ᠣᠶᠢᠷ᠎ᠠ ᠬᠠᠷᠠᠭ᠎ᠠ ᠶᠢ ᠪᠦᠲᠦᠮᠵᠢᠲᠡᠢ ᠪᠠᠭᠠᠰᠬᠠᠵᠤ ᠭᠡᠷᠡᠯᠲᠦ ᠢᠷᠡᠭᠡᠳᠦᠢ ᠶᠢ ᠬᠠᠮᠲᠤ ᠳᠤ ᠪᠠᠨ ᠰᠠᠬᠢᠨ ᠬᠠᠮᠠᠭᠠᠯᠠᠶ᠎ᠠ — ᠠᠯᠠᠱᠠ ᠠᠶᠢᠮᠠᠭ ᠤᠨ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠭᠤᠣᠯ ᠰᠡᠳᠦᠪᠲᠦ ᠰᠢᠷᠢᠰ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/4/15
      ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠤᠷᠤᠭᠴᠢᠳ ᠤᠨ ᠨᠢᠳᠦ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠠᠯᠠᠱᠠ ᠠᠶᠢᠮᠠᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠪᠦᠬᠦ ᠤᠯᠤᠰ ᠤᠨ 8 ᠳᠠᠬᠢ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠭᠤᠣᠯ ᠰᠡᠳᠦᠪᠲᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ᠃   

W020240408420781774011_ORIGIN.png

     ᠡᠯ᠎ᠡ ᠰᠤᠷᠭᠠᠭᠤᠯᠢ ︵ᠬᠡᠦᠬᠡᠳ ᠤᠨ ᠴᠡᠴᠡᠷᠯᠢᠭ︶ ︽ᠣᠶᠢᠷ᠎ᠠ ᠬᠠᠷᠠᠭ᠎ᠠ ᠶᠢ ᠪᠦᠲᠦᠮᠵᠢᠲᠡᠢ ᠪᠠᠭᠠᠰᠬᠠᠵᠤ᠂

ᠬᠡᠷᠡᠯᠲᠦ ᠢᠷᠡᠭᠡᠳᠦᠢ ᠶᠢ ᠬᠠᠮᠲᠤ ᠳᠤ ᠪᠠᠨ ᠰᠠᠬᠢᠨ ᠬᠠᠮᠠᠭᠠᠯᠠᠬᠤ︾ ᠪᠠᠷ ᠭᠤᠣᠯ ᠰᠡᠳᠦᠪ ᠪᠣᠯᠭᠠᠵᠤ᠂ ᠸᠢᠴᠠᠲ ᠤᠨ

ᠴᠤᠭᠯᠠᠷᠠᠯ᠂ ᠣᠯᠠᠨ ᠨᠡᠶᠢᠲᠡ ᠶᠢᠨ ᠳ᠋ᠤᠭᠠᠷ᠂ ᠡᠯᠧᠺᠲᠷᠣᠨ ᠳᠡᠯᠭᠡᠴᠡ ᠵᠡᠷᠭᠡ ᠵᠠᠭᠤᠴᠢᠯᠠᠭᠤᠷ ᠢᠶᠠᠷ ᠳᠠᠮᠵᠢᠭᠤᠯᠤᠨ᠂

ᠰᠤᠷᠭᠠᠭᠤᠯᠢ ᠶᠢᠨ ᠬᠦᠷᠢᠶᠡᠨ ᠤ ᠷᠠᠳᠢᠣ᠋ ᠨᠡᠪᠲᠡᠷᠡᠭᠦᠯᠭᠡ᠂ ᠤᠯᠤᠰ ᠤᠨ ᠲᠤᠭ ᠤᠨ ᠳᠣᠣᠷᠠᠬᠢ ᠶᠠᠷᠢᠶ᠎ᠠ ᠢᠯᠡᠳᠬᠡᠯ᠂

ᠭᠤᠣᠯ ᠰᠡᠳᠦᠪᠲᠦ ᠠᠩᠭᠢ ᠶᠢᠨ ᠬᠤᠷᠠᠯ᠂ ᠲᠤᠰᠬᠠᠢ ᠮᠡᠷᠭᠡᠵᠢᠯᠲᠡᠨ ᠤ ᠲᠠᠶᠢᠯᠤᠮᠵᠢ ᠵᠡᠷᠭᠡ ᠶᠢ ᠠᠰᠢᠭᠯᠠᠨ᠂

ᠬᠢᠴᠢᠶᠡᠯ ᠤᠨ ᠵᠠᠪᠰᠠᠷᠯᠠᠭ᠎ᠠ ᠶᠢᠨ ᠪᠡᠶ᠎ᠡ ᠶᠢᠨ ᠲᠠᠮᠢᠷ᠂ ᠨᠢᠳᠦᠨ ᠤ ᠡᠷᠡᠭᠦᠯᠵᠢᠯ ᠤᠨ ᠲᠠᠮᠢᠷ᠂ ᠭᠠᠳᠠᠨᠠᠬᠢ ᠪᠣᠯᠪᠠᠰᠤᠷᠠᠯ᠂

ᠪᠡᠶ᠎ᠡ ᠶᠢᠨ ᠲᠠᠮᠢᠷ ᠤᠨ ᠬᠥᠳᠡᠯᠭᠡᠭᠡᠨ ᠵᠡᠷᠭᠡ ᠠᠷᠭ᠎ᠠ ᠵᠠᠮ ᠢᠶᠠᠷ ᠥᠷᠭᠡᠨ ᠣᠯᠠᠨ ᠪᠠᠭᠰᠢ ᠰᠤᠷᠤᠭᠴᠢ ᠳᠤ ᠣᠶᠢᠷ᠎ᠠ

ᠬᠠᠷᠠᠭ᠎ᠠ ᠶᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠤᠬᠠᠭᠤᠯᠵᠤ᠂ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ

ᠪᠦᠲᠦᠮᠵᠢᠲᠡᠢ ᠠᠷᠭ᠎ᠠ ᠶᠢ ᠣᠶᠢᠯᠠᠭᠠᠭᠤᠯᠵᠤ᠂ ᠨᠢᠳᠦ ᠪᠠᠨ ᠬᠠᠶᠢᠷᠠᠯᠠᠵᠤ ᠨᠢᠳᠦ ᠪᠠᠨ ᠬᠠᠮᠠᠭᠠᠯᠠᠬᠤ ᠴᠢᠳᠠᠪᠤᠷᠢ ᠶᠢ ᠨᠢ

ᠳᠡᠭᠡᠭᠰᠢᠯᠡᠭᠦᠯᠦᠨ᠂ ᠨᠢᠳᠦ ᠪᠠᠨ ᠬᠠᠮᠠᠭᠠᠯᠠᠬᠤ ᠰᠠᠶᠢᠨ ᠰᠠᠶᠢᠬᠠᠨ ᠳᠠᠳᠬᠠᠯ ᠲᠠᠢ ᠪᠣᠯᠭᠠᠪᠠ᠃

      ᠳᠠᠷᠠᠭ᠎ᠠ ᠠᠯᠬᠤᠮ ᠳᠤ᠂ ᠠᠯᠠᠱᠠ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ

ᠰᠢᠨᠵᠢᠯᠡᠬᠦ ᠤᠬᠠᠭᠠᠨᠴᠢ ᠪᠠᠷ ᠨᠢᠳᠦ ᠪᠠᠨ ᠬᠡᠷᠡᠭᠯᠡᠬᠦ ᠤᠬᠠᠭᠤᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂

ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠳᠠᠯᠢ

ᠪᠣᠰᠤ ᠰᠤᠷᠤᠯᠭ᠎ᠠ ᠶᠢᠨ ᠱᠠᠲᠤᠨ ᠤ ᠬᠡᠦᠬᠡᠳ ᠤᠨ ᠬᠠᠷᠠᠭ᠎ᠠ ᠶᠢ ᠰᠠᠨᠠᠭᠠᠴᠢᠯᠠᠭ᠎ᠠ ᠠᠴᠠ ᠪᠠᠨ ᠬᠠᠮᠠᠭᠠᠯᠠᠬᠤ ᠤᠬᠠᠮᠰᠠᠷ ᠢ

ᠴᠢᠩᠭᠠᠳᠬᠠᠵᠤ᠂ ᠭᠡᠷ ᠪᠦᠯᠢ ᠶᠢᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠦᠢᠯᠡᠳᠦᠯ ᠢ

ᠪᠠᠳᠠᠷᠠᠭᠤᠯᠤᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠢᠳᠦᠨ ᠤ ᠡᠷᠡᠭᠦᠯ ᠮᠡᠨᠳᠦ ᠶᠢᠨ

ᠬᠠᠮᠠᠭᠠᠯᠠᠯᠲᠠ ᠶᠢᠨ ᠲᠣᠣᠷ ᠢ ᠪᠠᠬᠢᠵᠢᠭᠦᠯᠵᠦ᠂ ᠬᠡᠦᠬᠡᠳ ᠤᠨ ᠨᠢᠳᠦᠨ ᠤ ᠬᠠᠷᠠᠭ᠎ᠠ ᠶᠢ ᠬᠠᠮᠠᠭᠠᠯᠠᠬᠤ ᠳᠤ

ᠲᠤᠯᠭᠠᠭᠤᠷᠢᠯᠠᠯ  ᠬᠠᠩᠭᠠᠨ᠎ᠠ᠃

      ︵ᠨᠠᠶᠢᠷᠠᠭᠤᠯᠤᠭᠴᠢ᠄ ᠵᠧᠩ ᠵᠢᠶᠠ ᠴᠢ  ᠬᠢᠨᠠᠭᠴᠢ᠄ ᠠᠨ ᠶᠥᠩ ᠮᠢᠩ︶

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map