ᠪᠦᠬᠦ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠵᠢᠴᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠦᠢᠮᠣ︾ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠤᠨ ᠬᠤᠷᠠᠯ ᠬᠤᠷᠠᠯᠳᠤᠪᠠ ᠬᠦᠦᠳᠠᠭᠤᠯᠠ ᠶᠠᠷᠢᠶ᠎ᠠ ᠲᠠᠯᠪᠢᠵᠤ ᠴᠢ᠊ ᠪᠠᠲᠤ ᠣᠷᠣᠯᠴᠠᠵᠠᠢ
ᠨᠡᠶᠢᠲᠡᠯᠡᠭᠰᠡᠨ ᠴᠠᠭ᠄
2024/4/15
      4 ᠳ᠋ᠦ᠋ᠭᠡᠷ ᠰᠠᠷ᠎ᠠ ᠶᠢᠨ 11 ᠤ ᠡᠳᠦᠷ᠂ ᠪᠥᠬᠦ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ            ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠰᠤᠳᠤᠯᠭᠠᠨ ᠤ ᠰᠠᠭᠤᠷᠢᠨ᠂ ᠬᠥᠮᠦᠵᠢᠯ ᠦᠢᠯᠡᠳᠦᠯᠭᠡ ᠶᠢᠨ ᠰᠠᠭᠤᠷᠢᠨ ᠤ ᠪᠦᠲᠦᠭᠡᠨ ᠪᠠᠶᠢᠭᠤᠯᠤᠯᠲᠠ ᠵᠢᠴᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ            ᠶᠢᠨ ᠲᠦᠢᠮᠦ︾ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠤᠨ ᠬᠤᠷᠠᠯ ᠬᠥᠬᠡᠬᠤᠲᠠ ᠳᠤ           ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ  ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ ᠳᠤ ᠣᠷᠣᠯᠴᠠᠵᠠᠢ᠃      ᠬᠦᠦᠳᠠᠭᠤᠯᠠ ᠬᠡᠯᠡᠬᠦ ᠳᠤ ᠪᠠᠨ ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠᠷ ᠶᠡᠷᠦᠩᠬᠡᠶᠢᠯᠡᠨ ᠵᠢᠯᠣᠭᠤᠳᠤᠭᠤᠯᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠣᠨᠣᠯ ᠤᠨ ᠰᠤᠳᠤᠯᠭᠠᠨ ᠪᠠ ᠤᠬᠠᠭᠤᠯᠭ᠎ᠠ ᠬᠥᠮᠦᠵᠢᠯ  ᠤᠨ ᠠᠵᠢᠯ ᠢ ᠰᠠᠶᠢᠲᠤᠷ ᠬᠢᠬᠦ ᠲᠤᠯᠭᠠᠮ ᠰᠡᠳᠬᠢᠯᠭᠡ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠰᠤᠳᠤᠯᠭᠠᠨ ᠤ ᠰᠠᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠵᠦ ᠪᠠᠭᠲᠠᠭᠠᠮᠵᠢ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠂ ᠬᠥᠮᠦᠵᠢᠯ ᠦᠢᠯᠡᠳᠦᠯᠭᠡ ᠶᠢᠨ ᠰᠠᠭᠤᠷᠢᠨ ᠢ ᠰᠠᠶᠢᠲᠤᠷ ᠪᠠᠶᠢᠭᠤᠯᠵᠤ ᠬᠠᠮᠢᠶᠠᠷᠴᠤ ᠬᠡᠷᠡᠭᠯᠡᠵᠦ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠦᠢᠮᠣ︾ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠰᠠᠶᠢᠲᠤᠷ ᠬᠢᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠪᠠᠷ ᠠᠵᠢᠯ ᠤᠨ ᠭᠤᠣᠯ ᠱᠤᠭᠤᠮ ᠪᠣᠯᠭᠠᠨ᠂ ᠡᠮᠦᠨ᠎ᠡ ᠨᠢ ᠶᠠᠪᠤᠵᠤ ᠂ ᠦᠯᠢᠭᠡᠷ ᠳᠠᠭᠤᠷᠢᠶᠠᠯ ᠪᠣᠯᠬᠤ ᠬᠡᠷᠡᠭᠲᠡᠢ ᠭᠡᠵᠡᠢ᠃      ᠬᠤᠷᠠᠯ ᠳᠡᠭᠡᠷ᠎ᠡ ᠂ ᠥᠪᠥᠷ ᠮᠣᠩᠭᠤᠯ ᠤᠨ ᠶᠡᠭᠡ ᠰᠤᠷᠭᠠᠭᠤᠯᠢ ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠪᠠ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠤ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map