

ᠰᠤᠷᠤᠭᠴᠢᠳ ᠤᠨ ᠪᠣᠯᠪᠠᠰᠤᠨ ᠦᠢᠯᠡ ᠠᠵᠢᠯᠯᠠᠭ᠎ᠠ ᠶᠢᠨ ᠳᠠᠳᠬᠠᠯ ᠤᠨ ᠬᠥᠮᠥᠵᠢᠯ ᠪᠠ ᠠᠮᠤᠷ ᠲᠦᠪᠰᠢᠨ ᠤ

ᠬᠥᠮᠦᠵᠢᠯ ᠢ ᠤᠶᠠᠯᠳᠤᠭᠤᠯᠵᠤ᠂ ᠠᠵᠢᠯᠯᠠᠭᠠᠨ ᠤ ᠶᠠᠪᠤᠴᠠ ᠳᠤ ᠬᠥᠮᠦᠨ ᠬᠥᠮᠦᠵᠢᠭᠦᠯᠬᠦ ᠶᠢ ᠪᠠᠷᠢᠮᠲᠠᠯᠠᠪᠠ᠃ ᠳᠤᠮᠳᠠᠳᠤ

ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠤᠨ ᠡᠳᠦᠷ᠂ ᠤᠯᠤᠰ ᠤᠨ ᠠᠮᠤᠷ

ᠲᠦᠪᠰᠢᠨ ᠤ ᠬᠥᠮᠦᠵᠢᠯ ᠤᠨ ᠡᠳᠦᠷ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠢ ᠠᠰᠢᠭᠯᠠᠨ᠂ ᠠᠮᠤᠷ ᠲᠦᠪᠰᠢᠨ ᠤ

ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ᠃ ᠰᠤᠷᠭᠠᠭᠤᠯᠢ  ᠶᠢᠨ ᠠᠮᠤᠷ ᠳᠦᠪᠰᠢᠨ ᠤ

ᠬᠢᠴᠢᠶᠡᠯ ᠢ ᠪᠦᠷᠢᠨ ᠭᠦᠢᠴᠡᠳ ᠨᠡᠭᠡᠭᠡᠵᠦ ᠰᠤᠷᠤᠭᠴᠢᠳ ᠲᠤ ᠬᠠᠤᠯᠢ ᠪᠠᠷ ᠵᠠᠰᠠᠬᠤ ᠠᠮᠤᠷ ᠳᠦᠪᠰᠢᠨ ᠤ ᠮᠡᠳᠡᠯᠭᠡ ᠶᠢ

ᠰᠢᠰᠲ᠋ᠧᠮ ᠲᠠᠢ ᠰᠤᠷᠤᠯᠴᠠᠭᠤᠯᠪᠠ᠃ ᠰᠤᠷᠭᠠᠭᠤᠯᠢ ᠶᠢᠨ ᠠᠮᠤᠷ ᠲᠦᠪᠰᠢᠨ ᠤ ᠬᠥᠮᠦᠵᠢᠯ ᠤᠨ ︽1·5·30︾ ᠶᠢᠨ

ᠱᠠᠭᠠᠷᠳᠠᠯᠭ᠎ᠠ ︵ᠬᠢᠴᠢᠶᠡᠯ ᠪᠦᠷᠢ ᠶᠢᠨ ᠳᠠᠷᠠᠭᠠᠬᠢ 1 ᠮᠢᠨᠦ᠋ᠲ ᠤᠨ ᠠᠮᠤᠷ ᠲᠦᠪᠰᠢᠨ ᠤ ᠬᠥᠮᠦᠵᠢᠯ᠂ ᠡᠳᠦᠷ ᠪᠦᠷᠢ᠂

ᠭᠠᠷᠠᠭ ᠪᠦᠷᠢ 5 ᠮᠢᠨᠦ᠋ᠲ ᠤᠨ ᠠᠮᠤᠷ ᠲᠦᠪᠰᠢᠨ ᠤ ᠬᠥᠮᠦᠵᠢᠯ᠂ ᠪᠠᠶᠠᠷ ᠳᠤᠷᠠᠰᠬᠠᠯ  ᠤᠨ ᠡᠳᠦᠷ ᠪᠦᠷᠢ 30

ᠮᠢᠨᠦ᠋ᠲ ᠤᠨ ᠠᠮᠤᠷ ᠲᠦᠪᠰᠢᠨ ᠤ ᠬᠥᠮᠦᠵᠢᠯ︶ ᠶᠢ ᠨᠠᠶᠢᠳᠠᠪᠤᠷᠢᠵᠢᠭᠤᠯᠪᠠ᠃ ᠬᠢᠴᠢᠶᠡᠯ ᠤᠨ ᠲᠠᠩᠬᠢᠮ ᠤᠨ ᠵᠢᠭᠠᠨ

ᠰᠤᠷᠭᠠᠯᠲᠠ ᠪᠣᠯᠤᠨ ᠨᠡᠶᠢᠭᠡᠮ ᠤᠨ ᠦᠢᠯᠡᠳᠦᠯᠭᠡ ᠶᠢ ᠤᠶᠠᠯᠳᠤᠭᠤᠯᠬᠤ ᠶᠢ ᠪᠠᠷᠢᠮᠲᠠᠯᠠᠨ᠂ ᠰᠤᠷᠭᠠᠭᠤᠯᠢ ᠶᠢᠨ ᠭᠠᠳᠠᠨᠠᠬᠢ

ᠠᠮᠤᠷ ᠲᠦᠪᠰᠢᠨ ᠪᠠ ᠬᠠᠤᠯᠢ ᠪᠠᠷ ᠵᠠᠰᠠᠬᠤ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠵᠤ᠂ ᠪᠠᠴᠢᠮ

ᠪᠠᠶᠢᠳᠠᠯ ᠢ ᠠᠷᠭᠠᠴᠠᠬᠤ ᠰᠣᠷᠢᠯᠲᠠ ᠶᠢ ᠵᠢᠷᠤᠮᠵᠢᠭᠤᠯᠤᠨ᠂ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠢ 

ᠳᠡᠭᠡᠭᠰᠢᠯᠡᠭᠦᠯᠪᠡ᠃ ᠰᠤᠷᠭᠠᠭᠤᠯᠢ ᠶᠢᠨ ᠬᠦᠷᠢᠶᠡᠨ ᠳᠤ ᠭᠤᠣᠯ ᠰᠡᠳᠦᠪᠲᠦ ᠲᠠᠷᠬᠠᠭᠠᠨ ᠵᠠᠶᠢᠯᠠᠭᠤᠯᠬᠤ ᠰᠣᠷᠢᠯᠲᠠ ᠶᠢᠨ

ᠠᠵᠢᠯᠯᠠᠭ᠎ᠠ ᠥᠷᠨᠢᠭᠦᠯᠬᠦ ᠶᠢ ᠶᠡᠭᠡ ᠪᠠᠷ ᠠᠬᠢᠭᠤᠯᠵᠤ᠂ ᠪᠠᠭᠰᠢ ᠰᠤᠷᠤᠭᠴᠢᠳ ᠤᠨ ᠣᠯᠠᠨ ᠨᠡᠶᠢᠲᠡ ᠶᠢᠨ

ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦ ᠶᠢᠨ ᠮᠡᠳᠡᠯᠭᠡ ᠶᠢᠨ ᠬᠥᠮᠦᠵᠢᠯ ᠢ ᠤᠯᠠᠮ ᠨᠢᠭᠡ

ᠠᠯᠬᠤᠮ ᠴᠢᠩᠭᠠᠳᠬᠠᠨ᠂ ᠰᠡᠷᠭᠡᠶᠢᠯᠡᠬᠦ ᠤᠬᠠᠮᠰᠠᠷ ᠢ ᠴᠢᠩᠭᠠᠷᠠᠭᠤᠯᠪᠠ᠃

      ︽ᠰᠤᠷᠭᠠᠭᠤᠯᠢ ᠶᠢᠨ ᠬᠦᠷᠢᠶᠡᠨ ᠤ ᠬᠠᠤᠯᠢ︾ ᠪᠣᠯ ︽ᠬᠡᠦᠬᠡᠳ ᠤᠨ ᠬᠠᠮᠠᠭᠠᠯᠠᠭᠴᠢ︾ ᠪᠣᠯᠤᠨ᠎ᠠ᠃ ᠡᠯ᠎ᠡ

ᠰᠤᠷᠭᠠᠭᠤᠯᠢ ᠶᠢ ᠣᠯᠠᠨ ᠤᠳᠠᠭ᠎ᠠ ᠵᠣᠬᠢᠶᠠᠨ ᠪᠠᠶᠢᠭᠤᠯᠵᠤ ᠣᠯᠠᠨ ᠶᠠᠩᠵᠤ ᠬᠡᠯᠪᠡᠷᠢ ᠶᠢᠨ ᠰᠤᠷᠭᠠᠭᠤᠯᠢ ᠶᠢᠨ

ᠬᠦᠷᠢᠶᠡᠨ ᠤ ᠳᠣᠷᠣᠮᠵᠢᠯᠠᠯ ᠢ ᠡᠰᠡᠷᠭᠦᠴᠡᠬᠦ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠪᠡ᠃ ︽ᠰᠢᠭᠦᠭᠴᠢ

ᠡᠵᠢ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾᠂ ︽ᠵᠢᠱᠢᠮᠡᠭ ᠰᠢᠭᠦᠬᠦ ᠲᠢᠩᠬᠢᠮ︾ ᠵᠡᠷᠭᠡ ᠭᠤᠣᠯ

ᠰᠡᠳᠦᠪᠲᠦ ᠬᠥᠮᠦᠵᠢᠯ ᠢᠶᠠᠷ ᠳᠠᠮᠵᠢᠭᠤᠯᠤᠨ᠂ ᠰᠤᠷᠤᠭᠴᠢᠳ ᠤᠨ ᠬᠠᠤᠯᠢ ᠴᠠᠭᠠᠵᠠ ᠶᠢᠨ ᠬᠡᠪ ᠪᠣᠯᠪᠠᠰᠤᠷᠠᠯ ᠢ ᠤᠯᠠᠮ

ᠨᠢᠭᠡ ᠠᠯᠬᠤᠮ ᠳᠡᠭᠡᠭᠰᠢᠯᠡᠭᠦᠯᠪᠡ᠃

      ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠵᠦ ︽ᠶᠡᠭᠡ ᠠᠮᠢ ᠠᠬᠤᠢ︾ ᠶᠢ ᠪᠠᠬᠢᠵᠢᠭᠦᠯᠪᠡ᠃ ᠡᠯ᠎ᠡ

ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠮᠵᠢᠯᠴᠠᠭ᠎ᠠ ᠪᠠ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠬᠤ ᠶᠢᠨ

ᠬᠠᠮᠲᠤ ᠣᠯᠠᠨ ᠤᠳᠠᠭ᠎ᠠ ᠵᠠᠬ᠎ᠠ ᠳᠡᠯᠭᠡᠭᠦᠷ᠂ ᠡᠷᠡᠭᠦᠯ ᠬᠠᠮᠠᠭᠠᠯᠠᠯ᠂ ᠳᠣᠲᠣᠭᠠᠳᠤ ᠶᠢ ᠬᠠᠮᠠᠭᠠᠯᠠᠬᠤ᠂ ᠭᠠᠯ ᠰᠡᠷᠭᠡᠶᠢᠯᠡᠵᠦ

ᠭᠠᠯ ᠤᠨᠲᠠᠷᠠᠭᠠᠬᠤ᠂ ᠵᠠᠮ ᠬᠠᠷᠢᠯᠴᠠᠭᠠᠨ ᠤ ᠬᠠᠮᠢᠶᠠᠷᠤᠯᠲᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ᠂ ᠪᠠᠴᠢᠮ

ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠬᠤᠯᠪᠣᠭᠠᠯᠠᠨ ᠰᠤᠷᠭᠠᠭᠤᠯᠢ ᠶᠢᠨ ᠬᠦᠷᠢᠶᠡᠨ ᠤ

ᠠᠮᠤᠷ ᠲᠦᠪᠰᠢᠨ ᠤ ᠬᠠᠮᠲᠤᠷᠠᠭᠰᠠᠨ ᠶᠡᠭᠡ ᠪᠠᠶᠢᠴᠠᠭᠠᠯᠲᠠ ᠵᠢᠴᠢ ᠰᠤᠷᠭᠠᠭᠤᠯᠢ ᠶᠢᠨ ᠬᠦᠷᠢᠶᠡᠨ ᠤ ᠡᠷᠭᠢᠨ

ᠲᠣᠭᠤᠷᠢᠨ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠬᠢᠶ᠎ᠠ ᠪᠠᠭᠰᠢ ᠲᠣᠭᠤᠷᠢᠭ ᠤᠨ ᠡᠯ᠎ᠡ

ᠰᠤᠷᠭᠠᠭᠤᠯᠢ ᠳᠤ ᠣᠷᠣᠰᠢᠵᠤ ᠮᠡᠳᠡᠬᠦ ᠠᠮᠤᠷ ᠲᠦᠪᠰᠢᠨ ᠤ ᠳᠠᠯᠳᠠ ᠭᠡᠮ ᠢ ᠪᠤᠰᠤᠳᠴᠢ ᠪᠠᠷ ᠵᠠᠳᠠᠯᠤᠨ ᠰᠤᠳᠤᠯᠵᠤ

ᠮᠠᠭᠠᠳᠯᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠵᠢᠴᠢ ᠠᠷᠭ᠎ᠠ ᠶᠢ ᠲᠣᠳᠣᠷᠬᠠᠶᠢᠯᠠᠵᠤ᠂ ᠠᠮᠤᠷ

ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠠᠮᠤᠷ ᠲᠦᠪᠰᠢᠨ᠂

ᠡᠷᠡᠭᠦᠯ ᠮᠡᠨᠳᠦ ᠪᠠᠷ ᠬᠥᠮᠦᠨ ᠬᠥᠮᠦᠵᠢᠭᠦᠯᠬᠦ ᠠᠮᠢ ᠠᠬᠤᠢ  ᠶᠢᠨ ᠣᠷᠴᠢᠨ ᠲᠣᠭᠤᠷᠢᠨ ᠢ ᠪᠣᠢ ᠪᠣᠯᠭᠠᠪᠠ᠃

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map