ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠲᠠᠳ ᠤᠨ ︽ᠰᠤᠷᠭᠠᠭᠤᠯᠢ ᠶᠢᠨ ᠬᠦᠷᠢᠶᠡᠨ ᠤ ᠠᠷᠪᠠᠨ ᠰᠢᠯᠢᠳᠡᠭ ᠳᠠᠭᠤᠴᠢᠨ︾ ᠢ ᠰᠢᠯᠭᠠᠷᠠᠭᠤᠯᠬᠤ ᠤᠷᠤᠯᠳᠤᠭᠠᠨ ᠤ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/15
       4 ᠳ᠋ᠦ᠋ᠭᠡᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠲᠠᠳ ᠤᠨ ︽ᠰᠤᠷᠭᠠᠭᠤᠯᠢ ᠶᠢᠨ ᠬᠦᠷᠢᠶᠡᠨ ᠤ ᠠᠷᠪᠠᠨ ᠰᠢᠯᠢᠳᠡᠭ ᠳᠠᠭᠤᠴᠢᠨ︾ ᠢ ᠰᠢᠯᠭᠠᠷᠠᠭᠤᠯᠬᠤ ᠤᠷᠤᠯᠳᠤᠭᠠᠨ ᠤ ᠸᠢᠳᠢᠣ᠋ ᠠᠬᠢᠭᠤᠯᠬᠤ ᠬᠤᠷᠠᠯ ᠢ ᠬᠤᠷᠠᠯᠳᠤᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠬᠤ᠂ ᠵᠣᠬᠢᠶᠠᠨ ᠪᠠᠶᠢᠭᠤᠯᠵᠤ ᠵᠣᠬᠢᠴᠠᠭᠤᠯᠬᠤ  ᠶᠢ ᠴᠢᠩᠭᠠᠳᠬᠠᠬᠤ᠂ ᠤᠬᠠᠭᠤᠯᠵᠤ ᠬᠥᠲᠥᠯᠥᠨ ᠳᠠᠭᠠᠭᠤᠯᠬᠤ ᠶᠢ ᠳᠣᠪᠤᠶᠢᠯᠭᠠᠬᠤ᠂ ᠭᠤᠸ᠎ᠠ ᠰᠠᠶᠢᠬᠠᠨ ᠤ ᠬᠥᠮᠦᠵᠢᠯ ᠤᠨ ᠦᠢᠯᠡᠳᠦᠯᠭᠡ ᠶᠢ ᠪᠠᠶᠠᠯᠢᠭᠵᠢᠭᠤᠯᠬᠤ ᠵᠡᠷᠭᠡ ᠠᠵᠢᠯ ᠤᠨ ᠲᠤᠬᠠᠢ  ᠪᠠᠶᠢᠷᠢᠯᠠᠭᠤᠯᠪᠠ᠃

1.webp.jpg

      ᠡᠨᠡ ᠬᠤᠭᠤᠴᠠᠭᠠᠨ ᠤ ᠤᠶᠤᠲᠠᠳ ᠤᠨ ︽ᠰᠤᠷᠭᠠᠭᠤᠯᠢ ᠶᠢᠨ ᠬᠦᠷᠢᠶᠡᠨ ᠤ ᠠᠷᠪᠠᠨ ᠰᠢᠯᠢᠳᠡᠭ ᠳᠠᠭᠤᠴᠢᠨ︾ ᠤ

ᠤᠷᠤᠯᠳᠤᠭᠠᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠠᠴᠠ

ᠭᠤᠣᠯᠯᠠᠨ ᠡᠷᠬᠢᠯᠡᠵᠦ᠂ ᠤᠷᠤᠯᠳᠤᠭᠠᠨ ᠨᠢ ︽ ᠵᠠᠯᠠᠭᠤᠴᠤᠳ ᠬᠤᠷᠠᠨ ᠴᠤᠭᠯᠠᠷᠠᠵᠤ ᠤᠮᠠᠷᠠᠲᠤ ᠬᠢᠯᠢ ᠪᠠᠨ ᠮᠠᠭᠲᠠᠨ

ᠳᠠᠭᠤᠯᠠᠬᠤ︾ ᠪᠠᠷ ᠭᠤᠣᠯ ᠰᠡᠳᠦᠪ ᠪᠣᠯᠭᠠᠵᠤ᠂ ᠲᠤᠰᠬᠠᠢ ᠮᠡᠷᠭᠡᠵᠢᠯ ᠤᠨ ᠳᠤᠭᠤᠶᠢᠯᠠᠩ ᠪᠠ ᠠᠵᠢᠯ ᠤᠨ ᠴᠢᠯᠥᠭᠡᠨ ᠤ

ᠳᠤᠭᠤᠶᠢᠯᠠᠩ ᠭᠡᠬᠦ ᠬᠤᠶᠠᠷ ᠳᠤᠭᠤᠶᠢᠯᠠᠩ ᠬᠤᠪᠢᠶᠠᠵᠤ᠂ ᠠᠩᠬᠠᠨ ᠤ ᠤᠷᠤᠯᠳᠤᠭᠠᠨ᠂ ᠬᠤᠶᠠᠳᠠᠬᠢ ᠤᠷᠤᠯᠳᠤᠭᠠᠨ᠂

ᠰᠢᠢᠳᠪᠦᠷᠢᠲᠦ ᠤᠷᠤᠯᠳᠤᠭᠠᠨ᠂ ᠲᠥᠪᠯᠡᠷᠡᠭᠦᠯᠦᠨ ᠳᠡᠯᠭᠡᠨ ᠦᠵᠡᠭᠦᠯᠬᠦ ᠪᠠ ᠲᠣᠭᠤᠷᠢᠨ ᠲᠣᠭᠯᠠᠬᠤ ᠵᠡᠷᠭᠡ ᠲᠠᠪᠤᠨ

ᠱᠠᠲᠤ ᠪᠠᠷ ᠶᠠᠪᠤᠭᠳᠠᠭᠤᠯᠪᠠ᠃

2.webp.jpg

3.webp.jpg

4.webp.jpg

      ᠤᠷᠤᠯᠳᠤᠭᠠᠨ ᠢ ᠡᠬᠢᠯᠡᠭᠦᠯᠦᠭᠰᠡᠨ ᠠᠴᠠ ᠨᠠᠭᠠᠰᠢ᠂ ᠡᠯ᠎ᠡ ᠰᠤᠷᠭᠠᠭᠤᠯᠢ ᠨᠠᠷᠢᠨ ᠨᠢᠮᠪᠠᠢ ᠲᠥᠰᠦᠪᠯᠡᠬᠦ ᠪᠠ

ᠵᠣᠬᠢᠶᠠᠨ ᠪᠠᠶᠢᠭᠤᠯᠵᠤ᠂ ᠵᠠᠭᠤᠴᠢᠯᠠᠭᠤᠷ ᠤᠨ ᠲᠠᠪᠴᠠᠩ᠂ ᠤᠬᠠᠭᠤᠯᠭ᠎ᠠ ᠶᠢᠨ ᠪᠤᠯᠤᠩ᠂ ᠰᠤᠷᠭᠠᠭᠤᠯᠢ ᠶᠢᠨ

ᠬᠦᠷᠢᠶᠡᠨ ᠤ ᠷᠠᠳᠢᠣ᠋ ᠨᠡᠪᠲᠡᠷᠡᠭᠦᠯᠭᠡ ᠵᠡᠷᠭᠡ ᠣᠯᠠᠨ ᠵᠦᠢᠯ ᠤᠨ ᠬᠡᠯᠪᠡᠷᠢ ᠶᠢ ᠠᠰᠢᠭᠯᠠᠵᠤ᠂ ᠠᠵᠢᠯᠯᠠᠭᠠᠨ ᠤ ᠪᠦᠬᠦ

ᠶᠠᠪᠤᠴᠠ ᠶᠢ ᠤᠬᠠᠭᠤᠯᠬᠤ ᠡᠷᠴᠢᠮ ᠢ ᠴᠢᠩᠭᠠᠷᠠᠭᠤᠯᠵᠤ᠂ ᠬᠠᠮᠢᠶ᠎ᠠ ᠪᠦᠬᠦᠢ ᠠᠵᠢᠯ ᠢ ᠡᠮᠬᠢ ᠵᠢᠷᠤᠮ ᠲᠠᠢ          

ᠠᠬᠢᠭᠤᠯᠪᠠ᠃ ᠣᠳᠣ ᠪᠣᠯᠲᠠᠯ᠎ᠠ᠂ ᠪᠦᠬᠦ ᠣᠷᠣᠨ ᠤ 40 ᠰᠢᠬᠠᠮ ᠶᠡᠭᠡ ᠳᠡᠭᠡᠳᠦ ᠰᠤᠷᠭᠠᠭᠤᠯᠢ ᠨᠢᠭᠡᠨᠲᠡ

ᠰᠤᠷᠭᠠᠭᠤᠯᠢ ᠳᠤ ᠪᠠᠨ ᠰᠣᠩᠭᠤᠬᠤ ᠠᠵᠢᠯᠯᠠᠭ᠎ᠠ ᠶᠢ ᠥᠷᠨᠢᠭᠦᠯᠪᠡ᠃

   

5.webp.jpg

6.webp.jpg

7.webp.jpg

      ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠠᠭᠰᠢ

ᠰᠤᠷᠤᠭᠴᠢᠳ ᠤᠨ ᠢᠳᠡᠪᠬᠢᠲᠡᠢ ᠣᠷᠣᠯᠴᠠᠬᠤ ᠶᠢ ᠦᠷᠭᠦᠯᠵᠢᠯᠡᠨ ᠵᠣᠷᠢᠭᠵᠢᠭᠤᠯᠵᠤ᠂ ᠴᠣᠯᠭᠤᠷᠠᠨ ᠭᠠᠷᠤᠭᠰᠠᠨ

ᠠᠩᠬᠠᠨ ᠤ ᠪᠥᠲᠦᠭᠡᠯ ᠰᠢᠯᠢᠳᠡᠭ ᠳᠠᠭᠤᠤ ᠶᠢ ᠳᠡᠯᠭᠡᠷᠡᠭᠦᠯᠦᠨ ᠤᠬᠠᠭᠤᠯᠵᠤ᠂ ᠰᠤᠷᠭᠠᠭᠤᠯᠢ ᠶᠢᠨ ᠬᠦᠷᠢᠶᠡᠨ ᠤ

ᠰᠢᠯᠢᠳᠡᠭ ᠳᠠᠭᠤᠴᠢᠨ ᠤ ᠳᠠᠭᠤᠷᠢᠶᠠᠯ ᠦᠵᠡᠭᠦᠯᠵᠦ ᠬᠥᠲᠥᠯᠥᠨ ᠳᠠᠭᠠᠭᠤᠯᠬᠤ ᠵᠢᠴᠢ ᠳᠠᠭᠤᠤ ᠶᠢ ᠨᠢ ᠤᠬᠠᠭᠤᠯᠵᠤ

ᠨᠡᠪᠲᠡᠷᠡᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠪᠠᠭᠰᠢ ᠰᠤᠷᠤᠭᠴᠢ ᠶᠢ ᠬᠥᠲᠥᠯᠥᠨ ᠵᠢᠯᠣᠭᠤᠳᠴᠤ ᠰᠢᠯᠢᠳᠡᠭ

ᠳᠠᠭᠤᠤ ᠶᠢ ᠢᠳᠡᠪᠬᠢᠲᠡᠢ ᠤᠯᠠᠮᠵᠢᠯᠠᠨ ᠳᠠᠭᠤᠯᠠᠭᠤᠯᠵᠤ᠂ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠪᠣᠯᠤᠨ

ᠳᠤᠮᠳᠠᠳᠤ ᠶᠢᠨ ᠭᠤᠸ᠎ᠠ ᠰᠠᠶᠢᠬᠠᠨ ᠤ ᠬᠥᠮᠦᠵᠢᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠠᠭᠠᠰᠢᠲᠠ ᠪᠠᠲᠤᠳᠬᠠᠨ᠎ᠠ᠃

 

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map