ᠠᠩᠬᠠᠳᠠᠭᠴᠢ ᠪᠥᠯᠦᠭ ᠤᠨ ᠪᠦᠬᠦ ᠤᠯᠤᠰ ᠤᠨ ᠬᠠᠤᠯᠢ ᠪᠠᠷ ᠰᠤᠷᠭᠠᠭᠤᠯᠢ ᠶᠢ ᠵᠠᠰᠠᠭᠰᠠᠨ ᠳᠠᠭᠤᠷᠢᠶᠠᠯ ᠦᠵᠡᠭᠦᠯᠬᠦ ᠰᠤᠷᠭᠠᠭᠤᠯᠢ ᠪᠠᠷ ᠲᠠᠨᠢᠯᠴᠠᠭᠤᠯᠬᠤ ᠪᠠᠷ ᠰᠣᠩᠭᠤᠭᠳᠠᠭᠰᠠᠨ ᠳ᠋ᠦᠩ ᠤᠨ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2024/4/17
      ︽ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠤᠨ ᠠᠩᠬᠠᠳᠠᠭᠴᠢ ᠪᠦᠯᠦᠭ ᠤᠨ ᠪᠦᠬᠦ ᠤᠯᠤᠰ ᠤᠨ ᠬᠠᠤᠯᠢ ᠪᠠᠷ ᠰᠤᠷᠭᠠᠭᠤᠯᠢ ᠶᠢ ᠵᠠᠰᠠᠭᠰᠠᠨ ᠳᠠᠭᠤᠷᠢᠶᠠᠯ ᠦᠵᠡᠭᠦᠯᠬᠦ ᠰᠤᠷᠭᠠᠭᠤᠯᠢ ᠶᠢ ᠲᠠᠨᠢᠯᠴᠠᠭᠤᠯᠬᠤ ᠲᠤᠬᠠᠢ ᠮᠡᠳᠡᠭᠳᠡᠯ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠡᠯ᠎ᠡ ᠰᠤᠷᠭᠠᠭᠤᠯᠢ ᠮᠡᠳᠡᠭᠦᠯᠵᠦ᠂ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠮᠡᠳᠡᠭᠦᠯᠦᠭᠰᠡᠨ ᠮᠠᠲ᠋ᠧᠷᠢᠶᠠᠯ ᠢ ᠬᠢᠨᠠᠨ ᠪᠠᠶᠢᠴᠠᠭᠠᠬᠤ ᠪᠠ ᠲᠤᠬᠠᠢ ᠶᠢᠨ ᠭᠠᠵᠠᠷ ᠲᠤ ᠨᠢ ᠦᠨᠡᠯᠡᠨ ᠵᠢᠱᠢᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠠᠵᠢᠯ ᠤᠨ ᠬᠤᠷᠠᠯ ᠤᠨ ᠬᠢᠨᠠᠨ ᠵᠦᠪᠯᠡᠬᠦ ᠪᠠᠷ ᠳᠠᠮᠵᠢᠨ᠂ ᠡᠳᠦᠭᠡ ᠠᠩᠬᠠᠳᠠᠭᠴᠢ ᠪᠦᠯᠦᠭ ᠤᠨ ᠪᠦᠬᠦ ᠤᠯᠤᠰ ᠤᠨ ᠬᠠᠤᠯᠢ ᠪᠠᠷ ᠰᠤᠷᠭᠠᠭᠤᠯᠢ ᠶᠢ ᠵᠠᠰᠠᠭᠰᠠᠨ ᠳᠠᠭᠤᠷᠢᠶᠠᠯ ᠦᠵᠡᠭᠦᠯᠬᠦ ᠰᠤᠷᠭᠠᠭᠤᠯᠢ ᠪᠠᠷ ᠲᠠᠨᠢᠯᠴᠠᠭᠤᠯᠬᠤ ᠪᠠᠷ ᠰᠣᠩᠭᠤᠭᠳᠠᠭᠰᠠᠨ ᠳ᠋ᠦᠩ ᠢ ᠢᠯᠡ ᠨᠡᠶᠢᠲᠡᠯᠡᠪᠡ᠄      ᠢᠯᠡ ᠨᠡᠶᠢᠲᠡᠯᠡᠬᠦ ᠴᠠᠭ᠄ 2024 ᠣᠨ ᠤ 4 ᠰᠠᠷ᠎ᠠ ᠶᠢᠨ 11 - 2024 ᠣᠨ ᠤ 4 ᠰᠠᠷ᠎ᠠ ᠶᠢᠨ 17 ᠤ ᠡᠳᠦᠷ᠃      ᠢᠯᠡ ᠨᠡᠶᠢᠲᠡᠯᠡᠬᠦ ᠬᠤᠭᠤᠴᠠᠭᠠᠨ ᠳᠤ ᠬᠡᠷᠪᠡ ᠰᠠᠨᠠᠯ ᠲᠠᠢ ᠪᠣᠯ ᠨᠢᠭᠡᠴᠢ ᠪᠠ ᠬᠤᠪᠢ ᠬᠥᠮᠦᠨ ᠵᠠᠬᠢᠳᠠᠯ᠂ ᠤᠲᠠᠰᠤ ᠢᠷᠡᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ ᠢᠯᠡ ᠨᠡᠶᠢᠲᠡᠯᠡᠭᠳᠡᠭᠰᠡᠳ  ᠤᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠬᠢᠨᠠᠨ ᠪᠠᠶᠢᠴᠠᠭᠠᠬᠤ ᠳᠤ ᠳᠥᠭᠦᠮ ᠦᠵᠡᠭᠦᠯᠬᠦ ᠶᠢᠨ ᠲᠥᠯᠥᠭᠡ᠂ ᠠᠰᠠᠭᠤᠳᠠᠯ  ᠢ ᠲᠤᠰᠬᠠᠬᠤ ᠳᠤ ᠪᠠᠨ ᠬᠤᠯᠪᠣᠭᠳᠠᠯ ᠪᠦᠬᠦᠢ ᠰᠦᠪᠡᠭᠴᠢ ᠶᠢ ᠬᠠᠩᠭᠠᠬᠤ ᠶᠢᠨ ᠬᠠᠮᠲᠤ ᠲᠤᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠪᠠᠨ ᠬᠠᠩᠭᠠᠵᠤ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠪᠠᠶᠢᠴᠠᠭᠠᠭᠰᠠᠨ ᠪᠠᠶᠢᠳᠠᠯ ᠢ ᠴᠠᠭ ᠲᠤᠬᠠᠢ ᠳᠤ ᠨᠢ ᠬᠠᠷᠢᠭᠤ ᠪᠤᠴᠠᠭᠠᠨ᠎ᠠ᠃      ᠬᠠᠷᠢᠯᠴᠠᠬᠤ ᠤᠲᠠᠰᠤ᠄ 0471 - 2856729          ᠳᠠᠭᠠᠯᠳᠤᠭᠤᠯᠤᠯ᠄ ᠠᠩᠬᠠᠳᠠᠭᠴᠢ ᠪᠦᠯᠦᠭ ᠤᠨ ᠲᠠᠨᠢᠯᠴᠠᠭᠤᠯᠬᠤ ᠪᠠᠷ ᠪᠠᠶᠢᠭ᠎ᠠ ᠪᠦᠬᠦ ᠤᠯᠤᠰ ᠤᠨ ᠬᠠᠤᠯᠢ ᠪᠠᠷ ᠰᠤᠷᠭᠠᠭᠤᠯᠢ ᠶᠢ ᠵᠠᠰᠠᠭᠰᠠᠨ ᠳᠠᠭᠤᠷᠢᠶᠠᠯ ᠦᠵᠡᠭᠦᠯᠬᠦ ᠰᠤᠷᠭᠠᠭᠤᠯᠢ ᠶᠢᠨ ᠨᠡᠷᠡᠰ       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ             2024 ᠣᠨ ᠤ 4 ᠰᠠᠷ᠎ᠠ ᠶᠢᠨ 11 ᠤ ᠡᠳᠦᠷ      ᠳᠠᠭᠠᠯᠳᠤᠭᠤᠯᠤᠯ      ᠠᠩᠬᠠᠳᠠᠭᠴᠢ ᠪᠦᠯᠦᠭ ᠤᠨ ᠲᠠᠨᠢᠯᠴᠠᠭᠤᠯᠬᠤ ᠪᠠᠷ ᠪᠠᠶᠢᠭ᠎ᠠ ᠪᠦᠬᠦ ᠤᠯᠤᠰ ᠤᠨ ᠬᠠᠤᠯᠢ ᠪᠠᠷ      ᠰᠤᠷᠭᠠᠭᠤᠯᠢ ᠶᠢ ᠵᠠᠰᠠᠭᠰᠠᠨ ᠳᠠᠭᠤᠷᠢᠶᠠᠯ ᠦᠵᠡᠭᠦᠯᠬᠦ ᠰᠤᠷᠭᠠᠭᠤᠯᠢ ᠶᠢᠨ ᠨᠡᠷᠡᠰ      ᠪᠤᠭᠤᠲᠤ ᠬᠤᠲᠠ ᠶᠢᠨ ᠪᠣᠯᠣᠳ ᠲᠡᠮᠦᠷ ᠶᠡᠭᠡ ᠵᠡᠭᠡᠯᠢ ᠶᠢᠨ ᠬᠤᠶᠠᠳᠤᠭᠠᠷ ᠪᠠᠭ᠎ᠠ ᠰᠤᠷᠭᠠᠭᠤᠯᠢ      ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠢᠨᠳᠡᠷ ᠭᠤᠷᠪᠠᠳᠤᠭᠠᠷ ᠳᠤᠮᠳᠠᠳᠤ ᠰᠤᠷᠭᠠᠭᠤᠯᠢ      ᠬᠥᠯᠥᠨ ᠪᠤᠶᠢᠷ ᠬᠤᠲᠠ ᠶᠢᠨ ᠬᠠᠶᠢᠯᠠᠷ ᠬᠤᠶᠠᠳᠤᠭᠠᠷ ᠳᠤᠮᠳᠠᠳᠤ ᠰᠤᠷᠭᠠᠭᠤᠯᠢ      ᠤᠯᠠᠭᠠᠨᠬᠠᠳᠠ ᠮᠡᠳᠡᠭᠡ ᠵᠠᠩᠭᠢ ᠶᠢᠨ ᠠᠵᠢᠯ  ᠮᠡᠷᠭᠡᠵᠢᠯ ᠤᠨ ᠰᠤᠷᠭᠠᠭᠤᠯᠢ      ᠤᠯᠠᠭᠠᠨᠴᠠᠪ ᠬᠤᠲᠠ ᠶᠢᠨ ᠵᠢᠨᠢᠩ ᠨᠢᠭᠡᠳᠦᠭᠡᠷ ᠳᠤᠮᠳᠠᠳᠤ ᠰᠤᠷᠭᠠᠭᠤᠯᠢ      ᠤᠯᠠᠭᠠᠨᠬᠠᠳᠠ ᠳᠡᠭᠡᠳᠦ ᠰᠤᠷᠭᠠᠭᠤᠯᠢ      ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ 
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map