ᠬᠡᠯᠡ ᠪᠢᠴᠢᠭ ᠤᠨ ᠤᠩᠰᠢᠯᠭ᠎ᠠ ᠶᠢᠨ ᠠᠷᠭ᠎ᠠ ᠶᠢᠨ ᠵᠢᠯᠣᠭᠤᠳᠤᠮᠵᠢ
ᠨᠡᠶᠢᠲᠡᠯᠡᠭᠰᠡᠨ ᠴᠠᠭ᠄
2024/4/11
                     ᠯᠢᠶᠠᠩ ᠭᠦᠭᠵᠢᠯᠳᠤ

教学研究5.png

      ᠤᠩᠰᠢᠯᠭ᠎ᠠ ᠪᠣᠯ ᠦᠭᠡ ᠬᠡᠯᠡ ᠦᠰᠦᠭ ᠪᠢᠴᠢᠭ ᠢ ᠠᠰᠢᠭᠯᠠᠨ ᠬᠡᠯᠡᠨ ᠤ ᠮᠡᠳᠡᠷᠡᠮᠵᠢ  ᠶᠢ ᠳᠡᠭᠡᠭᠰᠢᠯᠡᠬᠦᠯᠭᠦ᠂

ᠮᠡᠳᠡᠭᠡ ᠵᠠᠩᠭᠢ ᠣᠯᠬᠤ᠂ ᠶᠢᠷᠲᠢᠨᠴᠦ ᠶᠢ ᠲᠠᠨᠢᠬᠤ᠂ ᠰᠡᠳᠬᠢᠬᠦᠢ ᠶᠢ ᠬᠥᠭᠵᠢᠭᠡᠬᠦ᠂ ᠭᠤᠸ᠎ᠠ ᠰᠠᠶᠢᠬᠠᠨ ᠢ ᠪᠡᠶᠡᠴᠢᠯᠡᠨ

ᠣᠶᠢᠯᠠᠭᠠᠬᠤ ᠴᠢᠬᠤᠯᠠ ᠠᠷᠭ᠎ᠠ ᠵᠠᠮ ᠮᠥᠨ᠃ ᠪᠢ ᠪᠠᠷ ᠰᠤᠷᠭᠠᠯᠳᠠ ᠶᠢᠨ ᠶᠠᠪᠤᠴᠠ ᠳᠤ ᠪᠠᠨ ᠰᠤᠷᠤᠭᠴᠢᠳ ᠤᠨ ᠬᠡᠯᠡ

ᠪᠢᠴᠢᠭ ᠤᠨ ᠤᠩᠰᠢᠯᠭ᠎ᠠ ᠶᠢᠨ ᠪᠣᠯᠪᠠᠰᠤᠷᠠᠯ ᠢ ᠴᠢᠩᠭᠠᠳᠬᠠᠵᠤ᠂ ᠤᠩᠰᠢᠯᠭ᠎ᠠ ᠶᠢᠨ ᠵᠢᠯᠣᠭᠤᠳᠤᠮᠵᠢ ᠪᠠᠨ

ᠰᠢᠯᠢᠳᠡᠭᠵᠢᠭᠦᠯᠵᠦ᠂ ᠤᠩᠰᠢᠯᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠵᠤ᠂ ᠤᠩᠰᠢᠯᠭ᠎ᠠ ᠶᠢᠨ ᠦᠷ᠎ᠡ ᠠᠰᠢᠭ ᠢ

ᠨᠡᠮᠡᠭᠳᠡᠭᠦᠯᠵᠤ᠂ ᠤᠩᠰᠢᠯᠭ᠎ᠠ ᠶᠢᠨ ᠠᠷᠭ᠎ᠠ ᠠᠪᠴᠠᠯ ᠢ ᠰᠦᠪᠡᠭᠴᠢᠯᠡᠬᠦ ᠪᠠᠷ ᠳᠠᠮᠵᠢᠨ ᠤᠩᠰᠢᠯᠭ᠎ᠠ ᠶᠢᠨ ᠴᠢᠨᠠᠷ

ᠴᠢᠨᠰᠠᠭ᠎ᠠ ᠶᠢ ᠳᠡᠭᠡᠭᠰᠢᠯᠡᠭᠦᠯᠦᠭᠰᠡᠨ ᠪᠠᠶᠢᠨ᠎ᠠ᠃

      ᠨᠢᠭᠡ᠂ ᠤᠩᠰᠢᠯᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠭᠦ

      ᠤᠩᠰᠢᠯᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠬᠦ ᠨᠢ ᠡᠷᠲᠡᠨ ᠡᠳᠦᠭᠡ᠂ ᠲᠤᠳᠤᠭᠠᠳᠦ ᠭᠠᠳᠠᠭᠠᠳᠣ ᠶᠢᠨ

ᠤᠷᠠᠨ ᠵᠣᠬᠢᠶᠠᠯ᠂ ᠲᠡᠦᠬᠡ ᠱᠠᠰᠳᠢᠷ᠂ ᠰᠢᠨᠵᠢᠯᠡᠬᠦ ᠤᠬᠠᠭᠠᠨ᠂ ᠭᠦᠨ ᠤᠬᠠᠭᠠᠨ᠂ ᠬᠠᠤᠯᠢ ᠳᠦᠷᠢᠮ᠂ ᠰᠤᠷᠭᠠᠨ

ᠬᠥᠮᠥᠵᠢᠯ ᠵᠡᠷᠭᠡ ᠣᠯᠠᠨ ᠬᠦᠷᠢᠶ᠎ᠡ ᠴᠠᠷᠠᠭ᠎ᠠ ᠶᠢᠨ ᠨᠣᠮ ᠪᠢᠴᠢᠭ ᠢ ᠤᠩᠰᠢᠬᠤ ᠶᠢ ᠵᠢᠭᠠᠨ᠎ᠠ᠃ ᠰᠤᠷᠤᠭᠴᠢ ᠶᠢᠨ

ᠤᠩᠰᠢᠯᠭ᠎ᠠ ᠶᠢᠨ ᠬᠦᠷᠢᠶ᠎ᠡ ᠬᠡᠪᠴᠢᠶ᠎ᠡ ᠨᠢ ᠵᠥᠪᠬᠡᠨ ︽ᠰᠤᠷᠬᠤ ᠪᠢᠴᠢᠭ︾᠂ ︽ᠤᠩᠰᠢᠬᠤ ᠪᠢᠴᠢᠭ︾ ᠲᠤ

ᠬᠢᠵᠠᠭᠠᠷᠯᠠᠭᠳᠠᠵᠤ ᠪᠣᠯᠬᠤ ᠦᠭᠡᠢ᠂ ᠣᠨᠴᠠᠭᠠᠶᠢᠯᠠᠨ ᠠᠮᠠᠷᠠᠯᠲᠠ ᠶᠢᠨ ᠬᠤᠭᠤᠴᠠᠭᠠᠨ ᠳᠤ ᠰᠣᠩᠭᠤᠯᠲᠠ ᠲᠠᠢ ᠪᠠᠷ

ᠣᠯᠠᠨ ᠨᠣᠮ ᠢ ᠤᠩᠰᠢᠨ᠎ᠠ᠃ ᠪᠠᠭ᠎ᠠ ᠰᠤᠷᠭᠠᠭᠤᠯᠢ ᠶᠢᠨ ᠳᠣᠣᠷ᠎ᠠ ᠣᠨ ᠤ ᠰᠤᠷᠤᠭᠴᠢ ᠤᠩᠰᠢᠭᠠᠳ ᠲᠣᠳᠣ

ᠣᠶᠢᠯᠠᠭᠠᠬᠤ ᠦᠭᠡᠢ ᠦᠵᠡᠭᠳᠡᠯ ᠢᠯᠡᠷᠡᠳᠡᠭ᠂ ᠵᠠᠪᠠᠯ ᠣᠢᠢᠯᠠᠭᠠᠭᠤᠯᠬᠤ ᠭᠡᠵᠤ ᠵᠣᠷᠢᠭ ᠢ ᠨᠢ ᠪᠢᠲᠡᠭᠡᠢ ᠮᠣᠬᠤᠭᠠᠷᠠᠢ᠂

ᠪᠠᠷᠢᠮᠳᠠᠯᠠᠵᠤ ᠤᠩᠰᠢᠭᠠᠳ ᠯᠠ ᠪᠠᠶᠢᠪᠠᠯ ᠬᠡᠯᠡᠨ ᠤ ᠮᠡᠳᠡᠷᠡᠮᠵᠢ ᠨᠢ ᠠᠶᠠᠨᠳᠠᠭᠠᠨ ᠳᠡᠭᠡᠭᠰᠢᠯᠡᠳᠡᠭ᠃ ᠡᠨᠡ ᠨᠢ ᠬᠡᠦᠬᠡᠳ ᠢ

ᠨᠢᠯᠬ᠎ᠠ ᠪᠠᠯᠴᠢᠷ ᠪᠠᠶᠢᠬᠤ ᠳᠤ ᠡᠳᠦᠷ ᠪᠣᠯᠭᠠᠨ ᠰᠢᠨ᠎ᠡ ᠦᠭᠡ ᠰᠤᠷᠬᠤ ᠶᠢ ᠱᠠᠭᠠᠷᠳᠠᠬᠤ ᠦᠭᠡᠢ ᠪᠣᠯᠪᠠᠴᠦ ᠬᠡᠦᠬᠡᠳ

ᠡᠳᠦᠷ ᠲᠣᠲᠣᠮ ᠤᠨ ᠠᠮᠢᠳᠤᠷᠠᠯ ᠳᠤᠮᠳᠠ ᠠᠶᠠᠨᠳᠠᠭᠠᠨ ᠬᠥᠮᠦᠵᠢᠭᠳᠡᠵᠦ᠂ ᠭᠡᠤᠭᠡᠳ ᠤᠨ ᠴᠡᠴᠡᠷᠯᠢᠭ ᠲᠤ

ᠬᠦᠷᠭᠡᠬᠦ ᠠᠴᠠ ᠡᠮᠦᠨ᠎ᠠ ᠨᠡᠯᠢᠶᠡᠳ ᠶᠠᠷᠢᠵᠤ ᠢᠯᠡᠳᠭᠡᠬᠦ ᠲᠥᠪᠰᠢᠨ ᠳᠤ ᠬᠦᠷᠳᠡᠭ ᠲᠠᠢ ᠠᠳᠠᠯᠢ ᠶᠣᠰᠦᠨ          

ᠪᠢᠯᠡ᠃ ᠲᠡᠶᠢᠮᠦ ᠠᠴᠠ ᠵᠥᠪ ᠠᠭᠤᠯᠭ᠎ᠠ ᠦᠵᠡᠯᠲᠡ ᠲᠠᠢ ᠨᠣᠮ ᠤᠳ ᠢ ᠪᠦᠷ ᠤᠩᠰᠢᠵᠤ ᠪᠣᠯᠣᠨ᠎ᠠ᠃ ᠭᠡᠬᠦ ᠳᠤ ᠪᠠᠨ

ᠳᠤᠷ᠎ᠠ ᠰᠣᠨᠢᠷᠬᠠᠯ ᠪᠣᠯᠣᠨ ᠬᠦᠯᠢᠶᠡᠨ ᠠᠪᠬᠤ ᠲᠦᠪᠰᠢᠨ ᠳᠤ ᠨᠢ ᠲᠣᠬᠢᠷᠠᠭᠰᠠᠨ ᠰᠣᠩᠭᠤᠳᠠᠭ ᠰᠢᠯᠢᠳᠡᠭ ᠨᠣᠮ

ᠪᠢᠴᠢᠭ ᠢ ᠲᠠᠨᠢᠯᠴᠠᠭᠤᠯᠵᠤ ᠤᠩᠰᠢᠭᠤᠯᠬᠤ ᠨᠢ ᠨᠡᠩ ᠠᠴᠢ ᠦᠢᠯᠡᠳᠦᠯ ᠲᠠᠢ᠃

      ᠬᠤᠶᠠᠷ᠂ ᠤᠩᠰᠢᠯᠭ᠎ᠠ ᠶᠢᠨ ᠲᠤᠭ᠎ᠠ ᠨᠣᠷᠮ᠎ᠠ ᠶᠢ ᠨᠡᠮᠡᠭᠳᠡᠭᠦᠯᠭᠦ

      ︽ᠬᠢᠴᠢᠶᠡᠯ ᠤᠨ ᠪᠠᠷᠢᠮᠵᠢᠶ᠎ᠠ︾ ᠳᠤ ᠰᠤᠷᠤᠭᠴᠢᠳ ᠤᠨ ᠶᠢᠰᠤᠨ ᠵᠢᠯ ᠤᠨ ᠳᠤᠷᠰᠢᠬᠢ ᠤᠩᠰᠢᠯᠭ᠎ᠠ ᠶᠢᠨ

ᠶᠡᠷᠤᠩᠬᠡᠢ ᠬᠡᠮᠵᠢᠶ᠎ᠠ ᠶᠢ 385 ᠳᠦᠮᠡᠨ ᠦᠭᠡ ᠠᠴᠠ ᠳᠡᠭᠡᠭᠰᠢ ᠪᠠᠶᠢᠯᠭᠠᠬᠤ ᠶᠢ ᠱᠠᠭᠠᠷᠳᠠᠵᠠᠢ᠃ ᠤᠩᠰᠢᠯᠭ᠎ᠠ ᠶᠢᠨ

ᠲᠤᠭ᠎ᠠ ᠨᠣᠷᠮ᠎ᠠ ᠶᠢ ᠨᠡᠮᠡᠭᠳᠡᠭᠦᠯᠬᠦ ᠨᠢ ᠬᠤᠶᠠᠷ ᠠᠭᠤᠯᠭ᠎ᠠ ᠲᠠᠢ᠃ ᠨᠢᠭᠡ ᠨᠢ ᠤᠩᠰᠢᠬᠤ ᠦᠭᠡ ᠥᠰᠦᠭ ᠤᠨ ᠲᠤᠭ᠎ᠠ

ᠣᠯᠠᠨ ᠪᠠᠶᠢᠬᠤ ᠶᠢ ᠵᠢᠭᠠᠨ᠎ᠠ᠃ ︽ᠨᠣᠮ ᠣᠯᠠᠨ ᠤᠩᠰᠢᠪᠠᠰᠤ ᠪᠢᠷ ᠤᠨ ᠦᠵᠦᠭᠦᠷ ᠰᠢᠳᠢ ᠣᠷᠣᠰᠢᠮᠤᠢ︾ ᠭᠡᠭᠴᠢ

ᠡᠨᠡ ᠪᠣᠯᠣᠨ᠎ᠠ᠃ ᠢᠩᠭᠢᠵᠤ ᠥᠷᠭᠡᠨ ᠬᠡᠪᠴᠢᠶᠡᠨ ᠤ ᠨᠣᠮ ᠤᠩᠰᠢᠬᠤ ᠨᠢ ᠰᠤᠷᠤᠭᠴᠢᠳ ᠤᠨ ᠬᠡᠯᠡᠨ ᠤ ᠮᠡᠳᠡᠷᠡᠮᠵᠢ ᠶᠢ

ᠳᠡᠭᠡᠭᠰᠢᠯᠡᠭᠦᠯᠦᠨ᠂ ᠣᠶᠣᠨ ᠮᠡᠳᠡᠯᠭᠡ ᠶᠢ ᠲᠦᠯᠵᠢᠭᠦᠯᠵᠤ᠂ ᠤᠷᠠᠨ ᠬᠠᠷᠠᠭ᠎ᠠ ᠶᠢ ᠥᠷᠭᠡᠵᠢᠭᠦᠯᠳᠡᠭ᠃ ᠡ᠊ᠨᠡ ᠭᠦ

ᠱᠠᠭᠠᠷᠳᠠᠯᠭ᠎ᠠ ᠪᠣᠯ ᠳᠡᠯᠡᠬᠡᠢ ᠪᠠᠷ ᠢᠶᠠᠨ ᠮᠡᠳᠡᠷᠡᠵᠦ ᠪᠠᠶᠢᠭ᠎ᠠ ᠤᠩᠰᠢᠯᠭ᠎ᠠ ᠶᠢ ᠰᠠᠶᠢᠵᠢᠷᠠᠭᠤᠯᠬᠤ ᠬᠠᠮᠤᠭ ᠤᠨ

ᠦᠨᠳᠦᠰᠦᠨ ᠠᠷᠭ᠎ᠠ ᠠᠪᠴᠠᠯ ᠪᠣᠯᠣᠨ᠎ᠠ᠃ ᠨᠥᠭᠦᠭᠡ ᠨᠢ ᠨᠣᠮ ᠢ ᠣᠯᠠᠨ ᠲᠠᠬᠢᠨ ᠤᠩᠰᠢᠬᠤ ᠶᠢ          

ᠵᠢᠭᠠᠨ᠎ᠠ᠃ ︽ᠨᠣᠮ ᠢ ᠵᠠᠭᠤᠨᠲᠠ ᠤᠩᠰᠢᠪᠠᠰᠤ ᠤᠳᠬ᠎ᠠ ᠠᠨᠤ ᠥᠪᠡᠷ ᠢᠶᠠᠨ ᠢᠯᠡᠷᠡᠮᠦᠢ︾ ᠭᠡᠭᠴᠢ ᠪᠠᠷ ᠰᠣᠩᠭᠤᠳᠠᠭ

ᠨᠣᠮ ᠵᠣᠬᠢᠶᠠᠯ ᠢ ᠠᠬᠢᠨ ᠲᠠᠬᠢᠨ ᠤᠩᠰᠢᠬᠤ ᠪᠠᠷ ᠳᠠᠮᠵᠢᠨ ᠨᠡᠩ ᠭᠦᠨ ᠭᠦᠨᠵᠡᠭᠡᠢ ᠣᠢᠢᠯᠠᠭᠠᠯᠲᠠ ᠣᠯᠣᠯᠲᠠ ᠲᠠᠢ

ᠪᠣᠯᠳᠠᠭ᠃ ᠡᠶᠢᠮᠦ ᠠᠴᠠ ᠰᠤᠷᠤᠭᠴᠢᠳ ᠤᠨ ᠨᠣᠮ ᠵᠣᠬᠢᠶᠠᠯ ᠤᠩᠰᠢᠬᠤ ᠤᠷᠮ᠎ᠠ ᠶᠢ ᠨᠢ ᠳᠠᠶᠢᠴᠢᠯᠠᠨ᠂ ᠪᠡᠶ᠎ᠡ ᠪᠠᠨ

ᠳᠠᠭᠠᠭᠠᠵᠤ ᠤᠩᠰᠢᠬᠤ ᠴᠢᠳᠠᠪᠤᠷᠢ ᠲᠠᠢ᠂ ᠬᠡᠯᠡᠨ ᠤ ᠬᠤᠷᠠᠮᠳᠤᠭᠤᠯᠤᠯ ᠪᠠᠶᠠᠯᠢᠭ᠂ ᠬᠡᠯᠡᠨ ᠤ ᠮᠡᠳᠡᠷᠡᠮᠵᠢ ᠰᠠᠶᠢᠲᠠᠢ᠂

ᠬᠠᠶᠢᠷ᠎ᠠ ᠰᠡᠳᠭᠢᠯᠭᠡ ᠶᠢᠨ ᠤᠶᠢᠯᠠᠭᠠᠯᠲᠠ ᠲᠦᠷᠦᠭᠳᠡᠯ ᠲᠠᠢ ᠪᠣᠯᠭᠠᠬᠤ ᠪᠠᠷ ᠤᠩᠰᠢᠯᠭ᠎ᠠ ᠶᠢᠨ ᠲᠤᠭ᠎ᠠ ᠨᠣᠷᠮ᠎ᠠ ᠶᠢ

ᠨᠡᠮᠡᠭᠳᠡᠭᠦᠯᠬᠦ ᠬᠡᠷᠡᠭᠲᠡᠢ᠃ ᠤᠯᠠᠨ ᠨᠤᠮ ᠤᠩᠰᠢᠭᠤᠯᠵᠤ᠂ ᠰᠠᠶᠢᠨ ᠨᠤᠮ ᠢ ᠣᠯᠠᠨ ᠳᠠᠬᠢᠨ ᠤᠩᠰᠢᠭᠤᠯᠵᠤ᠂ ᠪᠦᠲᠦᠨ

ᠨᠤᠮ ᠤᠩᠰᠢᠭᠤᠯᠵᠤ᠂ ᠪᠠᠭ᠋ᠠᠲᠠᠢ ᠤᠩᠰᠢᠭᠤᠯᠤᠨ᠎ᠠ᠃ ᠰᠤᠷᠤᠭᠴᠢᠳ ᠤᠨ ᠤᠯᠠᠨ ᠵᠦᠢᠯ ᠤᠨ ᠵᠠᠭᠤᠴᠢᠯᠠᠭᠤᠷ ᠢᠶᠠᠷ

ᠨᠤᠮ ᠤᠩᠰᠢᠬᠤ ᠶᠢ ᠠᠩᠬᠠᠷᠴᠤ᠂ ᠦᠪᠡᠰᠦᠪᠡᠨ ᠨᠤᠮ ᠰᠤᠩᠭᠤᠵᠤ ᠤᠩᠰᠢᠬᠤ ᠶᠢ ᠵᠤᠷᠢᠬᠵᠢᠭᠤᠯᠤᠨ᠎ᠠ᠃

      ᠭᠤᠷᠪᠠ᠂ ᠤᠩᠰᠢᠯᠭ᠎ᠠ ᠶᠢᠨ ᠠᠷᠭ᠎ᠠ ᠠᠪᠴᠠᠯ ᠢ ᠤᠶᠠᠯᠳᠤᠭᠤᠯᠬᠤ

      ︽ᠬᠢᠴᠢᠶᠡᠯ ᠤᠨ ᠪᠠᠷᠢᠮᠵᠢᠶ᠎ᠠ︾ ᠳᠤ ︽ᠳᠤᠮᠳᠠᠳᠦ ᠪᠠᠭ᠎ᠠ ᠰᠤᠷᠭᠠᠭᠤᠯᠢ ᠶᠢᠨ ᠰᠤᠷᠤᠭᠴᠢᠳ ᠤᠯᠠᠨ

ᠵᠦᠢᠯ ᠤᠨ ᠤᠩᠰᠢᠬᠤ ᠠᠷᠭ᠎ᠠ ᠶᠢ ᠪᠤᠯᠪᠠᠰᠤᠷᠠᠩᠭᠤᠢ ᠡᠵᠡᠮᠰᠢᠨ᠂ ᠪᠡᠶ᠎ᠡ ᠪᠠᠨ ᠳᠠᠭᠠᠭᠠᠵᠤ ᠤᠩᠰᠢᠬᠤ ᠴᠢᠳᠠᠪᠤᠷᠢ ᠲᠠᠢ᠂

ᠬᠡᠯᠡᠨ ᠤ ᠬᠤᠷᠠᠮᠳᠤᠭᠤᠯᠤᠯ ᠪᠠᠶᠠᠯᠢᠭ᠂ ᠬᠡᠯᠡᠨ  ᠤ ᠮᠡᠳᠡᠷᠡᠮᠵᠢ ᠰᠠᠶᠢᠲᠠᠢ᠂ ᠬᠠᠶᠢᠷ᠎ᠠ ᠰᠡᠳᠭᠢᠯᠭᠡ ᠶᠢᠨ ᠤᠶᠢᠯᠠᠭᠠᠯᠲᠠ

ᠲᠦᠷᠦᠭᠳᠡᠯ ᠲᠠᠢ ᠪᠤᠯᠤᠨ᠎ᠠ᠃ ᠡᠩ ᠤᠨ ᠰᠤᠨᠢᠨ ᠰᠡᠳᠭᠦᠯ᠂ ᠨᠤᠮ ᠪᠢᠴᠢᠭ ᠢ ᠤᠩᠰᠢᠵᠤ ᠤᠶᠢᠯᠠᠭᠠᠬᠤ ᠪᠦᠭᠡᠳ

ᠤᠷᠠᠨ ᠵᠤᠬᠢᠶᠠᠯ ᠰᠤᠨᠢᠷᠬᠠᠬᠤ ᠠᠩᠬ᠎ᠠ ᠠᠯᠬᠤᠮ ᠤᠨ ᠴᠢᠳᠠᠪᠤᠷᠢ ᠶᠢ ᠪᠦᠷᠢᠯᠳᠦᠭᠦᠯᠦᠨ᠎ᠡ︾ ᠭᠡᠵᠤ ᠱᠠᠭᠠᠷᠲᠠᠵᠠᠢ᠃

      ᠬᠥᠮᠥᠨ ᠤ ᠥᠰᠦᠨ ᠪᠤᠶᠢᠵᠢᠯᠲᠠ ᠶᠢᠨ ᠠᠳᠠᠯᠢ ᠪᠤᠰᠤ ᠨᠠᠰᠤ ᠵᠢᠯ᠂ ᠬᠠᠷᠠᠯᠲᠠ ᠵᠣᠷᠢᠯᠭ᠎ᠠ᠂ ᠣᠷᠴᠢᠨ

ᠲᠤᠭᠤᠷᠢᠨ ᠵᠡᠷᠭᠡ ᠣᠯᠠᠨ ᠨᠦᠬᠦᠴᠡᠯ ᠠᠴᠠ ᠨᠣᠮ ᠤᠩᠰᠢᠬᠤ ᠳᠤ ᠪᠠᠨ ᠤᠩᠰᠢᠯᠭ᠎ᠠ ᠶᠢᠨ ᠣᠯᠠᠨ ᠠᠷᠭ᠎ᠠ ᠠᠴᠠ

ᠥᠪᠡᠷ ᠲᠤ ᠪᠠᠨ ᠵᠣᠬᠢᠴᠠᠭᠰᠠᠨ ᠠᠷᠭ᠎ᠠ ᠶᠢ ᠰᠣᠩᠭᠤᠵᠤ᠂ ᠤᠩᠰᠢᠯᠭ᠎ᠠ ᠶᠢᠨ ᠬᠠᠷᠠᠯᠲᠠ ᠳᠤ ᠪᠠᠨ          

ᠬᠦᠷᠳᠡᠭ᠃ ᠡᠭᠦᠨ ᠳᠤ ᠮᠣᠩᠭᠤᠯ ᠬᠡᠯᠠ ᠪᠢᠴᠢᠭ ᠨᠢ ᠦᠨᠳᠦᠰᠦᠨ ᠰᠠᠭᠤᠷᠢ ᠬᠢᠴᠢᠶᠡᠯ ᠲᠤᠯᠠ ᠤᠩᠰᠢᠬᠤ

ᠴᠢᠳᠠᠪᠤᠷᠢ ᠶᠢᠨ ᠬᠥᠮᠦᠵᠢᠯ ᠢ ᠠᠯᠬᠤᠮ ᠳᠠᠷᠠᠭᠠᠯᠠᠯ ᠲᠠᠢ᠂ ᠰᠢᠰᠲ᠋ᠧᠮ ᠵᠣᠬᠢᠴᠠᠯ ᠲᠠᠢ᠂ ᠬᠠᠨᠳᠤᠯᠭᠠᠲᠦ ᠰᠢᠨᠵᠢ ᠲᠠᠢ

ᠪᠡᠶᠡᠯᠡᠭᠦᠯᠬᠦ ᠬᠡᠷᠡᠭᠲᠡᠢ᠃ ᠰᠤᠷᠤᠭᠴᠢᠳ ᠤᠨ ᠹᠢᠽᠢᠤᠯᠤᠬᠢ᠂ ᠰᠡᠳᠭᠢᠴᠡ᠂ ᠬᠡᠯᠡᠨ ᠤ ᠴᠢᠳᠠᠪᠤᠷᠢ ᠶᠢᠨ ᠬᠦᠭᠵᠢᠯᠲᠡ

 ᠨᠢ ᠱᠠᠲᠤ ᠦᠶᠡᠴᠢ ᠤᠨᠴᠠᠯᠢᠭ ᠰᠢᠨᠵᠢ ᠲᠠᠢ᠂ ᠠᠳᠠᠯᠢ ᠪᠤᠰᠤ ᠶᠢᠨ ᠵᠢᠭᠠᠬᠤ ᠠᠭᠤᠯᠭ᠎ᠠ ᠨᠢ ᠴᠤ ᠦᠪᠡᠷ ᠦᠪᠡᠷ ᠤᠨ

ᠬᠢᠨᠢ ᠵᠢᠭᠠᠨ ᠰᠤᠷᠭᠠᠬᠤ ᠵᠢᠮ᠎ᠡ ᠶᠤᠰᠤ ᠲᠠᠢ ᠪᠠᠶᠢᠳᠠᠭ᠃ ᠡᠶᠢᠨ ᠬᠦ ᠠᠳᠠᠯᠢ ᠪᠤᠰᠤ ᠶᠢᠨ ᠱᠠᠲᠤᠨ ᠤ ᠰᠤᠷᠤᠭᠴᠢᠳ ᠤᠨ

ᠤᠨᠴᠠᠯᠢᠭ ᠪᠤᠯᠤᠨ ᠠᠳᠠᠯᠢ ᠪᠤᠰᠤ ᠶᠢᠨ ᠵᠢᠭᠠᠨ ᠰᠤᠷᠭᠠᠬᠤ ᠠᠭᠤᠯᠭ᠎ᠠ ᠳᠤ ᠪᠠᠨ ᠲᠤᠬᠢᠷᠠᠭᠤᠯᠤᠨ᠂ ᠤᠩᠰᠢᠯᠭ᠎ᠠ ᠶᠢᠨ

ᠵᠢᠯᠣᠭᠤᠳᠤᠮᠵᠢ ᠶᠢᠨ ᠠᠷᠭ᠎ᠠ ᠪᠤᠳᠤᠯᠭ᠎ᠠ ᠪᠠᠨ ᠠᠳᠠᠯᠢ ᠪᠤᠰᠤ ᠪᠠᠷ ᠲᠤᠭᠲᠠᠭᠠᠨ᠎ᠠ᠃

      ᠤᠩᠰᠢᠯᠭ᠎ᠠ ᠶᠢᠨ ᠵᠢᠭᠠᠨ ᠰᠤᠷᠭᠠᠯᠲᠠ ᠶᠢᠨ ᠭᠤᠤᠯᠳᠠᠯᠭ᠎ᠠ ᠨᠢ ᠰᠤᠷᠤᠭᠴᠢᠳ ᠤᠨ ᠤᠶᠢᠯᠠᠭᠠᠬᠤ ᠴᠢᠳᠠᠪᠤᠷᠢ᠂

ᠰᠤᠨᠢᠷᠬᠠᠬᠤ ᠴᠢᠳᠠᠪᠤᠷᠢ ᠪᠤᠯᠤᠨ ᠦᠨᠡᠯᠡᠬᠦ ᠴᠢᠳᠠᠪᠤᠷᠢ ᠶᠢ ᠬᠦᠮᠦᠵᠢᠭᠦᠯᠬᠦ ᠶᠠᠪᠤᠳᠠᠯ ᠪᠤᠯᠤᠨ᠎ᠠ᠃ ᠡᠶᠢᠮᠦᠷᠬᠦᠦ

ᠶᠡᠷᠦᠩᠬᠡᠶᠢᠯᠡᠭᠰᠡᠨ ᠴᠢᠳᠠᠪᠤᠷᠢ ᠶᠢ ᠬᠦᠮᠦᠵᠢᠭᠦᠯᠬᠦ ᠳᠤ ᠠᠳᠠᠯᠢ ᠪᠤᠰᠤ ᠶᠢᠨ ᠰᠤᠷᠤᠯᠭ᠎ᠠ ᠶᠢᠨ ᠱᠠᠲᠤᠨ ᠳᠤ ᠠᠯᠢ ᠨᠢᠭᠡ

ᠲᠠᠯ᠎ᠠ ᠶᠢᠨ ᠴᠢᠳᠠᠪᠤᠷᠢ ᠶᠢ ᠬᠦᠮᠦᠵᠢᠭᠦᠯᠭᠦ ᠪᠠᠷ ᠭᠤᠤᠯᠳᠠᠯᠭ᠎ᠠ ᠪᠤᠯᠭᠠᠨ᠎ᠠ᠃ ᠭᠡᠪᠡᠴᠦ ᠡᠭᠦᠨ ᠠᠴᠠ ᠪᠤᠯᠵᠤ ᠡᠳᠡᠭᠡᠷ ᠢ

ᠮᠧᠬᠠᠨᠢᠭ ᠢᠶᠠᠷ ᠰᠠᠯᠭᠠᠬᠤ ᠶᠢ ᠴᠡᠭᠡᠷᠯᠡᠨ᠎ᠡ᠃ ᠣᠯᠠᠨ ᠲᠥᠷᠥᠯ ᠤᠨ ᠤᠩᠰᠢᠯᠭ᠎ᠠ ᠶᠢᠨ ᠠᠷᠭ᠎ᠠ ᠠᠪᠴᠠᠯ ᠢ

ᠰᠥᠪᠡᠭᠴᠢᠯᠡᠵᠥ᠂ ᠰᠤᠷᠤᠭᠴᠢᠳ ᠤᠨ ᠰᠤᠨᠢᠭᠤᠴᠢ ᠰᠡᠳᠭᠢᠯᠭᠡ᠂ ᠰᠤᠷᠴᠤ ᠮᠡᠳᠡᠬᠦ ᠬᠦᠰᠡᠯ ᠢ ᠨᠢ ᠬᠦᠭᠵᠢᠭᠡᠵᠦ᠂

ᠪᠠᠭᠰᠢ ᠠᠴᠠ ᠰᠤᠷᠤᠭᠴᠢᠳ ᠤᠨ ᠤᠩᠰᠢᠯᠭ᠎ᠠ ᠶᠢ ᠳᠠᠭᠠᠭᠤᠯᠤᠨ ᠵᠢᠯᠤᠭᠤᠳᠬᠤ ᠪᠤᠶᠤ ᠰᠡᠩᠬᠡᠷᠡᠭᠦᠯᠦᠨ ᠳᠠᠶᠢᠴᠢᠯᠠᠬᠤ

ᠪᠠ ᠵᠢᠭᠠᠵᠤ ᠳᠤᠬᠢᠬᠤ ᠪᠠᠨ ᠴᠢᠩᠭᠠᠳᠬᠠᠨ᠎ᠠ᠃ ᠬᠡᠯᠡ ᠪᠢᠴᠢᠭ ᠤᠨ ᠦᠷᠭᠦᠯᠵᠢ ᠬᠡᠷᠡᠭᠯᠡᠳᠡᠭ ᠤᠩᠰᠢᠯᠭ᠎ᠠ ᠶᠢᠨ ᠠᠷᠭ᠎ᠠ

ᠭᠡᠪᠡᠯ᠄

      1. ᠦᠶᠡᠴᠢᠯᠡᠵᠦ ᠤᠩᠰᠢᠬᠤ ᠪᠤᠯᠤᠨ ᠦᠭᠡᠴᠢᠯᠡᠵᠦ ᠤᠩᠰᠢᠬᠤ

      ᠪᠠᠭ᠎ᠠ ᠰᠤᠷᠭᠠᠭᠤᠯᠢ ᠶᠢᠨ ᠨᠢᠭᠡ᠂ ᠬᠤᠶᠠᠳᠤᠭᠠᠷ ᠤᠨ ᠤ ᠪᠦᠬᠦ ᠬᠤᠭᠤᠴᠠᠭᠠᠨ ᠳᠤ ᠰᠤᠷᠤᠭᠴᠢᠳ ᠢ

ᠦᠶᠡᠴᠢᠯᠡᠨ ᠤᠩᠰᠢᠭᠤᠯᠬᠤ ᠳᠤ ᠴᠠᠭᠠᠷᠠᠭᠤᠯᠵᠤ᠂ ᠭᠤᠷᠪᠠᠳᠤᠭᠠᠷ ᠤᠨ ᠤ ᠲᠡᠭᠡᠳᠦ ᠬᠤᠭᠤᠴᠠᠭ᠎ᠠ ᠠᠴᠠ ᠡᠬᠢᠯᠡᠨ

ᠦᠭᠡᠴᠢᠯᠡᠨ ᠤᠩᠰᠢᠬᠤ ᠲᠡᠶᠢᠰᠢ ᠵᠢᠯᠤᠭᠤᠳᠤᠨ᠎ᠠ᠃ ᠡᠭᠦᠨ ᠳᠤ ᠰᠤᠷᠤᠭᠴᠢᠳ ᠤᠨ ᠤᠩᠰᠢᠯᠭ᠎ᠠ ᠶᠢᠨ ᠪᠤᠳᠠᠲᠠᠢ ᠬᠢᠷᠢ

ᠬᠡᠮᠵᠢᠶ᠎ᠡ ᠶᠢ ᠦᠨᠳᠦᠰᠦᠯᠡᠵᠦ᠂ ᠦᠶᠡᠴᠢᠯᠡᠵᠦ ᠤᠩᠰᠢᠬᠤ ᠪᠤᠯᠤᠨ ᠦᠭᠡᠴᠢᠯᠡᠵᠦ ᠤᠩᠰᠢᠬᠤ ᠶᠢ ᠠᠮᠢᠳᠤᠯᠢᠭ

ᠲᠤᠬᠢᠷᠠᠭᠤᠯᠤᠨ᠎ᠠ᠃ ᠭᠡᠪᠡᠴᠦ ᠦᠭᠡᠴᠢᠯᠡᠵᠦ ᠤᠩᠰᠢᠭᠤᠯᠬᠤ ᠠᠴᠠ ᠡᠮᠦᠨ᠎ᠡ ᠡᠷᠬᠡᠪᠰᠢ ᠦᠶᠡᠴᠢᠯᠡᠵᠦ ᠤᠩᠰᠢᠬᠤ ᠳᠤ

ᠴᠠᠭᠠᠷᠠᠭᠰᠠᠨ ᠪᠠᠶᠢᠬᠤ ᠶᠤᠰᠤᠲᠠᠢ᠃ ᠡᠨᠡ ᠨᠢ ᠮᠤᠩᠭᠤᠯ ᠬᠡᠯᠨᠨ ᠤ ᠵᠦᠪ ᠳᠠᠭᠤᠳᠠᠯᠭ᠎ᠠ᠂ ᠵᠦᠪ ᠪᠢᠴᠢᠯᠭᠡ ᠶᠢᠨ ᠵᠢᠮ᠎ᠡ

ᠬᠠᠤᠯᠢ ᠳᠤ ᠨᠡᠶᠢᠴᠡᠵᠦ ᠪᠠᠶᠢᠭ᠎ᠠ ᠱᠠᠭᠠᠷᠳᠠᠯᠭ᠎ᠠ ᠪᠤᠯᠬᠤ ᠶᠤᠮ᠃

      ᠦᠶᠡᠴᠢᠯᠡᠵᠦ ᠤᠩᠰᠢᠬᠤ ᠨᠢ ᠦᠭᠡ ᠬᠡᠯᠡ ᠥᠰᠦᠭ ᠪᠢᠴᠢᠭ ᠢ ᠡᠬᠢᠯᠡᠵᠤ ᠰᠤᠷᠬᠤ ᠳᠤ ᠭᠤᠣᠯ ᠬᠡᠷᠡᠭᠯᠡᠳᠡᠭ᠂

ᠲᠡᠷᠡ ᠨᠢ ᠵᠥᠪ ᠲᠣᠳᠣ ᠤᠩᠰᠢᠬᠤ ᠳᠤ ᠲᠤᠰᠠᠯᠠᠳᠠᠭ ᠮᠥᠷᠲᠡᠭᠡᠨ ᠵᠥᠪ ᠪᠢᠴᠢᠯᠭᠡ ᠳᠤ ᠴᠤ ᠰᠠᠭᠤᠷᠢ ᠲᠠᠯᠪᠢᠳᠠᠭ

ᠦᠢᠯᠡᠳᠦᠯ ᠲᠠᠢ᠃ ᠪᠠᠭ᠎ᠠ ᠰᠣᠷᠭᠠᠭᠤᠯᠢ ᠶᠢᠨ ᠨᠢᠭᠡ᠂ ᠬᠤᠶᠠᠳᠤᠭᠠᠷ ᠤᠠ ᠤ ᠬᠤᠭᠤᠴᠠᠭᠠᠠ ᠳᠤ ᠦᠶᠡᠴᠢᠯᠡᠨ

ᠤᠡᠭᠰᠢᠬᠤ ᠶᠢ ᠴᠢᠩᠭ᠎ᠠ ᠱᠠᠭᠠᠷᠳᠠᠠ ᠤᠩᠰᠢᠭᠤᠯᠬᠤ ᠬᠡᠷᠡᠭᠳᠠᠢ᠃ ᠤᠴᠢᠷ ᠨᠢ ᠪᠠᠭ᠎ᠠ ᠰᠣᠷᠭᠠᠭᠤᠯᠢ ᠶᠢᠨ ᠨᠢᠭᠡ᠂

ᠬᠤᠶᠠᠳᠤᠭᠠᠷ ᠤᠠ ᠪᠣᠯ ᠦᠬᠡ ᠶᠢᠨ ᠲᠦᠷᠰᠣ ᠪᠣᠶᠣ ᠪᠦᠳᠣᠴᠠ ᠶᠢ ᠲᠠᠨᠢᠭᠤᠯᠬᠤ᠂ ᠵᠥᠪ ᠪᠢᠴᠢᠬᠦ  ᠳᠤ ᠰᠠᠭᠤᠷᠢ

ᠲᠠᠯᠪᠢᠬᠤ ᠵᠡᠩᠬᠢᠯᠠᠭ᠎ᠠ ᠶᠢᠨ ᠦᠶ᠎ᠠ ᠪᠣᠯᠬᠤ ᠲᠣᠯᠠ ᠦᠶᠡᠴᠢᠯᠡᠨ ᠤᠡᠭᠰᠢᠬᠤ ᠶᠢ ᠴᠢᠩᠭ᠎ᠠ ᠱᠠᠭᠠᠷᠳᠠᠠ ᠤᠩᠰᠢᠭᠤᠯᠬᠤ

ᠬᠡᠷᠡᠭᠳᠠᠢ᠃

      ᠦᠭᠡᠴᠢᠯᠡᠵᠦ ᠤᠩᠰᠢᠬᠤ ᠨᠢ ᠤᠩᠰᠢᠬᠤ ᠬᠤᠷᠲᠤᠴᠠ ᠶᠢ ᠳᠡᠭᠡᠭᠰᠢᠯᠡᠭᠦᠯᠵᠦ᠂ ᠬᠡᠯᠡᠨ ᠤ ᠪᠣᠯᠪᠠᠰᠤᠷᠠᠯ ᠢ

ᠴᠢᠩᠭᠠᠳᠬᠠᠬᠤ ᠶᠢᠨ ᠬᠠᠮᠲᠦ ᠦᠭᠡ ᠥᠭᠦᠯᠡᠪᠦᠷᠢ ᠶᠢ ᠣᠢᠢᠯᠠᠭᠠᠨ ᠡᠵᠡᠮᠰᠢᠬᠦ ᠳᠤ ᠲᠤᠰᠠᠯᠠᠳᠠᠭ᠃

      2. ᠳᠠᠭᠤᠲᠠᠢ ᠤᠩᠰᠢᠬᠤ ᠪᠣᠯᠣᠨ ᠳᠠᠭᠤ ᠦᠭᠡᠢ ᠤᠩᠰᠢᠬᠤ

      ᠳᠠᠭᠤᠲᠠᠢ ᠤᠩᠰᠢᠯᠭ᠎ᠠ ᠪᠣᠯᠣᠨ ᠳᠠᠭᠤ ᠦᠭᠡᠢ ᠤᠩᠰᠢᠯᠭ᠎ᠠ ᠪᠣᠯ ᠳᠤᠮᠳᠠᠳᠦ ᠪᠠᠭ᠎ᠠ ᠰᠤᠷᠭᠠᠭᠤᠯᠢ ᠶᠢᠨ

ᠰᠤᠷᠤᠭᠴᠢᠳ ᠤᠨ ᠤᠩᠰᠢᠯᠭ᠎ᠠ ᠶᠢᠨ ᠦᠨᠳᠦᠰᠦᠨ ᠬᠡᠯᠪᠡᠷᠢ ᠪᠣᠯᠣᠨ᠎ᠠ᠃ ᠳᠠᠭᠤᠲᠠᠢ ᠤᠩᠰᠢᠯᠭ᠎ᠠ ᠪᠣᠯᠣᠨ ᠳᠠᠭᠤ

ᠦᠭᠡᠢ ᠤᠩᠰᠢᠯᠭ᠎ᠠ ᠨᠢ ᠲᠤᠰ ᠲᠤᠰ ᠤᠨ ᠳᠠᠪᠠᠭᠤᠯᠢᠭ ᠲᠠᠯ᠎ᠠ ᠪᠠ ᠳᠤᠲᠠᠭᠳᠠᠯ ᠲᠠᠢ ᠲᠠᠯ᠎ᠠ ᠲᠠᠢ ᠲᠤᠯᠠ

ᠤᠶᠠᠯᠳᠤᠭᠤᠯᠵᠤ ᠬᠡᠷᠡᠭᠯᠡᠳᠡᠭ᠃

      ① ᠳᠠᠭᠤᠲᠠᠢ ᠤᠩᠰᠢᠯᠭ᠎ᠠ᠄ ᠳᠠᠭᠤᠲᠠᠢ ᠤᠩᠰᠢᠬᠤ ᠨᠢ ᠦᠰᠦᠭ ᠪᠢᠴᠢᠭ ᠢ ᠠᠪᠢᠶ᠎ᠠ ᠪᠣᠯᠭᠠᠨ

ᠬᠤᠪᠢᠷᠠᠭᠤᠯᠬᠤ ᠪᠦᠲᠦᠭᠡᠯᠴᠢ ᠠᠵᠢᠯᠯᠠᠭ᠎ᠠ ᠮᠥᠨ᠃ ᠲᠡᠷᠡ ᠨᠢ ᠬᠡᠯᠡ ᠵᠥᠭᠰᠢᠷᠡᠭᠦᠯᠬᠦ᠂ ᠪᠠᠷᠢᠮᠵᠢᠶ᠎ᠠ ᠤᠩᠰᠢᠯᠭ᠎ᠠ ᠶᠢ

ᠬᠢᠨᠠᠵᠤ ᠵᠢᠯᠤᠭᠤᠳᠬᠤ᠂ ᠬᠢᠴᠢᠶᠡᠯ ᠳᠤ ᠬᠠᠷᠢᠯᠴᠠᠨ ᠰᠣᠨᠣᠰᠴᠦ ᠬᠠᠮᠲᠦ ᠳᠤ ᠪᠠᠨ ᠰᠤᠷᠤᠯᠴᠠᠬᠤ ᠵᠡᠷᠭᠡ ᠳᠤ ᠠᠰᠢᠭ

ᠦᠢᠯᠡᠳᠦᠯ ᠥᠨᠳᠦᠷ ᠲᠤᠯᠠ ᠳᠤᠮᠳᠠᠳᠦ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠩᠰᠢᠯᠭ᠎ᠠ ᠶᠢᠨ ᠭᠤᠣᠯ

ᠠᠷᠭ᠎ᠠ ᠪᠠᠷᠢᠯ ᠪᠣᠯᠵᠠᠢ᠃ ᠳᠠᠭᠤᠲᠠᠢ ᠤᠩᠰᠢᠬᠤ ᠳᠤ ᠪᠣᠯᠪᠠᠰᠤᠷᠠᠩᠭᠤᠢ ᠤᠩᠰᠢᠯᠭ᠎ᠠ ᠪᠠ ᠤᠷᠠᠨ ᠲᠣᠳᠣ ᠤᠩᠰᠢᠯᠭ᠎ᠠ

ᠵᠡᠷᠭᠡ ᠪᠠᠭᠲᠠᠨ᠎ᠠ᠃

      ᠪᠣᠯᠪᠠᠰᠤᠷᠠᠩᠭᠤᠢ ᠤᠩᠰᠢᠯᠭ᠎ᠠ ᠶᠢᠨ ᠦᠨᠳᠦᠰᠦᠨ ᠱᠠᠭᠠᠷᠳᠠᠯᠭ᠎ᠠ ᠪᠣᠯ ᠰᠤᠷᠤᠯᠭ᠎ᠠ ᠶᠢᠨ ᠱᠠᠲᠤᠨ ᠤ          

ᠠᠳᠠᠯᠢ ᠪᠤᠰᠤ ᠬᠤᠭᠤᠴᠠᠭᠠᠨ ᠳᠤ ᠲᠤᠭᠲᠠᠭᠰᠠᠨ ᠬᠤᠷᠳᠤᠴᠠ ᠪᠠᠷ ᠵᠥᠪ ᠪᠦᠭᠡᠳ ᠲᠣᠳᠣ ᠤᠩᠰᠢᠬᠤ ᠶᠢ          

ᠵᠢᠭᠠᠨ᠎ᠠ᠃ ᠡᠭᠦᠨ ᠳᠤ ᠵᠥᠪ ᠤᠩᠰᠢᠬᠤ ᠨᠢ ᠦᠭᠡ ᠥᠰᠦᠭ ᠢ ᠪᠠᠷᠢᠮᠵᠢᠶ᠎ᠡ ᠠᠪᠢᠶ᠎ᠡ ᠪᠠᠷ ᠤᠩᠰᠢᠬᠤ ᠶᠢ ᠵᠢᠭᠠᠨ᠎ᠠ᠂

ᠮᠦᠨ ᠴᠦ ᠥᠰᠦᠭ ᠨᠡᠮᠡᠵᠤ ᠬᠠᠰᠤᠬᠤ ᠦᠭᠡᠢ ᠪᠤᠶᠤ ᠥᠭᠡᠷᠡᠴᠢᠯᠡᠵᠤ ᠤᠩᠰᠢᠬᠤ ᠦᠭᠡᠢ᠂ ᠥᠰᠦᠭ ᠤᠨ ᠣᠷᠤᠨ

ᠪᠠᠶᠢᠷᠢ ᠶᠢ ᠰᠣᠯᠢᠵᠤ ᠤᠩᠰᠢᠬᠤ ᠦᠭᠡᠢ ᠵᠡᠷᠭᠡ ᠶᠢ ᠱᠠᠭᠠᠷᠲᠠᠨ᠎ᠠ᠃ ᠲᠣᠳᠣ ᠤᠩᠰᠢᠬᠤ ᠨᠢ ᠦᠭᠡ ᠥᠰᠥᠭ᠂

ᠥᠭᠦᠯᠡᠪᠦᠷᠢ ᠶᠢ ᠲᠣᠳᠣ ᠴᠢᠩᠭ᠎ᠠ ᠠᠪᠢᠶᠠᠯᠠᠵᠤ ᠤᠩᠰᠢᠬᠤ ᠶᠢ ᠬᠡᠯᠡᠨ᠎ᠡ᠃

      ᠤᠷᠠᠨ ᠲᠣᠳᠣ ᠤᠩᠰᠢᠯᠭ᠎ᠠ ᠨᠢ ᠪᠣᠯᠪᠠᠰᠤᠷᠠᠩᠭᠤᠢ ᠤᠩᠰᠢᠬᠤ ᠶᠢᠨ ᠰᠠᠭᠤᠷᠢᠨ ᠳᠤ ᠤᠷᠤᠰᠤᠮ᠎ᠠ ᠤᠩᠰᠢᠬᠤ᠂

ᠰᠡᠳᠬᠢᠯᠭᠡ ᠲᠠᠢ ᠤᠩᠰᠢᠬᠤ ᠶᠢ ᠵᠢᠭᠠᠨ᠎ᠠ᠃ ᠤᠷᠤᠰᠤᠮ᠎ᠠ ᠤᠩᠰᠢᠬᠤ ᠨᠢ ᠵᠣᠬᠢᠶᠠᠯ ᠤᠩᠰᠢᠬᠤ ᠳᠤ ᠪᠠᠨ ᠴᠡᠭ ᠲᠡᠮᠳᠡᠭ

ᠵᠡᠷᠭᠡ ᠶᠢ ᠦᠨᠳᠦᠰᠦᠯᠡᠨ ᠵᠣᠭᠰᠤᠯᠲᠠ ᠵᠠᠪᠰᠠᠷᠯᠠᠯᠲᠠ ᠲᠤᠬᠢᠷᠠᠮᠵᠢᠲᠠᠢ᠂ ᠲᠤᠷᠴᠦ ᠲᠡᠭᠡᠭᠯᠡᠬᠦ ᠦᠭᠡᠢ᠂ ᠠᠮᠢᠰᠬᠤᠯ

ᠴᠢᠯᠥᠭᠡᠲᠡᠢ ᠮᠥᠷᠲᠡᠭᠡᠨ ᠡᠯ᠎ᠡ ᠰᠤᠷᠤᠯᠭ᠎ᠠ ᠶᠢᠨ ᠱᠠᠲᠤᠨ ᠤ ᠠᠳᠠᠯᠢ ᠪᠤᠰᠤ ᠤᠩᠰᠢᠬᠤ ᠬᠤᠷᠳᠤᠴᠠ ᠶᠢ ᠪᠡᠶᠡᠯᠡᠭᠦᠯᠬᠦ ᠶᠢ

ᠵᠢᠭᠠᠵᠤ ᠪᠠᠶᠢᠨ᠎ᠠ᠃ ᠰᠡᠳᠬᠢᠯᠭᠡ ᠲᠠᠢ ᠤᠩᠰᠢᠬᠤ ᠨᠢ ᠵᠣᠬᠢᠶᠠᠭᠴᠢ ᠶᠢᠨ ᠵᠣᠬᠢᠶᠠᠯ ᠳᠤ ᠢᠯᠡᠷᠡᠭᠦᠯᠦᠭᠰᠡᠨ ᠣᠪᠤᠷ

ᠰᠡᠳᠭᠢᠯᠭᠡ ᠶᠢ ᠤᠬᠠᠵᠤ ᠣᠢᠢᠯᠠᠭᠠᠨ᠂ ᠵᠣᠬᠢᠶᠠᠭᠴᠢ ᠶᠢᠨ ᠣᠪᠤᠷ ᠰᠡᠳᠭᠢᠯᠭᠡ ᠶᠢ ᠪᠠᠷᠢᠵᠤ ᠤᠩᠰᠢᠬᠤ ᠶᠢ ᠬᠡᠯᠡᠨ᠎ᠡ᠃

      ᠠᠯᠪᠠᠨ ᠵᠢᠷᠦᠮ ᠤᠨ ᠰᠤᠷᠭᠠᠨ ᠬᠥᠮᠦᠵᠢᠯ ᠤᠨ ᠬᠡᠯᠡ ᠪᠢᠴᠢᠭ ᠤᠨ ᠬᠢᠴᠢᠶᠡᠯ ᠤᠨ ︽ᠬᠢᠴᠢᠶᠡᠯ ᠤᠨ          

ᠪᠠᠷᠢᠮᠵᠢᠶ᠎ᠠ︾ ᠳᠤ ᠤᠩᠰᠢᠯᠭ᠎ᠠ ᠶᠢᠨ ᠬᠠᠷᠠᠯᠲᠠ ᠶᠢ ᠶᠢᠰᠦᠨ ᠵᠢᠯ  ᠤᠨ ᠲᠤᠭᠤᠰᠢᠳᠠ ᠲᠦᠰᠦᠪᠯᠡᠵᠦ᠂ ᠨᠢᠭᠡ ᠪᠠ

ᠬᠤᠶᠠᠳᠤᠭᠠᠷ ᠤᠨ᠂ ᠭᠤᠷᠪᠠ ᠪᠠ ᠳᠥᠷᠪᠡᠳᠦᠭᠡᠷ ᠤᠨ᠂ ᠲᠠᠪᠤ ᠪᠠ ᠵᠢᠷᠭᠤᠳᠤᠭᠠᠷ ᠤᠨ᠂ ᠳᠣᠯᠤᠭ᠎ᠠ ᠠᠴᠠ

ᠶᠢᠰᠦᠳᠦᠭᠡᠷ ᠤᠨ ᠭᠡᠬᠦ ᠲᠦᠷᠪᠡᠨ ᠰᠤᠷᠤᠯᠭ᠎ᠠ ᠶᠢᠨ ᠱᠠᠲᠤ ᠬᠤᠪᠢᠶᠠᠪᠠ᠃

      ᠨᠢᠭᠡᠳᠦᠭᠡᠷ ᠱᠠᠲᠤ ︵1᠂ 2 ᠳ᠋ᠤᠭᠠᠷ ᠤᠨ︶᠄ ᠪᠠᠶᠢᠩᠭᠤ ᠬᠡᠷᠡᠭᠯᠡᠳᠡᠭ 1500 ᠤᠷᠴᠢᠮ ᠦᠭᠡ ᠶᠢ

ᠲᠠᠨᠢᠵᠤ᠂ ᠬᠢᠴᠢᠶᠡᠯ ᠢ ᠵᠦᠪ ᠲᠤᠳᠤ ᠦᠶᠡᠴᠢᠯᠡᠨ ᠤᠩᠰᠢᠵᠤ ᠴᠢᠳᠠᠨ᠎ᠠ᠃ ᠰᠢᠯᠢᠳᠡᠭ ᠰᠠᠶᠢᠬᠠᠨ ᠬᠡᠦᠬᠡᠳ ᠤᠨ

ᠵᠤᠬᠢᠶᠠᠯ ᠠᠴᠠ ᠰᠤᠩᠭᠤᠳᠠᠭ ᠬᠡᠰᠡᠭ ᠪᠠᠳᠠᠭ ᠢ 30 ᠬᠤᠪᠢ ᠴᠡᠭᠡᠵᠢᠯᠡᠨ᠎ᠠ᠃ ᠬᠢᠴᠢᠶᠡᠯ ᠤᠨ ᠭᠠᠳᠠᠭᠤᠷ ᠤᠩᠰᠢᠭᠰᠠᠨ

ᠨᠤᠮ ᠤᠨ ᠦᠭᠡ ᠶᠢᠨ ᠲᠤᠭ᠎ᠠ ᠶᠢ 5 ᠲᠦᠮᠡ ᠠᠴᠠ ᠳᠡᠭᠡᠭᠰᠢ ᠪᠠᠶᠢᠯᠭᠠᠨ᠎ᠠ᠃

      ᠬᠤᠶᠠᠳᠤᠭᠠᠷ ᠱᠠᠲᠤ ︵3᠂ 4 ᠳ᠋ᠤᠭᠡᠷ ᠤᠨ︶᠄ ᠪᠠᠶᠢᠩᠭᠤ ᠬᠡᠷᠡᠭᠯᠡᠳᠡᠭ 2500 ᠤᠷᠴᠢᠮ ᠦᠭᠡ ᠶᠢ

ᠲᠠᠨᠢᠵᠤ᠂ ᠬᠢᠴᠢᠶᠡᠯ ᠢᠶᠠᠨ ᠵᠦᠪ ᠲᠤᠳᠤ᠂ ᠪᠤᠯᠪᠠᠰᠤᠷᠠᠩᠭᠤᠢ ᠦᠭᠡᠴᠢᠯᠡᠨ ᠤᠩᠰᠢᠵᠤ ᠴᠢᠳᠠᠨ᠎ᠠ᠂ ᠲᠠᠭᠤ ᠦᠭᠡᠢ

ᠤᠩᠰᠢᠵᠤ ᠴᠢᠳᠠᠨ᠎ᠠ᠃ ᠰᠢᠯᠢᠳᠡᠭ ᠰᠠᠶᠢᠬᠠᠨ ᠤᠬᠤᠷ ᠰᠢᠯᠦᠭ ᠨᠠᠶᠢᠷᠠᠭ ᠢ ᠤᠶᠠᠩᠭᠠᠯᠠᠨ ᠤᠩᠰᠢᠵᠤ ᠰᠤᠷᠬᠤ ᠪᠦᠭᠡᠳ

50 ᠬᠤᠪᠢ ᠴᠡᠭᠡᠵᠢᠯᠡᠨ᠎ᠡ᠃ ᠬᠢᠴᠢᠶᠡᠯ ᠤᠨ ᠭᠠᠳᠠᠭᠤᠷ ᠤᠩᠰᠢᠭᠰᠠᠨ ᠨᠤᠮ ᠤᠨ ᠦᠭᠡ ᠶᠢᠨ ᠲᠤᠭ᠎ᠠ ᠶᠢ 40

ᠲᠦᠮᠡ ᠠᠴᠠ ᠳᠡᠭᠡᠭᠰᠢ ᠪᠠᠶᠢᠯᠭᠠᠨ᠎ᠠ᠃

      ᠭᠤᠷᠪᠠᠳᠤᠭᠠᠷ ᠱᠠᠲᠤ ︵5᠂ 6 ᠳ᠋ᠤᠭᠠᠷ ᠤᠨ︶᠄ ᠪᠠᠶᠢᠩᠭᠤ ᠬᠡᠷᠡᠭᠯᠡᠳᠡᠭ 3300 ᠤᠷᠴᠢᠮ ᠦᠭᠡ ᠶᠢ

ᠲᠠᠨᠢᠵᠤ᠂ ᠵᠤᠬᠢᠶᠠᠯ ᠢ ᠪᠤᠯᠪᠠᠰᠤᠷᠠᠩᠭᠤᠢ᠂ ᠰᠡᠳᠭᠢᠯᠭᠡ ᠲᠠᠢ ᠪᠠᠷ ᠠᠪᠤᠨ ᠲᠤᠤᠷ᠎ᠠ ᠪᠠᠨ ᠳᠠᠭᠤ ᠲᠠᠢ ᠤᠩᠰᠢᠵᠤ

ᠴᠢᠳᠠᠬᠤ ᠪᠦᠭᠡᠳ ᠵᠤᠬᠢᠬᠤ ᠬᠤᠷᠳᠤᠴᠠ ︵ᠮᠢᠨᠦ᠋ᠲ ᠪᠦᠷᠢ 250 — 300 ᠦᠭᠡ︶ ᠲᠠᠢ ᠪᠠᠷ ᠳᠠᠭᠤ ᠦᠭᠡᠢ

ᠤᠩᠰᠢᠵᠤ ᠴᠢᠳᠠᠨ᠎ᠠ᠃ ᠲᠦᠢᠮᠤᠴᠢᠯᠠᠨ ᠤᠩᠰᠢᠬᠤ᠂ ᠬᠠᠶᠢᠨ ᠤᠩᠰᠢᠬᠤ ᠶᠢ ᠰᠤᠷᠤᠨ᠎ᠠ᠃ ᠢᠷᠠᠭᠤ ᠨᠠᠶᠢᠷᠠᠭ ᠢ

ᠠᠶᠢᠵᠠᠮ ᠬᠡᠮ ᠢ ᠨᠢ ᠵᠤᠬᠢᠴᠠᠭᠤᠯᠤᠨ᠂ ᠰᠡᠳᠭᠢᠯᠭᠡ ᠲᠠᠢ ᠪᠠᠷ ᠤᠶᠠᠩᠭᠠᠯᠠᠨ ᠤᠩᠰᠢᠵᠤ ᠴᠢᠳᠠᠨ᠎ᠠ᠃ ᠰᠢᠯᠢᠳᠡᠭ

ᠰᠠᠶᠢᠬᠠᠨ ᠢᠷᠠᠭᠤ ᠨᠠᠶᠢᠷᠠᠭ ᠠᠴᠠ 60 ᠬᠤᠪᠢ ᠴᠡᠭᠡᠵᠢᠯᠡᠨ᠎ᠡ᠃ ᠨᠤᠮ ᠤᠨ ᠰᠠᠩ᠂ ᠨᠧᠲ ᠵᠡᠷᠭᠡ ᠶᠢ ᠠᠰᠢᠭᠯᠠᠨ

ᠰᠦᠪᠡᠭᠴᠢᠯᠡᠨ ᠤᠩᠰᠢᠬᠤ ᠳᠤ ᠬᠦᠲᠦᠯᠦᠨ᠎ᠡ᠃ ᠤᠩᠰᠢᠯᠭ᠎ᠠ ᠶᠢᠨ ᠬᠡᠪᠴᠢᠶ᠎ᠡ ᠪᠠᠨ ᠦᠷᠭᠡᠳᠭᠡᠵᠦ᠂ ᠬᠢᠴᠢᠶᠡᠯ ᠤᠨ

ᠭᠠᠳᠠᠭᠤᠷ ᠤᠩᠰᠢᠭᠰᠠᠨ ᠨᠤᠮ ᠰᠡᠳᠭᠦᠯ ᠤᠨ ᠦᠭᠡ ᠶᠢᠨ ᠲᠤᠭ᠎ᠠ 100 ᠲᠦᠮᠡ ᠠᠴᠠ ᠳᠠᠪᠠᠭᠰᠠᠨ ᠪᠠᠶᠢᠪᠠᠯ

ᠵᠤᠬᠢᠨ᠎ᠠ᠃

      ᠲᠦᠷᠪᠡᠳᠦᠭᠡᠷ ᠱᠠᠲᠤ ︵7~9 ᠳ᠋ᠤᠭᠡᠷ ᠤᠨ︶᠄ ᠪᠠᠶᠢᠩᠭᠤ ᠬᠡᠷᠡᠭᠯᠡᠳᠡᠭ 4000 ᠤᠷᠴᠢᠮ ᠦᠭᠡ ᠶᠢ ᠵᠦᠪ

ᠤᠩᠰᠢᠵᠤ᠂ ᠡᠩ ᠤᠨ ᠨᠤᠮ ᠵᠤᠬᠢᠶᠠᠯ ᠢ ᠪᠤᠯᠪᠠᠰᠤᠷᠠᠩᠭᠤᠢ᠂ ᠰᠡᠳᠭᠢᠯᠭᠡ ᠲᠠᠢ ᠪᠠᠷ ᠠᠪᠤᠨ ᠲᠤᠤᠷ᠎ᠠ ᠪᠠᠨ ᠳᠠᠭᠤ ᠲᠠᠢ

ᠤᠩᠰᠢᠵᠤ ᠴᠢᠳᠠᠨ᠎ᠠ᠃ ᠳᠠᠭᠤ ᠦᠭᠡᠢ ᠤᠩᠰᠢᠬᠤ ᠳᠠᠳᠬᠠᠯ ᠲᠠᠢ ᠪᠤᠯᠵᠤ᠂ ᠮᠢᠨᠦ᠋ᠲ ᠪᠦᠷᠢ 200 — 400

ᠦᠭᠡ ᠶᠢᠨ ᠬᠤᠷᠳᠤᠴᠠ ᠪᠠᠷ ᠤᠩᠰᠢᠵᠤ ᠴᠢᠳᠠᠬᠤ ᠪᠦᠭᠡᠳ ᠵᠤᠬᠢᠶᠠᠯ ᠤᠨ ᠭᠤᠤᠯ ᠠᠭᠤᠯᠭ᠎ᠠ᠂ ᠵᠤᠬᠢᠶᠠᠭᠴᠢ ᠶᠢᠨ

ᠦᠵᠡᠯ ᠰᠡᠳᠭᠢᠯᠭᠡ ᠶᠢ ᠤᠶᠢᠯᠠᠭᠠᠨ᠎ᠠ᠃ ᠲᠦᠢᠮᠤᠴᠢᠯᠠᠨ ᠤᠩᠰᠢᠬᠤ᠂ ᠬᠠᠶᠢᠨ ᠤᠩᠰᠢᠬᠤ ᠠᠷᠭ᠎ᠠ ᠶᠢ

ᠪᠤᠯᠪᠠᠰᠤᠷᠠᠩᠭᠤᠢ ᠡᠵᠡᠮᠰᠢᠵᠦ᠂ ᠤᠩᠰᠢᠯᠭ᠎ᠠ ᠶᠢᠨ ᠬᠦᠷᠢᠶ᠎ᠡ ᠴᠠᠷᠠᠭ᠎ᠠ ᠪᠠᠨ ᠦᠷᠭᠡᠳᠭᠡᠨ᠎ᠡ᠃ ᠰᠢᠯᠢᠳᠡᠭ ᠰᠠᠶᠢᠬᠠᠨ

ᠰᠢᠯᠦᠭ ᠨᠠᠶᠢᠷᠠᠭ ᠢ 60~80 ᠬᠤᠪᠢ ᠴᠡᠭᠡᠵᠢᠯᠡᠵᠦ᠂ ᠬᠢᠴᠢᠶᠡᠯ ᠤᠨ ᠭᠠᠳᠠᠭᠤᠷ ᠤᠩᠰᠢᠭᠰᠠᠨ ᠨᠤᠮ ᠰᠡᠳᠭᠦᠯ ᠤᠨ

ᠦᠭᠡ ᠶᠢᠨ ᠲᠤᠭ᠎ᠠ 240 ᠲᠦᠮᠡ ᠠᠴᠠ ᠳᠠᠪᠠᠭᠰᠠᠨ ᠪᠠᠶᠢᠬᠤ ᠬᠡᠷᠡᠭᠲᠡᠢ᠃ ᠡᠭᠦᠨ ᠳᠤ ᠰᠤᠷᠤᠯᠭ᠎ᠠ ᠶᠢᠨ ᠤᠨ

ᠪᠦᠷᠢ ᠳᠤ 1 ᠪᠤᠶᠤ 2 ᠬᠤᠪᠢ ᠰᠤᠩᠭᠤᠳᠠᠭ ᠨᠣᠮ ᠤᠩᠰᠢᠨ᠎ᠠ᠃

      ᠳᠡᠭᠡᠷᠡᠬᠢ ᠬᠡᠯᠡ ᠪᠢᠴᠢᠭ ᠤᠨ ᠬᠢᠴᠢᠶᠡᠯ ᠤᠨ ᠤᠩᠰᠢᠯᠭ᠎ᠠ ᠶᠢᠨ ᠬᠠᠷᠠᠯᠲᠠ ᠳᠤ ᠬᠡᠯᠡ ᠪᠢᠴᠢᠭ ᠤᠨ

ᠬᠢᠴᠢᠶᠡᠯ ᠤᠨ ᠱᠠᠲᠤ ᠦᠶᠡᠴᠢ ᠰᠢᠨᠵᠢ ᠪᠠ ᠪᠦᠬᠦᠯᠢ ᠴᠤᠭᠴᠠᠲᠤ ᠰᠢᠨᠵᠢ ᠶᠢ ᠴᠤ ᠬᠠᠷᠠᠭᠤᠯᠵᠤ᠂ ᠦᠶᠡᠴᠢᠯᠡᠵᠦ

ᠤᠩᠰᠢᠬᠤ ᠪᠤᠯᠤᠨ ᠦᠭᠡᠴᠢᠯᠡᠵᠦ ᠤᠩᠰᠢᠬᠤ᠂ ᠳᠠᠭᠤᠲᠠᠢ ᠤᠩᠰᠢᠬᠤ ᠪᠣᠯᠣᠨ ᠳᠠᠭᠤ ᠦᠭᠡᠢ ᠤᠩᠰᠢᠬᠤ ᠲᠤᠬᠠᠢ

ᠳᠤᠳᠤᠷᠬᠠᠢ ᠱᠠᠭᠠᠷᠳᠠᠭᠰᠠᠨ ᠪᠠᠢᠨ᠎ᠠ᠃

      ② ᠳᠠᠭᠤ ᠦᠭᠡᠢ ᠤᠩᠰᠢᠯᠭ᠎ᠠ᠄ ᠳᠠᠭᠤ ᠦᠭᠡᠢ ᠤᠩᠰᠢᠬᠤ ᠶᠢ ᠪᠠᠰᠠ ᠨᠢᠳᠦᠯᠡᠵᠤ ᠤᠩᠰᠢᠬᠤ          

ᠭᠡᠳᠡᠭ᠃ ᠳᠠᠭᠤ ᠦᠭᠡᠢ ᠤᠩᠰᠢᠬᠤ ᠨᠢ ᠣᠷᠴᠢᠨ ᠲᠤᠭᠤᠷᠢᠨ ᠤ ᠨᠠᠮ ᠵᠢᠮ ᠢ ᠪᠠᠲᠤᠯᠠᠵᠤ᠂ ᠤᠩᠰᠢᠬᠤ

ᠬᠤᠷᠳᠤᠴᠠ ᠨᠢ ᠲᠥᠷᠭᠡᠨ ᠮᠥᠷᠲᠡᠭᠡᠨ ᠤᠩᠰᠢᠬᠤ ᠶᠢᠨ ᠳᠠᠭᠠᠤ ᠰᠡᠳᠬᠢᠵᠤ ᠳᠡᠶᠢᠯᠳᠡᠭ ᠠᠴᠠ ᠳᠡᠭᠡᠷ᠎ᠡ ᠣᠨ ᠤ

ᠰᠤᠷᠤᠭᠴᠢᠳ ᠪᠣᠯᠣᠨ ᠲᠤᠮᠤᠴᠤᠤᠯ ᠤᠨ ᠵᠣᠩᠬᠢ ᠬᠡᠷᠡᠭᠯᠡᠳᠡᠭ ᠤᠩᠰᠢᠯᠭ᠎ᠠ ᠶᠢᠨ ᠠᠷᠭ᠎ᠠ ᠬᠡᠯᠪᠡᠷᠢ ᠪᠣᠯᠵᠠᠢ᠃ ᠪᠠᠭ᠎ᠠ

ᠰᠤᠷᠭᠠᠭᠤᠯᠢ ᠶᠢᠨ ᠰᠤᠷᠤᠭᠴᠢᠳ ᠡᠬᠢᠯᠡᠵᠤ ᠳᠠᠭᠤ ᠦᠭᠡᠢ ᠤᠩᠰᠢᠬᠤ ᠳᠤ ᠤᠷᠤᠭᠤᠯ ᠨᠢ ᠣᠪᠤᠷ ᠲᠣᠪᠤᠷ ᠬᠦᠳᠡᠯᠵᠤ

ᠪᠠᠶᠢᠳᠠᠭ᠂ ᠲᠡᠷᠡ ᠨᠢ ᠤᠩᠰᠢᠬᠤ ᠬᠤᠷᠳᠤᠴᠠ ᠶᠢ ᠨᠥᠯᠥᠭᠡᠯᠡᠳᠡᠭ᠂ ᠰᠠᠨᠠᠭᠤᠯᠵᠤ ᠵᠢᠯᠤᠭᠤᠳᠪᠠᠯ ᠣᠳᠠᠯ ᠦᠭᠡᠢ

ᠨᠢᠳᠦᠯᠡᠨ ᠤᠩᠰᠢᠵᠤ ᠴᠢᠳᠠᠴᠢᠬᠠᠨ᠎ᠠ᠃ ᠳᠠᠭᠤ ᠦᠭᠡᠢ ᠤᠩᠰᠢᠬᠤ ᠳᠤ ᠪᠠᠨ ᠮᠠᠰᠢ ᠲᠥᠷᠭᠡᠨ ᠮᠥᠷᠲᠡᠭᠡᠨ ᠭᠦᠨ

ᠣᠶᠢᠯᠠᠭᠠᠯᠲᠠ ᠲᠠᠢ ᠪᠣᠯᠬᠤ ᠪᠣᠯ ᠥᠨᠳᠦᠷ ᠲᠥᠪᠰᠢᠨ ᠤ ᠨᠢᠳᠦᠯᠡᠵᠤ ᠤᠩᠰᠢᠬᠤ ᠴᠢᠳᠠᠪᠦᠷᠢ ᠲᠠᠢ ᠪᠣᠯᠤᠭᠰᠠᠨ ᠢ

ᠬᠠᠷᠠᠭᠤᠯᠵᠤ ᠪᠠᠶᠢᠨ᠎ᠠ᠃

      ᠳᠠᠭᠤ ᠦᠭᠡᠢ ᠤᠩᠰᠢᠬᠤ ᠪᠣᠯ ᠤᠩᠰᠢᠯᠭ᠎ᠠ ᠶᠢᠨ ᠴᠢᠬᠤᠯᠠ ᠠᠷᠭ᠎ᠠ ᠬᠡᠯᠪᠡᠷᠢ ᠮᠥᠨ᠃ ︽ᠬᠢᠴᠢᠶᠡᠯ ᠤᠨ

ᠪᠠᠷᠢᠮᠵᠢᠶ᠎ᠠ︾ ᠳᠤ ᠡᠯ᠎ᠡ ᠰᠤᠷᠤᠯᠭ᠎ᠠ ᠶᠢᠨ ᠱᠠᠲᠤᠨ ᠳᠤ ᠳᠠᠭᠤ ᠦᠭᠡᠢ ᠤᠩᠰᠢᠬᠤ ᠲᠤᠬᠠᠢ ᠲᠣᠳᠣᠷᠬᠠᠢ ᠱᠠᠭᠠᠷᠳᠠᠯᠭ᠎ᠠ

ᠳᠤᠷᠠᠳᠴᠠᠢ᠄ ᠬᠤᠶᠠᠳᠤᠭᠠᠷ ᠱᠠᠲᠤ ︵3᠂ 4 ᠳ᠋ᠤᠭᠡᠷ ᠤᠨ︶᠄ ︽ᠰᠤᠷᠤᠭᠴᠢᠳ ᠠᠩᠬ᠎ᠠ ᠠᠯᠬᠤᠮ ᠳᠠᠭᠤ ᠦᠭᠡᠢ

ᠤᠩᠰᠢᠬᠤ ᠶᠢ ᠰᠤᠷᠬᠤ︾ ᠶᠢ ᠱᠠᠭᠠᠷᠳᠠᠨ᠎ᠠ᠃ ᠭᠤᠷᠪᠠᠳᠤᠭᠠᠷ ᠱᠠᠲᠤ ︵5᠂ 6 ᠳ᠋ᠤᠭᠠᠷ ᠤᠨ︶᠄ ︽ᠵᠤᠬᠢᠬᠤ

ᠬᠤᠷᠳᠤᠴᠠ ︵ᠮᠢᠨᠦ᠋ᠲ ᠪᠦᠷᠢ 250 — 300 ᠦᠭᠡ︶ ᠲᠠᠢ ᠪᠠᠷ ᠳᠠᠭᠤ ᠦᠭᠡᠢ ᠤᠩᠰᠢᠵᠤ          

ᠴᠢᠳᠠᠨ᠎ᠠ︾ ᠭᠡᠵᠦ ᠱᠠᠭᠠᠷᠳᠠᠵᠠᠢ᠃ ᠲᠦᠷᠪᠡᠳᠦᠭᠡᠷ ᠱᠠᠲᠤ ︵7~9 ᠳ᠋ᠤᠭᠡᠷ ᠤᠨ︶᠄ ︽ᠳᠠᠭᠤ ᠦᠭᠡᠢ          

ᠤᠩᠰᠢᠬᠤ ᠳᠠᠳᠬᠠᠯ ᠲᠠᠢ ᠪᠤᠯᠵᠤ᠂ ᠮᠢᠨᠦ᠋ᠲ ᠪᠦᠷᠢ 200 — 400 ᠦᠭᠡ ᠶᠢᠨ ᠬᠤᠷᠳᠤᠴᠠ ᠪᠠᠷ ᠤᠩᠰᠢᠵᠤ

ᠴᠢᠳᠠᠨ᠎ᠠ︾ ᠭᠡᠵᠦ ᠱᠠᠭᠠᠷᠲᠠᠪᠠ᠃

      ᠳᠠᠭᠤ ᠦᠭᠡᠢ ᠤᠩᠰᠢᠬᠤ ᠨᠢ ᠪᠡᠶ᠎ᠡ ᠪᠠᠨ ᠳᠠᠭᠠᠭᠠᠵᠤ ᠤᠩᠰᠢᠬᠤ ᠶᠢᠨ ᠭᠤᠣᠯ ᠬᠡᠯᠪᠡᠷᠢ ᠶᠤᠮ᠃ ᠳᠠᠭᠤ ᠦᠭᠡᠢ

ᠤᠩᠰᠢᠬᠤ ᠨᠢ ᠳᠠᠭᠤ ᠦᠭᠡᠢ᠂ ᠬᠠᠷᠢᠯᠴᠠᠨ ᠬᠠᠷᠰᠢᠯᠠᠬᠤ ᠦᠭᠡᠢ ᠤᠴᠢᠷ ᠠᠴᠠ ᠣᠷᠴᠢᠨ ᠲᠣᠭᠤᠷᠢᠨ ᠤ ᠨᠠᠮ

ᠲᠣᠭᠲᠠᠭᠤᠨ ᠪᠠᠶᠢᠳᠠᠯ ᠢ ᠪᠠᠲᠤᠯᠠᠵᠤ᠂ ᠲᠥᠪᠯᠡᠷᠡᠭᠦᠯᠦᠨ ᠰᠡᠳᠬᠢᠵᠦ᠂ ᠤᠩᠰᠢᠭᠰᠠᠨ ᠠᠭᠤᠯᠭ᠎ᠠ ᠪᠠᠨ ᠣᠶᠢᠯᠠᠭᠠᠬᠤ ᠳᠤ

ᠨᠡᠩ ᠠᠰᠢᠭᠲᠠᠢ ᠪᠥᠭᠡᠳ ᠬᠤᠷᠳᠤᠴᠠ ᠨᠢ ᠲᠦᠷᠭᠡᠨ᠂ ᠠᠮᠠᠷᠬᠠᠨ ᠶᠠᠳᠠᠷᠠᠬᠤ ᠦᠭᠡᠢ᠂ ᠤᠷᠳᠦ ᠬᠤᠭᠤᠴᠠᠭ᠎ᠠ  ᠲᠠᠢ

ᠤᠩᠰᠢᠵᠤ ᠳᠡᠶᠢᠯᠳᠡᠭ᠃ ᠲᠡᠶᠢᠮᠦ ᠠᠴᠠ ᠡᠳᠦᠷ ᠲᠤᠲᠤᠮ ᠤᠨ ᠰᠤᠷᠤᠯᠴᠠᠯᠭ᠎ᠠ᠂ ᠠᠮᠢᠳᠤᠷᠠᠯ᠂ ᠠᠵᠢᠯ ᠤᠨ

ᠳᠤᠮᠳᠠ ᠪᠠᠨ ᠬᠡᠷᠡᠭᠯᠡᠬᠦ ᠳᠤ ᠳᠥᠭᠦᠮ᠂ ᠬᠦᠷᠢᠶ᠎ᠡ ᠬᠡᠪᠴᠢᠶ᠎ᠡ ᠨᠢ ᠲᠦᠢᠯ ᠤᠨ ᠥᠷᠭᠡᠨ᠂ ᠡᠩ ᠤᠨ ᠦᠶ᠎ᠡ ᠳᠤ ᠨᠣᠮ

ᠦᠵᠡᠬᠦ᠂ ᠰᠣᠨᠢᠨ ᠦᠵᠡᠬᠦ ᠪᠤᠶᠤ ᠪᠤᠰᠤᠳ ᠮᠠᠲ᠋ᠧᠷᠢᠶᠠᠯ ᠢ ᠦᠵᠡᠬᠦ ᠳᠤ ᠭᠤᠣᠯᠳᠠᠭᠤ ᠳᠠᠭᠤ ᠦᠭᠡᠢ ᠤᠩᠰᠢᠳᠠᠭ᠂

ᠲᠡᠷᠡ ᠨᠢ ᠴᠠᠭ᠂ ᠭᠠᠵᠠᠷ᠂ ᠲᠠᠯᠠᠪᠤᠷ ᠤᠨ ᠬᠢᠵᠠᠭᠠᠷᠯᠠᠯ ᠳᠤ ᠬᠢᠵᠠᠭᠠᠷᠯᠠᠭᠳᠠᠬᠤ ᠦᠭᠡᠢ᠃ ᠳᠠᠭᠤ ᠦᠭᠡᠢ ᠤᠩᠰᠢᠬᠤ

ᠴᠢᠳᠠᠪᠤᠷᠢ ᠶᠢᠨ ᠰᠠᠶᠢᠨ ᠮᠠᠭᠤ ᠨᠢ ᠰᠤᠷᠤᠭᠴᠢᠳ ᠤᠨ ᠣᠶᠤᠨ ᠴᠢᠳᠠᠪᠤᠷᠢ ᠶᠢᠨ ᠬᠥᠭᠵᠢᠯᠲᠡ ᠶᠢ ᠰᠢᠭᠤᠳ

ᠨᠥᠯᠥᠭᠡᠯᠡᠵᠦ᠂ ᠪᠤᠰᠤᠳ ᠬᠢᠴᠢᠶᠡᠯ ᠲᠥᠷᠥᠯ ᠤᠨ ᠰᠤᠷᠤᠯᠴᠠᠯᠭ᠎ᠠ ᠶᠢ ᠴᠤ ᠨᠥᠯᠥᠭᠡᠯᠡᠳᠡᠭ᠃ ᠡᠭᠦᠨ ᠤ ᠬᠠᠮᠲᠤ ᠳᠠᠭᠤ

ᠦᠭᠡᠢ ᠤᠩᠰᠢᠬᠤ ᠰᠠᠶᠢᠨ ᠳᠠᠳᠬᠠᠯ ᠲᠠᠢ ᠪᠣᠯᠬᠤ ᠨᠢ ᠨᠢᠭᠡ ᠬᠥᠮᠥᠨ ᠤ ᠬᠤᠶᠢᠰᠢᠳᠠ ᠶᠢᠨ ᠠᠵᠢᠯ᠂ ᠰᠤᠷᠤᠯᠭ᠎ᠠ ᠶᠢᠨ

ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠲᠦᠢᠯ ᠤᠨ ᠴᠢᠬᠤᠯᠠ ᠦᠢᠯᠡᠳᠦᠯ ᠲᠠᠢ ᠪᠥᠭᠡᠳ ᠠᠯᠤᠰ ᠬᠡᠳᠦ ᠶᠢᠨ

ᠨᠥᠯᠥᠭᠡ ᠲᠠᠢ ᠶᠤᠮ᠃ ᠡᠶᠢᠮᠦ ᠠᠴᠠ ᠳᠠᠭᠤ ᠦᠭᠡᠢ ᠤᠩᠰᠢᠬᠤ ᠪᠣᠯᠪᠠᠰᠤᠷᠠᠯ ᠢ ᠴᠢᠩᠭᠠᠳᠬᠠᠬᠤ ᠬᠡᠷᠡᠭᠲᠡᠢ᠃

      3. ᠨᠠᠷᠢᠯᠢᠬ ᠤᠩᠰᠢᠬᠤ ᠪᠣᠯᠣᠨ ᠪᠦᠳᠦᠭᠦᠪᠴᠢ ᠤᠩᠰᠢᠬᠤ

      ① ᠨᠠᠷᠢᠯᠢᠬ ᠤᠩᠰᠢᠬᠤ᠄ ᠳᠠᠷᠤᠢ ᠨᠠᠷᠢᠨ ᠬᠢᠨᠠᠮᠠᠭᠠᠢ᠂ ᠵᠥᠪ ᠣᠨᠣᠪᠴᠢᠲᠠᠶ ᠪᠠᠷ ᠤᠩᠰᠢᠬᠤ ᠶᠢ          

ᠬᠡᠯᠡᠨ᠎ᠡ᠃ ᠨᠣᠮ ᠵᠣᠬᠢᠶᠠᠯ᠂ ᠠᠭᠤᠯᠭ᠎ᠠ ᠰᠡᠳᠦᠪ ᠢ ᠭᠦᠨᠵᠡᠭᠡᠢ ᠣᠶᠢᠯᠠᠭᠠᠬᠤ ᠨᠢᠭᠡ ᠵᠦᠢᠯ ᠤᠨ ᠤᠩᠰᠢᠯᠭ᠎ᠠ ᠶᠢᠨ

ᠬᠡᠯᠪᠡᠷᠢ᠂ ᠡᠯ᠎ᠡ ᠵᠦᠢᠯ ᠤᠨ ᠤᠩᠰᠢᠯᠭ᠎ᠠ ᠶᠢᠨ ᠰᠠᠭᠤᠷᠢ ᠮᠥᠨ᠃ ᠤᠩᠰᠢᠬᠤ ᠳᠤ ᠪᠠᠨ ᠵᠣᠬᠢᠶᠠᠯ ᠤᠨ ᠳᠡᠰ

ᠳᠠᠷᠠᠭ᠎ᠠ ᠪᠠᠷ ᠨᠢ ᠤᠩᠰᠢᠬᠤ ᠬᠡᠷᠡᠭᠲᠡᠢ᠃ ᠡᠬᠢᠨ ᠠᠴᠠ ᠨᠢ ᠠᠳᠠᠭ ᠲᠤ ᠨᠢ ᠬᠦᠷᠲᠡᠯ᠎ᠡ ᠦᠰᠦᠭ ᠳᠠᠷᠠᠭᠠᠯᠠᠨ᠂ ᠦᠭᠡ

ᠳᠠᠷᠠᠭᠠᠯᠠᠨ᠂ ᠥᠭᠦᠯᠡᠪᠦᠷᠢ ᠳᠠᠷᠠᠭᠠᠯᠠᠨ᠂ ᠬᠡᠰᠡᠭ ᠳᠠᠷᠠᠭᠠᠯᠠᠨ ᠤᠩᠰᠢᠨ᠎ᠠ᠃ ᠤᠩᠰᠢᠬᠤ ᠰᠡᠳᠬᠢᠬᠦ ᠬᠤᠶᠠᠷ ᠢ

ᠤᠶᠠᠯᠳᠤᠭᠤᠯᠤᠨ ᠦᠭᠡ ᠥᠭᠦᠯᠡᠪᠦᠷᠢ᠂ ᠬᠡᠰᠡᠭ ᠪᠠᠳᠠᠭ ᠤᠨ ᠠᠭᠤᠯᠭ᠎ᠠ ᠶᠢ ᠲᠣᠳᠣᠷᠬᠠᠢ ᠣᠶᠢᠯᠠᠭᠠᠵᠤ᠂ ᠦᠭᠡ

ᠥᠭᠦᠯᠡᠪᠦᠷᠢ ᠶᠢᠨ ᠭᠦᠨ ᠳᠠᠪᠬᠤᠷᠭ᠎ᠠ ᠶᠢᠨ ᠤᠳᠬ᠎ᠠ ᠶᠢ ᠣᠶᠢᠯᠠᠭᠠᠨ᠂ ᠪᠠᠳᠠᠭ ᠤᠨ ᠤᠳᠬ᠎ᠠ ᠶᠢ ᠡᠵᠡᠮᠰᠢᠵᠦ᠂ ᠪᠦᠬᠦ

ᠵᠣᠬᠢᠶᠠᠯ ᠤᠨ ᠭᠤᠣᠯ ᠠᠭᠤᠯᠭ᠎ᠠ ᠪᠠ ᠭᠤᠣᠯ ᠦᠵᠡᠯ ᠰᠠᠨᠠᠭ᠎ᠠ ᠶᠢ ᠡᠵᠡᠮᠰᠢᠨ᠂ ᠵᠣᠬᠢᠶᠠᠭᠴᠢ ᠶᠢᠨ ᠰᠡᠳᠬᠢᠮᠵᠢ ᠶᠢ

ᠣᠶᠢᠯᠠᠭᠠᠵᠤ᠂ ᠵᠣᠬᠢᠶᠠᠯ ᠤᠨ ᠲᠣᠳᠣᠷᠬᠠᠶᠢᠯᠠᠭᠰᠠᠨ ᠶᠣᠰᠣ ᠤᠴᠢᠷ ᠪᠠ ᠵᠢᠷᠤᠭᠯᠠᠭᠰᠠᠨ ᠠᠬᠤᠢ ᠪᠠᠶᠢᠳᠠᠯ ᠢ ᠭᠦᠨᠵᠡᠭᠡᠢ

ᠣᠶᠢᠯᠠᠭᠠᠨ᠂ ᠤᠬᠠᠭᠳᠠᠬᠤᠨ ᠨᠢᠭᠡ ᠪᠦᠷᠢ ᠶᠢ ᠨᠡᠪᠲᠡᠷᠬᠡᠢ ᠣᠶᠢᠯᠠᠭᠠᠵᠤ᠂ ᠣᠶᠢᠯᠠᠭᠠᠭᠰᠠᠨ ᠰᠠᠭᠤᠷᠢᠨ ᠳᠡᠭᠡᠷ᠎ᠡ

ᠵᠣᠬᠢᠶᠠᠯ ᠤᠨ ᠵᠥᠪ ᠪᠤᠷᠤᠭᠤ᠂ ᠰᠠᠶᠢᠨ ᠮᠠᠭᠤ ᠵᠡᠷᠭᠡ ᠶᠢ ᠵᠣᠬᠢᠰᠲᠠᠢ ᠦᠨᠡᠯᠡᠬᠦ ᠪᠣᠯᠣᠨ᠎ᠠ᠃ ᠨᠠᠷᠢᠨ ᠤᠩᠰᠢᠬᠤ

ᠶᠠᠪᠤᠴᠠ ᠪᠣᠯ ᠬᠡᠯᠪᠡᠷᠢ ᠠᠴᠠ ᠠᠭᠤᠯᠭ᠎ᠠ ᠳᠤ ᠬᠦᠷᠬᠦ᠂ ᠠᠭᠤᠯᠭ᠎ᠠ ᠠᠴᠠ ᠬᠡᠯᠪᠡᠷᠢ ᠳᠤ ᠬᠦᠷᠬᠦ᠂ ᠬᠡᠰᠡᠭ ᠠᠴᠠ ᠪᠦᠬᠦᠯᠢ

ᠴᠣᠭᠴᠠ ᠳᠤ ᠬᠦᠷᠬᠦ᠂ ᠪᠦᠬᠦᠯᠢ ᠴᠣᠭᠴᠠ ᠠᠴᠠ ᠬᠡᠰᠡᠭ ᠲᠤ ᠬᠦᠷᠬᠦ ᠳᠠᠬᠢᠨ ᠳᠠᠪᠲᠠᠨ ᠰᠤᠳᠤᠯᠤᠨ ᠤᠩᠰᠢᠬᠤ

ᠶᠠᠪᠤᠴᠠ ᠪᠣᠯᠣᠨ᠎ᠠ᠂ ᠡᠶᠢᠮᠦ ᠠᠴᠠ ᠨᠠᠷᠢᠨ ᠨᠢᠮᠪᠠᠢ ᠤᠩᠰᠢᠬᠤ ᠳᠤ ᠬᠦᠴᠦ ᠲᠠᠯᠪᠢᠬᠤ ᠬᠡᠷᠡᠭᠲᠡᠢ᠃

      ② ᠪᠦᠳᠦᠭᠦᠪᠴᠢ ᠤᠩᠰᠢᠬᠤ᠄ ᠪᠦᠳᠦᠭᠦᠪᠴᠢ ᠤᠩᠰᠢᠬᠤ ᠨᠢ ᠨᠠᠷᠢᠨ ᠤᠩᠰᠢᠬᠤ ᠲᠠᠢ ᠬᠠᠷᠢᠴᠠᠭᠤᠯᠤᠭᠰᠠᠨ

ᠤᠩᠰᠢᠯᠭ᠎ᠠ ᠶᠢᠨ ᠬᠡᠯᠪᠡᠷᠢ ᠪᠣᠯᠣᠨ᠎ᠠ᠃ ᠲᠡᠷᠡ ᠨᠢ ᠦᠭᠡ ᠥᠭᠦᠯᠡᠪᠦᠷᠢ ᠳᠠᠷᠠᠭᠠᠯᠠᠨ ᠨᠠᠷᠢᠨ ᠭᠦᠨᠵᠡᠭᠡᠢ ᠰᠤᠳᠤᠯᠬᠤ

ᠦᠭᠡᠢ᠂ ᠣᠯᠠᠩᠬᠢ ᠳᠤ ᠪᠠᠨ ᠵᠣᠬᠢᠶᠠᠯ ᠤᠨ ᠭᠤᠣᠯ ᠠᠭᠤᠯᠭ᠎ᠠ ᠶᠢ ᠣᠢᠢᠯᠠᠭᠠᠬᠤ᠂ ᠡᠰᠡᠪᠡᠯ ᠶᠠᠮᠠᠷ ᠨᠢᠭᠡᠨ ᠬᠠᠷᠠᠯᠲᠠ

ᠵᠣᠷᠢᠯᠲᠠ ᠲᠠᠢ ᠤᠩᠰᠢᠬᠤ ᠶᠢ ᠵᠢᠭᠠᠨ᠎ᠠ᠃ ᠳᠣᠣᠷ᠎ᠡ ᠣᠨ ᠤ ᠰᠤᠷᠤᠭᠴᠢᠳ ᠠᠴᠠ ᠨᠣᠮ ᠵᠣᠬᠢᠨᠶ᠋ᠯ ᠤᠨ ᠭᠤᠣᠯ ᠦᠢᠯᠡ

ᠶᠠᠪᠤᠳᠠᠯ ᠢ ᠠᠩᠬᠠᠷᠤᠨ ᠤᠩᠰᠢᠳᠠᠭ ᠨᠢ ᠶᠡᠷᠦ ᠳᠤ ᠪᠠᠨ ᠪᠦᠲᠦᠭᠦᠪᠴᠢ ᠤᠩᠰᠢᠬᠤ ᠳᠤ ᠪᠠᠭᠲᠠᠨ᠎ᠠ᠃ ᠮᠣᠩᠭᠤᠯ ᠬᠡᠯᠡ

ᠪᠢᠴᠢᠭ ᠤᠨ ᠬᠢᠴᠢᠶᠡᠯ ᠤᠨ ᠨᠢᠭᠡᠳᠦᠭᠡᠷ ᠬᠢᠴᠢᠶᠡᠯᠯᠡᠭᠡ ᠳᠤ᠂ ︽ᠵᠣᠬᠢᠶᠠᠯ ᠢ ᠤᠩᠰᠢᠭᠠᠳ ᠣᠢᠢᠯᠠᠭᠠᠬᠤ ᠦᠭᠡᠢ

ᠥᠭᠡᠰ ᠢᠶᠠᠨ ᠵᠢᠷᠤᠭᠠᠷᠠᠢ᠂ ᠶᠠᠮᠠᠷ ᠠᠭᠤᠯᠭ᠎ᠠ ᠶᠠᠪᠤᠳᠠᠯ ᠢ ᠪᠢᠴᠢᠭᠰᠡᠨ ᠪᠤᠢ︖︾ ᠭᠡᠬᠦ ᠭᠠᠭᠴᠠ ᠬᠤᠶᠠᠷ

ᠠᠰᠠᠭᠤᠯᠲᠠ ᠲᠠᠯᠪᠢᠵᠤ ᠤᠩᠰᠢᠭᠤᠯᠬᠤ ᠴᠤ ᠪᠠᠭᠲᠠᠨ᠎ᠠ᠃ ᠡᠭᠦᠨ ᠠᠴᠠ ᠭᠠᠳᠠᠨ᠎ᠠ ᠨᠣᠮ ᠰᠣᠩᠭᠤᠵᠤ ᠤᠩᠰᠢᠬᠤ

ᠵᠡᠷᠭᠡ ᠬᠠᠷᠠᠯᠲᠠ ᠠᠴᠠ ᠨᠣᠮ ᠤᠨ ᠲᠠᠨᠢᠯᠴᠠᠭᠤᠯᠭ᠎ᠠ᠂ ᠣᠷᠣᠰᠢᠯ᠂ ᠵᠣᠬᠢᠶᠠᠭᠴᠢ᠂ ᠡᠬᠢᠯᠡᠯᠲᠠ ᠲᠡᠭᠦᠰᠭᠡᠯ ᠵᠡᠷᠭᠡ ᠶᠢ

ᠤᠩᠰᠢᠵᠤ᠂ ᠪᠦᠬᠦᠯᠢ ᠢᠵᠢ ᠨᠣᠮ ᠤᠨ ᠲᠤᠬᠠᠢ ᠪᠦᠳᠦᠭᠦᠪᠴᠢ ᠠᠩᠬᠠᠨ ᠤ ᠣᠢᠢᠯᠠᠭᠠᠯᠲᠠ ᠲᠠᠢ ᠪᠣᠯᠵᠤ᠂ ᠨᠠᠷᠢᠨ

ᠤᠩᠰᠢᠵᠤ ᠰᠤᠷᠤᠯᠴᠠᠬᠤ ᠡᠰᠡᠬᠦ ᠪᠠᠨ ᠲᠤᠭᠳᠠᠭᠠᠳᠠᠭ ᠨᠢ ᠴᠤ ᠪᠦᠳᠦᠭᠦᠪᠴᠢ ᠤᠩᠰᠢᠬᠤ ᠳᠤ ᠪᠠᠭᠲᠠᠨ᠎ᠠ᠃

      4. ᠭᠦᠶᠦᠯᠭᠡᠨ ᠤᠩᠰᠢᠬᠤ ᠪᠣᠯᠣᠨ ᠰᠣᠩᠭᠤᠵᠤ ᠤᠩᠰᠢᠬᠤ

      ① ᠭᠦᠶᠦᠯᠭᠡᠨ ᠤᠩᠰᠢᠬᠤ᠄ ᠭᠦᠶᠦᠯᠭᠡᠨ ᠤᠩᠰᠢᠬᠤ ᠨᠢ ᠨᠢᠳᠦᠯᠡᠨ ᠤᠩᠰᠢᠬᠤ ᠠᠷᠭ᠎ᠠ ᠪᠠ ᠤᠷ᠎ᠠ ᠮᠡᠷᠭᠡᠵᠢᠯ

ᠪᠣᠯᠣᠨ᠎ᠠ᠂ ᠭᠦᠶᠦᠯᠭᠡᠨ ᠤᠩᠰᠢᠬᠤ ᠨᠢ ᠤᠷᠲᠦ ᠬᠤᠭᠤᠴᠠᠭᠠᠨ ᠤ ᠤᠩᠰᠢᠯᠭ᠎ᠠ ᠶᠢᠨ ᠪᠣᠯᠪᠠᠰᠤᠷᠠᠯ ᠢᠶᠠᠷ ᠳᠠᠮᠵᠢᠨ

ᠨᠢᠳᠦᠯᠡᠨ ᠤᠩᠰᠢᠬᠤ ᠴᠢᠳᠠᠪᠦᠷᠢ ᠮᠠᠰᠢ ᠥᠨᠳᠦᠷ ᠲᠦᠪᠰᠢᠨ ᠳᠤ ᠬᠦᠷᠴᠦ᠂ ᠥᠰᠦᠭ ᠳᠠᠷᠠᠭᠠᠯᠠᠨ ᠨᠠᠷᠢᠯᠢᠬ

ᠤᠩᠰᠢᠬᠤ ᠦᠭᠡᠢ᠃ ᠬᠠᠷᠢᠨ ᠥᠭᠦᠯᠡᠪᠦᠷᠢ ᠪᠤᠶᠤ ᠬᠡᠰᠡᠭᠯᠡᠯ᠂ ᠴᠢᠨᠠᠭᠰᠢᠯᠠᠨ ᠬᠠᠭᠤᠳᠠᠰᠤ ᠠᠭᠤᠯᠭ᠎ᠠ ᠪᠠᠷ ᠰᠢᠷᠪᠢᠵᠤ

ᠦᠵᠡᠬᠦ ᠤᠩᠰᠢᠯᠭ᠎ᠠ ᠶᠢᠨ ᠠᠷᠭ᠎ᠠ ᠶᠢ ᠬᠡᠯᠡᠳᠡᠭ᠃ ᠭᠦᠶᠦᠯᠭᠡᠨ ᠤᠩᠰᠢᠬᠤ ᠨᠢ ᠨᠣᠮ ᠵᠣᠬᠢᠶᠠᠯ ᠠᠴᠠ ᠬᠠᠮᠢᠶ᠎ᠠ ᠪᠦᠬᠦᠢ

ᠮᠡᠳᠡᠭᠡ ᠵᠠᠩᠭᠢ ᠶᠢ ᠲᠦᠷᠭᠡᠨ ᠡᠷᠢᠵᠦ᠂ ᠲᠦᠷᠭᠡᠨ ᠮᠠᠭᠠᠳᠯᠠᠯᠲᠠ ᠬᠢᠵᠦ᠂ ᠤᠩᠰᠢᠬᠤ ᠴᠢᠭᠯᠡᠯ ᠪᠠ ᠤᠩᠰᠢᠬᠤ

ᠮᠠᠲ᠋ᠧᠷᠢᠶᠠᠯ ᠢᠶᠠᠨ ᠰᠤᠩᠭᠤᠳᠠᠭ᠃ ᠤᠩᠰᠢᠨ ᠵᠠᠳᠠᠯᠬᠤ ᠰᠡᠳᠦᠪ ᠵᠡᠷᠭᠡ ᠳᠤ ᠠᠰᠠᠭᠤᠯᠲᠠ ᠶᠢᠨ ᠲᠤᠭᠤᠷᠢᠨ ᠳᠤ

ᠮᠠᠲ᠋ᠧᠷᠢᠶᠠᠯ ᠢᠶᠠᠨ ᠤᠷᠢᠳ ᠢᠶᠠᠷ ᠭᠦᠶᠦᠯᠭᠡᠨ ᠤᠩᠰᠢᠵᠤ ᠲᠡᠭᠦᠰᠦᠭᠡᠳ᠂ ᠲᠡᠬᠢᠭᠠᠳ ᠬᠠᠷᠢᠭᠤᠯᠲᠠ ᠪᠠᠶᠢᠬᠤ

ᠬᠡᠰᠡᠭᠯᠡᠯ ᠢ ᠨᠢ ᠨᠠᠷᠢᠨ ᠤᠩᠰᠢᠳᠠᠭ᠃

      ᠭᠦᠶᠦᠯᠭᠡᠨ ᠤᠩᠰᠢᠬᠤ ᠨᠢ ᠤᠩᠰᠢᠵᠤ ᠦᠩᠭᠡᠷᠡᠭᠰᠡᠨ ᠠᠭᠠᠤᠯᠭ᠎ᠠ ᠠᠴᠠ ᠬᠠᠷᠠᠯᠲᠠ ᠵᠣᠷᠢᠯᠭ᠎ᠠ ᠲᠠᠢ ᠵᠦᠢᠯᠡᠰ ᠢ

ᠡᠷᠢᠬᠦ ᠳᠤ ᠴᠤ ᠶᠡᠭᠡ ᠲᠤᠰᠠ ᠬᠦᠷᠭᠡᠳᠡᠭ᠃ ᠮᠥᠨ ᠴᠤ ᠤᠩᠰᠢᠯᠭ᠎ᠠ ᠶᠢᠨ ᠬᠤᠷᠳᠤᠴᠠ ᠴᠢᠳᠠᠪᠦᠷᠢ ᠨᠢ ᠥᠨᠳᠦᠷ

ᠬᠥᠮᠦᠰ ᠤᠨ ᠨᠣᠮ ᠤᠩᠰᠢᠳᠠᠭ ᠠᠷᠭ᠎ᠠ ᠬᠡᠯᠪᠡᠷᠢ ᠪᠣᠯᠣᠨ᠎ᠠ᠃

      ② ᠰᠣᠩᠭᠤᠵᠤ ᠤᠩᠰᠢᠬᠤ᠄ ᠨᠣᠮ ᠵᠣᠬᠢᠶᠠᠯ ᠤᠩᠰᠢᠬᠤ ᠳᠤ ᠤᠩᠰᠢᠬᠤ ᠬᠠᠷᠠᠯᠲᠠ᠂ ᠤᠩᠰᠢᠬᠤ

ᠮᠠᠲ᠋ᠧᠷᠢᠶᠠᠯ ᠤᠨ ᠬᠦᠴᠢᠷ ᠤᠨ ᠬᠡᠮᠵᠢᠶ᠎ᠡ ᠵᠢᠴᠢ ᠤᠩᠰᠢᠬᠤ ᠴᠢᠳᠠᠪᠦᠷᠢ ᠲᠦᠪᠰᠢᠨ ᠵᠡᠷᠭᠡ ᠪᠠᠶᠢᠳᠠᠯ ᠢ          

ᠦᠨᠳᠦᠰᠦᠯᠡᠨ ᠰᠣᠩᠭᠤᠯᠲᠠ ᠲᠠᠢ ᠪᠠᠷ ᠠᠯᠢ ᠨᠢᠭᠡᠨ ᠵᠣᠬᠢᠶᠠᠯ ᠪᠤᠶᠤ ᠬᠡᠰᠡᠭᠯᠡᠯ ᠢ ᠤᠩᠰᠢᠬᠤ ᠠᠷᠭ᠎ᠠ ᠶᠢ ᠬᠡᠯᠡᠵᠦ

ᠪᠠᠶᠢᠨ᠎ᠠ᠃ ᠵᠣᠬᠢᠶᠠᠯ ᠤᠨ ᠰᠣᠩᠭᠤᠳᠠᠭ ᠬᠡᠯᠡ ᠬᠡᠯᠡᠯᠭᠡ᠂ ᠭᠤᠣᠯᠳᠠᠯᠭᠠᠲᠦ ᠵᠠᠩᠭᠢᠯᠠᠭ᠎ᠠ ᠶᠢᠨ ᠦᠭᠡ ᠦᠭᠦᠯᠡᠪᠦᠷᠢ᠂

ᠲᠤᠭᠤᠵᠤ ᠪᠠᠭ᠋ᠠᠷᠬᠠᠭᠰᠠᠨ ᠬᠡᠰᠡᠭᠯᠡᠯ ᠢ ᠰᠣᠩᠭᠤᠵᠤ ᠤᠩᠰᠢᠨ᠎ᠠ᠃ ᠡᠰᠡᠪᠡᠯ ᠲᠡᠭᠦᠪᠦᠷᠢ ᠵᠣᠬᠢᠶᠠᠯ ᠳᠠᠬᠢ ᠠᠯᠢ ᠨᠢᠭᠡᠨ

ᠵᠣᠬᠢᠶᠠᠯ ᠢ ᠲᠡᠭᠦᠵᠤ ᠤᠩᠰᠢᠨ᠎ᠠ᠃ ᠴᠢᠨᠠᠭᠰᠢᠯᠠᠨ ᠣᠯᠠᠨ ᠨᠣᠮ ᠰᠤᠳᠤᠷ ᠤᠨ ᠳᠤᠮᠳᠠ ᠠᠴᠠ ᠰᠣᠩᠭᠤᠵᠤ          

ᠤᠩᠰᠢᠨ᠎ᠠ᠃ ᠡᠷᠲᠡᠨ ᠡᠳᠦᠭᠡ᠂ ᠭᠠᠳᠠᠭᠠᠳᠦ ᠲᠤᠲᠤᠭᠠᠳᠦ ᠶᠢᠨ ᠨᠣᠮ ᠰᠤᠳᠣᠷ  ᠤᠨ ᠳᠤᠮᠳᠠ ᠠᠴᠠ᠂ ᠥᠪᠡᠷ ᠤᠨ

ᠪᠠᠶᠢᠳᠠᠯ ᠳᠤ ᠲᠣᠬᠢᠷᠠᠭᠰᠠᠨ ᠬᠠᠨᠳᠤᠯᠭᠠᠲᠤ ᠴᠢᠨᠠᠷ ᠲᠠᠢ  ᠪᠠᠷ ᠨᠣᠮ ᠰᠣᠩᠭᠤᠵᠤ ᠤᠩᠰᠢᠬᠤ ᠶᠢ ᠲᠣᠮᠣᠴᠤᠤᠯ ᠪᠤᠶᠤ

ᠳᠡᠭᠡᠷ᠎ᠡ ᠣᠨ ᠤ ᠰᠤᠷᠤᠭᠴᠢᠳ ᠣᠨᠴᠠ ᠠᠩᠬᠠᠷᠬᠤ ᠬᠡᠷᠡᠭᠲᠡᠢ᠂ ᠳᠣᠣᠷ᠎ᠠ ᠣᠨ ᠤ ᠰᠤᠷᠤᠭᠴᠢ ᠳᠤ ᠪᠠᠭᠰᠢ᠂ ᠭᠡᠷ ᠤᠨ

ᠠᠬᠠᠮᠠᠳ ᠠᠴᠠ ᠰᠣᠩᠭᠤᠵᠤ ᠲᠠᠨᠢᠯᠴᠠᠭᠤᠯᠵᠤ ᠤᠩᠰᠢᠭᠤᠯᠬᠤ ᠨᠢ ᠨᠡᠩ ᠦᠷ᠎ᠡ ᠠᠰᠢᠭ ᠲᠠᠢ᠃

       ᠠᠵᠢᠯᠯᠠᠵᠤ ᠪᠠᠶᠢᠭ᠎ᠠ ᠪᠠᠶᠢᠭᠤᠯᠭ᠎ᠠ᠄ ᠵᠡᠭᠦᠨ ᠦᠵᠦᠮᠦᠴᠢᠨ ᠬᠤᠰᠢᠭᠤᠨ ᠤ

                                 ᠨᠢᠭᠡᠳᠦᠭᠡᠷ ᠳᠤᠮᠳᠠᠳᠤ ᠰᠤᠷᠭᠠᠭᠤᠯᠢ 

                                 ︵ᠮᠦᠡᠭᠭᠦᠨᠴᠢᠮᠡᠭ ᠨᠠᠶᠢᠷᠠᠭᠤᠯᠪᠠ︶

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map