ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠪᠠ
ᠨᠡᠶᠢᠲᠡᠯᠡᠭᠰᠡᠨ ᠴᠠᠭ᠄
2024/4/18
      ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ︽ᠵᠠᠯᠠᠭᠤ ᠨᠠᠰᠤ·ᠠᠮᠤᠷ ᠲᠦᠪᠰᠢᠨ ᠤᠮᠠᠷᠠᠲᠤ ᠬᠢᠯᠢ︾ ᠭᠡᠬᠦ ᠣᠨᠴᠠᠯᠢᠭᠲᠤ ᠨᠡᠷᠡᠲᠦ ᠲᠡᠮᠳᠡᠭᠲᠦ ᠶᠢ ᠡᠭᠦᠳᠴᠦ᠂ ︽ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ · ᠰᠢᠨ᠎ᠡ ᠶᠢ ᠡᠭᠦᠳᠬᠦ ᠪᠠᠷ ᠬᠥᠲᠥᠯᠦᠨ ᠳᠠᠭᠠᠭᠤᠯᠤᠭᠰᠠᠨ 10 ᠵᠢᠯ ᠤᠨ ᠣᠢ︾ ᠭᠡᠬᠦ ᠭᠤᠣᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠦᠨ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃      ᠤᠷᠢᠳᠴᠢᠯᠠᠨ ᠲᠣᠬᠢᠷᠠᠭᠤᠯᠤᠨ ᠪᠠᠶᠢᠷᠢᠯᠠᠭᠤᠯᠵᠤ᠂ ︽ᠤᠷᠢᠳ ᠢᠶᠠᠷ︾ ᠢ ᠲᠣᠪᠤᠶᠢᠯᠭᠠᠪᠠ      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠯᠤᠭ᠎ᠠ ᠵᠡᠷᠭᠡ ᠪᠠᠷ ᠲᠥᠯᠥᠪᠵᠢᠭᠦᠯᠵᠦ᠂ ᠵᠡᠷᠭᠡ ᠪᠠᠷ ᠠᠬᠢᠭᠤᠯᠤᠨ᠂ ︽ᠵᠠᠯᠠᠭᠤ ᠨᠠᠰᠤ·ᠠᠮᠤᠷ ᠲᠦᠪᠰᠢᠨ ᠤᠮᠠᠷᠠᠲᠤ ᠬᠢᠯᠢ︾ ᠭᠡᠬᠦ ᠭᠤᠣᠯ ᠰᠡᠳᠦᠪᠲᠦ ᠠᠵᠢᠯᠯᠠᠭ᠎ᠠ ᠶᠢ ︽2024 ᠣᠨ ᠤ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠤᠨ ᠠᠵᠢᠯᠯᠠᠭᠠᠨ ᠤ ᠭᠤᠣᠯᠳᠠᠯᠭ᠎ᠠ ᠲᠠᠢ ᠠᠭᠤᠯᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ 2024 ᠣᠨ ᠤ ᠠᠮᠤᠷ ᠲᠦᠪᠰᠢᠨ ᠤ ᠠᠵᠢᠯ ᠤᠨ ᠭᠤᠣᠯᠳᠠᠯᠭ᠎ᠠ ᠳᠤ ᠣᠷᠣᠭᠤᠯᠤᠨ᠂ ︽ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ           ᠡᠳᠦᠷ︾ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠲᠤᠰᠬᠠᠢ ᠠᠵᠢᠯᠯᠠᠭ᠎ᠠ ᠪᠣᠯᠭᠠᠨ ᠤᠷᠢᠳᠴᠢᠯᠠᠨ ᠪᠠᠶᠢᠷᠢᠯᠠᠭᠤᠯᠪᠠ᠃ 3 ᠰᠠᠷ᠎ᠠ ᠶᠢᠨ ᠰᠡᠭᠦᠯᠴᠢ ᠪᠠᠷ᠂ ︽2024 ᠣᠨ  ᠤ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠬᠢᠨ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠶᠢᠨ ᠠᠭᠤᠯᠭ᠎ᠠ ᠶᠢ ᠦᠷᠭᠦᠯᠵᠢᠯᠡᠨ ᠪᠠᠶᠠᠯᠢᠭᠵᠢᠭᠤᠯᠵᠤ᠂ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠬᠢ ᠪᠠᠶᠠᠯᠢᠭ ᠢ ᠢᠳᠡᠪᠬᠢᠲᠡᠢ ᠥᠷᠭᠡᠳᠬᠡᠨ᠂ ᠤᠯᠤᠰ ᠤᠨ ᠠᠮᠤᠷ ᠲᠦᠪᠰᠢᠨ ᠤ ᠣᠨᠣᠯ ᠢ ᠲᠠᠶᠢᠯᠪᠤᠷᠢᠯᠠᠬᠤ ᠪᠠ ᠠᠵᠢᠯ ᠤᠨ ᠰᠤᠳᠤᠯᠭᠠᠨ ᠢ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠰᠦᠯᠵᠢᠶᠡᠨ ᠳᠠᠬᠢ ᠸᠢᠳᠢᠣ᠋ ᠢᠯᠡ ᠬᠢᠴᠢᠶᠡᠯ ᠢ ᠰᠢᠩᠭᠡᠭᠡᠨ ᠦᠢᠯᠡᠳᠴᠦ᠂ ᠤᠯᠤᠰ ᠤᠨ ᠠᠮᠤᠷ ᠲᠦᠪᠰᠢᠨ ᠤ ᠬᠥᠮᠦᠵᠢᠯ ᠵᠢᠭᠠᠨ ᠰᠤᠷᠭᠠᠯᠲᠠ ᠶᠢᠨ ᠦᠵᠡᠭᠦᠯᠭᠡ ᠶᠢᠨ ᠠᠵᠢᠯᠯᠠᠭ᠎ᠠ ᠪᠠ ᠶᠠᠷᠢᠶ᠎ᠠ ᠢᠯᠡᠳᠬᠡᠯ ᠤᠨ ᠤᠷᠤᠯᠳᠤᠭᠠᠨ ᠵᠢᠴᠢ ᠦᠵᠡᠭᠳᠡᠯᠲᠦ ᠵᠦᠴᠦᠭᠡ ᠶᠢᠨ ᠤᠷᠤᠯᠳᠤᠭᠠᠨ ᠢ ᠡᠷᠬᠢᠯᠡᠬᠦ ᠬᠡᠷᠡᠭᠲᠡᠢ ᠭᠡᠵᠦ ᠱᠠᠭᠠᠷᠳᠠᠪᠠ᠃      ᠲᠤᠰᠬᠠᠢ ᠰᠡᠳᠦᠪᠲᠦ ᠪᠣᠯᠪᠠᠰᠤᠷᠠᠯ ᠢ ᠥᠷᠨᠢᠭᠦᠯᠵᠦ᠂ ︽ᠰᠤᠷᠤᠯᠴᠠᠯᠭ᠎ᠠ︾ ᠶᠢ ᠲᠣᠪᠤᠶᠢᠯᠭᠠᠪᠠ      4 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ 2024 ᠣᠨ ᠤ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠢᠭᠤᠴᠠ ᠨᠣᠮᠧᠷ ᠤᠨ ᠬᠠᠮᠢᠶᠠᠷᠤᠯᠲᠠ ᠶᠢᠨ ᠳᠣᠪᠴᠢᠶᠠᠨ ᠤ ᠲᠤᠰᠬᠠᠢ ᠮᠡᠷᠭᠡᠵᠢᠯᠲᠡᠨ ᠢ ᠤᠷᠢᠵᠤ ︽ᠰᠤᠷᠭᠠᠨ ᠬᠥᠮᠦᠵᠢᠯ ᠤᠨ ᠬᠦᠷᠢᠶᠡᠨ ᠳᠠᠬᠢ ᠨᠢᠭᠤᠴᠠ ᠨᠣᠮᠧᠷ ᠤᠨ ᠬᠡᠷᠡᠭᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ  ᠰᠤᠷᠭᠠᠨ ᠬᠥᠮᠦᠵᠢᠯ ᠤᠨ ᠲᠣᠭᠠᠵᠢᠭᠤᠯᠤᠯᠲᠠ ᠶᠢᠨ ᠴᠢᠨᠠᠷᠯᠢᠭ ᠬᠥᠭᠵᠢᠯᠲᠡ ᠪᠠ ᠥᠨᠳᠥᠷ ᠬᠢᠷᠢ ᠲᠦᠪᠰᠢᠨ ᠪᠦᠬᠦᠢ ᠠᠮᠤᠷ ᠲᠦᠪᠰᠢᠨ ᠳᠤ ᠡᠨᠧᠷᠭᠢ ᠣᠯᠭᠤᠬᠤ︾ ᠭᠡᠬᠦ ᠰᠡᠳᠦᠪ ᠢᠶᠠᠷ ᠨᠢᠭᠤᠴᠠ ᠨᠣᠮᠧᠷ ᠤᠨ ᠠᠮᠤᠷ ᠲᠦᠪᠰᠢᠨ ᠤ ᠮᠡᠳᠡᠯᠭᠡ ᠶᠢᠨ ᠲᠤᠰᠬᠠᠢ ᠰᠡᠳᠦᠪᠲᠦ ᠲᠠᠶᠢᠯᠤᠮᠵᠢ ᠬᠢᠯᠭᠡᠵᠦ᠂ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠥᠷᠭᠡᠨ ᠣᠯᠠᠨ ᠺᠠᠳ᠋ᠷ ᠠᠵᠢᠯᠲᠠᠨ ᠢ ᠬᠥᠮᠦᠵᠢᠭᠦᠯᠦᠨ ᠵᠢᠯᠣᠭᠤᠳᠴᠤ ᠨᠢᠭᠤᠴᠠ ᠨᠣᠮᠧᠷ ᠤᠨ ᠠᠮᠤᠷ ᠲᠦᠪᠰᠢᠨ ᠤ ᠮᠡᠳᠡᠯᠭᠡ ᠶᠢᠨ ᠰᠤᠷᠤᠯᠴᠠᠯᠭ᠎ᠠ ᠶᠢ ᠴᠢᠩᠭᠠᠳᠬᠠᠵᠤ᠂ ᠰᠣᠨᠣᠷ ᠰᠡᠷᠡᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠵᠦ᠂ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤ ᠳᠤ ᠪᠠᠨ ᠪᠠᠬᠢᠵᠢᠭᠦᠯᠪᠡ᠃ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠲᠤᠰ ᠲᠤᠰ ᠪᠦᠬᠦ ᠣᠷᠣᠨ ᠤ ᠡᠯ᠎ᠡ ᠶᠡᠭᠡ ᠳᠡᠭᠡᠳᠦ ᠰᠤᠷᠭᠠᠭᠤᠯᠢ ᠳᠤ ᠬᠦᠷᠴᠦ᠂ ᠤᠯᠤᠰ ᠤᠨ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ ᠠᠮᠤᠷ ᠲᠦᠪᠰᠢᠨ᠂ ᠬᠤᠯᠪᠣᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ᠂ ᠭᠠᠵᠢᠭᠤ ᠨᠣᠮᠯᠠᠯ ᠤᠨ ᠨᠡᠪᠴᠢᠯᠲᠡ ᠶᠢ ᠡᠰᠡᠷᠭᠦᠴᠡᠬᠦ ᠵᠡᠷᠭᠡ ᠠᠭᠤᠯᠭ᠎ᠠ ᠶᠢᠨ ᠲᠣᠭᠤᠷᠢᠨ ᠳᠤ ︽ᠤᠯᠤᠰ ᠤᠨ ᠠᠮᠤᠷ ᠲᠦᠪᠰᠢᠨ ᠤ ᠬᠥᠮᠦᠵᠢᠯ ᠤᠨ ᠲᠣᠮᠤ ᠬᠢᠴᠢᠶᠡᠯ︾ ᠵᠡᠷᠭᠡ ᠲᠠᠶᠢᠯᠤᠮᠵᠢ ᠶᠢ ᠥᠷᠨᠢᠭᠦᠯᠵᠦ᠂ ᠡᠯ᠎ᠡ ᠲᠥᠷᠥᠯ ᠤᠨ ᠲᠤᠰᠬᠠᠢ ᠰᠡᠳᠦᠪᠲᠦ ᠲᠠᠶᠢᠯᠤᠮᠵᠢ ᠶᠢ 30 ᠭᠠᠷᠤᠢ ᠲᠠᠯᠠᠪᠤᠷ ᠥᠷᠨᠢᠭᠦᠯᠪᠡ᠃      ᠬᠡᠯᠪᠡᠷᠢ ᠡᠯᠪᠡᠭ ᠪᠠᠶᠠᠯᠢᠭ ᠪᠠᠶᠢᠵᠤ᠂ ︽ᠠᠮᠢᠳᠤᠯᠢᠭ︾ ᠢ ᠲᠣᠪᠤᠶᠢᠯᠭᠠᠪᠠ      4 ᠳ᠋ᠦ᠋ᠭᠡᠷ ᠰᠠᠷ᠎ᠠ ᠶᠢᠨ 15 ᠤ ᠡᠳᠦᠷ᠂ ︽ᠵᠠᠯᠠᠭᠤ ᠨᠠᠰᠤ·ᠠᠮᠤᠷ ᠲᠦᠪᠰᠢᠨ ᠤᠮᠠᠷᠠᠲᠤ ᠬᠢᠯᠢ︾ ᠭᠡᠬᠦ 2024 ᠣᠨ ᠤ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠢ ᠥᠪᠥᠷ ᠮᠣᠩᠭᠤᠯ ᠤᠨ ᠰᠢᠨᠵᠢᠯᠡᠭᠡ ᠮᠡᠷᠭᠡᠵᠢᠯ ᠤᠨ ᠶᠡᠭᠡ ᠰᠤᠷᠭᠠᠭᠤᠯᠢ ᠳᠤ ᠶᠠᠪᠤᠭᠳᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠠᠮᠤᠷ ᠢ ᠬᠠᠮᠠᠭᠠᠯᠠᠬᠤ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠰᠦᠷᠳᠡᠭᠦᠯᠦᠯ ᠢ ᠡᠰᠡᠷᠭᠦᠴᠡᠬᠦ ᠶᠡᠷᠦᠩᠬᠡᠢ ᠠᠩᠭᠢ᠂ ᠡᠷᠡᠭᠦᠦ ᠶᠢᠨ ᠬᠡᠷᠡᠭ ᠢ ᠪᠠᠶᠢᠴᠠᠭᠠᠬᠤ ᠶᠡᠷᠦᠩᠬᠡᠢ ᠠᠩᠭᠢ᠂ ᠬᠤᠣᠷ ᠴᠠᠭᠠᠵᠠᠯᠠᠬᠤ ᠶᠡᠷᠦᠩᠬᠡᠢ ᠠᠩᠭᠢ ᠶᠢᠨ ᠡᠯ᠎ᠡ ᠰᠠᠯᠠᠭ᠎ᠠ ᠮᠥᠴᠢᠷ ᠤᠨ ᠠᠵᠢᠯᠲᠠᠳ ᠲᠤᠰ ᠲᠤᠰ ᠤᠯᠤᠰ ᠤᠨ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ ᠠᠮᠤᠷ ᠲᠦᠪᠰᠢᠨ᠂ ᠭᠠᠵᠢᠭᠤ ᠨᠣᠮᠯᠠᠯ ᠤᠨ ᠨᠡᠪᠴᠢᠯᠲᠡ ᠶᠢ ᠰᠡᠷᠭᠡᠶᠢᠯᠡᠬᠦ᠂ ᠰᠦᠷᠳᠡᠭᠦᠯᠬᠦ ᠦᠵᠡᠯ ᠤᠨ ᠨᠡᠪᠴᠢᠯᠲᠡ ᠶᠢ ᠰᠡᠷᠭᠡᠶᠢᠯᠡᠬᠦ᠂ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ᠂ ᠬᠤᠣᠷ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠲᠤᠬᠠᠢ ᠠᠬᠤᠢ ᠲᠠᠯᠠᠪᠠᠢ ᠳᠤ ᠤᠬᠠᠭᠤᠯᠤᠨ ᠲᠠᠶᠢᠯᠪᠤᠷᠢᠯᠠᠪᠠ᠃ ᠪᠦᠬᠦ ᠣᠷᠣᠨ ᠤ 12 ᠠᠶᠢᠮᠠᠭ ᠬᠤᠲᠠ᠂ 58 ᠶᠡᠭᠡ ᠳᠡᠭᠡᠳᠦ ᠰᠤᠷᠭᠠᠭᠤᠯᠢ ᠶᠢᠨ 300 ᠭᠠᠷᠤᠢ ᠲᠦᠮᠡᠨ ᠪᠠᠭᠰᠢ ᠰᠤᠷᠤᠭᠴᠢ ᠤᠯᠤᠰ ᠤᠨ ᠠᠮᠤᠷ ᠲᠦᠪᠰᠢᠨ ᠢ ︽ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯᠯᠠᠭ᠎ᠠ ᠶᠢ ᠵᠡᠷᠭᠡ ᠪᠠᠷ ᠥᠷᠨᠢᠭᠦᠯᠵᠦ᠂ ᠣᠯᠠᠨ ᠨᠡᠶᠢᠲᠡ ᠶᠢᠨ ᠲᠠᠯᠠᠪᠤᠷ ᠲᠤ ᠮᠡᠳᠡᠭᠳᠡᠯ ᠨᠠᠭᠠᠵᠤ᠂ ᠤᠬᠠᠭᠤᠯᠭ᠎ᠠ ᠶᠢᠨ ᠤᠷᠢᠶ᠎ᠠ ᠡᠯᠭᠦᠨ᠂ ᠡᠯ᠎ᠡ ᠲᠥᠷᠥᠯ ᠤᠨ ᠡᠯᠧᠺᠲᠷᠣᠨ ᠳᠡᠯᠭᠡᠴᠡ᠂ ᠭᠠᠳᠠᠨᠠᠬᠢ ᠲᠣᠮᠣ ᠳᠡᠯᠭᠡᠴᠡ ᠪᠠᠷ ᠤᠬᠠᠭᠤᠯᠭ᠎ᠠ ᠶᠢᠨ ᠤᠷᠢᠶ᠎ᠠ ᠪᠠ ᠨᠡᠶᠢᠲᠡ ᠶᠢᠨ ᠠᠰᠠᠷᠠᠮᠵᠢ ᠶᠢᠨ ᠸᠢᠳᠢᠣ᠋ ᠶᠢ ᠡᠭᠡᠯᠵᠢᠯᠡᠨ ᠨᠡᠪᠲᠡᠷᠡᠭᠦᠯᠵᠦ᠂ ᠤᠯᠤᠰ ᠤᠨ ᠠᠮᠤᠷ ᠲᠦᠪᠰᠢᠨ ᠤ ᠡᠯᠪᠡᠭ ᠪᠠᠶᠠᠯᠢᠭ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ᠃      ᠪᠠᠭᠰᠢ ᠰᠤᠷᠤᠭᠴᠢᠳ ᠢ ᠪᠦᠬᠦ ᠲᠠᠯ᠎ᠠ ᠪᠠᠷ ᠬᠠᠮᠤᠷᠴᠤ᠂ ︽ᠪᠦᠷᠢᠨ︾ ᠢ ᠳᠣᠪᠤᠶᠢᠯᠭᠠᠪᠠ      ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠬᠢᠨ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢᠨ ᠦᠵᠡᠯ ᠰᠠᠨᠠᠭᠠᠨ ᠤ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ ᠥᠷᠭᠡᠨ ᠣᠯᠠᠨ ᠪᠠᠭᠰᠢ ᠰᠤᠷᠤᠭᠴᠢ ᠶᠢ ᠢᠳᠡᠪᠬᠢᠲᠡᠢ ᠵᠣᠬᠢᠶᠠᠨ ᠪᠠᠶᠢᠭᠤᠯᠵᠤ ︽ᠵᠠᠯᠠᠭᠤ ᠨᠠᠰᠤ·ᠠᠮᠤᠷ ᠲᠦᠪᠰᠢᠨ ᠤᠮᠠᠷᠠᠲᠤ ᠬᠢᠯᠢ︾ ᠪᠠᠷ ᠭᠤᠣᠯ ᠰᠡᠳᠦᠪ ᠪᠣᠯᠭᠠᠭᠰᠠᠨ ᠸᠢᠳᠢᠣ᠋ ᠢᠯᠡ ᠬᠢᠴᠢᠶᠡᠯ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠦᠵᠡᠭᠦᠯᠭᠡ᠂ ᠶᠠᠷᠢᠶ᠎ᠠ ᠢᠯᠡᠳᠬᠡᠯ ᠤᠨ ᠤᠷᠤᠯᠳᠤᠭᠠᠨ ᠪᠠ ᠦᠵᠡᠭᠳᠡᠯᠲᠦ ᠵᠦᠴᠦᠭᠡ ᠶᠢᠨ ᠤᠷᠤᠯᠳᠤᠭᠠᠨ ᠵᠡᠷᠭᠡ ᠰᠢᠷᠢᠰ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠪᠠ᠃ ᠡᠭᠦᠨ ᠤ ᠬᠠᠮᠲᠤ ᠡᠯ᠎ᠡ ᠭᠠᠵᠠᠷ ᠤᠨ ᠬᠢᠨ ᠥᠪᠡᠷ ᠪᠡᠶ᠎ᠡ ᠶᠢᠨ ᠰᠢᠨᠵᠢᠯᠡᠭᠡᠨ ᠤ ᠰᠠᠯᠠᠭᠠᠨ ᠤ ᠣᠨᠴᠠᠯᠢᠭ ᠪᠣᠯᠤᠨ ᠪᠠᠭᠰᠢ ᠰᠤᠷᠤᠭᠴᠢᠳ ᠤᠨ ᠣᠨᠴᠠᠯᠢᠭ ᠲᠠᠢ ᠤᠶᠠᠯᠳᠤᠭᠤᠯᠵᠤ᠂ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠥᠪᠡᠷᠮᠢᠴᠡ ᠣᠨᠴᠠᠯᠢᠭ ᠪᠥᠬᠦᠢ ᠠᠵᠢᠯᠯᠠᠭ᠎ᠠ ᠶᠢ ᠥᠷᠨᠢᠭᠦᠯᠪᠡ᠃ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢᠨ ᠰᠤᠳᠤᠯᠭᠠᠨ ᠤ ᠲᠥᠪ ᠢ ᠪᠠᠶᠢᠭᠤᠯᠵᠤ᠂ ᠳᠣᠣᠷ᠎ᠠ ᠪᠠᠨ ᠤᠯᠤᠰ ᠲᠥᠷᠥ ᠶᠢᠨ ᠠᠮᠤᠷ ᠲᠦᠪᠰᠢᠨ ᠵᠢᠴᠢ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ᠂ ᠮᠥᠩᠭᠦᠨ ᠭᠦᠢᠯᠭᠡᠭᠡᠨ ᠤ ᠠᠮᠤᠷ ᠲᠦᠪᠰᠢᠨ᠂ ᠡᠨᠧᠷᠭᠢ ᠶᠢᠨ ᠡᠬᠢ ᠪᠠᠶᠠᠯᠢᠭ ᠤᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠣᠯᠠᠨ ᠤᠯᠤᠰ ᠤᠨ ᠠᠮᠤᠷ ᠲᠦᠪᠰᠢᠨ ᠵᠢᠴᠢ ︽ᠨᠢᠭᠡ ᠪᠦᠰᠡ ᠨᠢᠭᠡ ᠵᠠᠮ︾ ᠵᠡᠷᠭᠡ ᠰᠤᠳᠤᠯᠭᠠᠨ ᠤ ᠬᠤᠪᠢᠶᠠᠷᠢ ᠲᠥᠪ ᠢ ᠪᠠᠶᠢᠭᠤᠯᠵᠤ᠂ ᠤᠯᠤᠰ ᠤᠨ ᠠᠮᠤᠷ ᠲᠦᠪᠰᠢᠨ ᠤ ᠤᠬᠠᠭᠠᠨ ᠤ ᠰᠤᠳᠤᠯᠭᠠᠨ ᠤ ᠰᠠᠯᠠᠭ᠎ᠠ ᠶᠢ ᠪᠠᠶᠢᠭᠤᠯᠬᠤ ᠰᠤᠳᠤᠯᠤᠨ ᠶᠠᠷᠢᠯᠴᠠᠬᠤ ᠬᠤᠷᠠᠯ ᠢ ᠡᠷᠬᠢᠯᠡᠵᠦ᠂ ︽ᠤᠯᠤᠰ ᠤᠨ ᠠᠮᠤᠷ ᠲᠦᠪᠰᠢᠨ ᠤ ᠤᠬᠠᠭᠠᠨ︾ ᠤ ᠰᠢᠷᠢᠰ ᠬᠢᠴᠢᠶᠡᠯ ᠢ ᠨᠡᠭᠡᠭᠡᠨ᠂ ᠤᠯᠤᠰ ᠤᠨ ᠠᠮᠤᠷ ᠲᠦᠪᠰᠢᠨ ᠤ ᠰᠢᠰᠲ᠋ᠧᠮ ᠤᠨ ᠪᠦᠬᠦ ᠲᠠᠯ᠎ᠠ ᠶᠢᠨ ᠠᠰᠠᠭᠤᠳᠠᠯ ᠤᠨ ᠰᠤᠳᠤᠯᠭᠠᠨ ᠢ ᠥᠷᠨᠢᠭᠦᠯᠪᠡ᠃ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠬᠠᠷᠢᠶ᠎ᠠ ᠭᠠᠵᠠᠷ ᠤᠨ ᠢᠶᠠᠨ ᠳᠣᠲᠣᠭᠠᠳᠤ ᠶᠢ ᠬᠠᠮᠠᠭᠠᠯᠠᠬᠤ ᠳᠣᠪᠴᠢᠶᠠᠨ ᠤ ᠤᠯᠤᠰ ᠤᠨ ᠤᠯᠤᠰ ᠲᠥᠷᠦ ᠶᠢᠨ ᠠᠮᠤᠷ ᠲᠦᠪᠰᠢᠨ ᠢ ᠬᠠᠮᠠᠭᠠᠯᠠᠬᠤ᠂ ᠮᠡᠬᠡᠯᠡᠯ ᠢ ᠡᠰᠡᠷᠭᠦᠴᠡᠬᠦ᠂ ᠡᠷᠡᠭᠦᠦ ᠶᠢᠨ ᠬᠡᠷᠡᠭ ᠢ ᠪᠠᠶᠢᠴᠠᠭᠠᠬᠤ᠂ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠦᠯ ᠤᠨ ᠲᠣᠭᠤᠷᠢᠨ ᠪᠠᠶᠢᠴᠠᠭᠠᠬᠤ ᠴᠠᠭᠳᠠᠭ᠎ᠠ ᠵᠢᠴᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠰᠢᠨ᠎ᠡ ᠬᠡᠯᠪᠡᠷᠢ ᠶᠢᠨ ᠬᠤᠣᠷᠲᠤ ᠡᠳ᠋ ᠤᠨ ᠵᠠᠭᠪᠤᠷ᠂ ᠳᠡᠯᠪᠡᠷᠡᠯᠲᠡ ᠶᠢ ᠰᠡᠷᠭᠡᠶᠢᠯᠡᠬᠦ ᠪᠠᠭᠠᠵᠢ ᠬᠡᠷᠡᠭᠰᠡᠯ᠂ ᠭᠠᠯ ᠤᠨᠲᠠᠷᠠᠭᠠᠬᠤ ᠲᠥᠬᠦᠭᠡᠷᠦᠮᠵᠢ ᠵᠡᠷᠭᠡ ᠰᠢᠨᠵᠢᠯᠡᠬᠦ ᠤᠬᠠᠭᠠᠨ ᠢ ᠲᠥᠭᠡᠮᠡᠯᠵᠢᠭᠦᠯᠬᠦ ᠳᠡᠯᠭᠡᠨ ᠦᠵᠡᠭᠦᠯᠪᠡ ᠬᠢᠵᠦ᠂ ᠪᠠᠭᠰᠢ ᠰᠤᠷᠤᠭᠴᠢᠳ ᠲᠤ ᠤᠯᠤᠰ ᠤᠨ ᠠᠮᠤᠷ ᠲᠦᠪᠰᠢᠨ᠂ ᠭᠠᠵᠢᠭᠤ ᠨᠣᠮᠯᠠᠯ ᠢ ᠡᠰᠡᠷᠭᠦᠴᠡᠬᠦ᠂ ᠬᠤᠣᠷ ᠴᠠᠭᠠᠵᠠᠯᠠᠬᠤ᠂ ᠰᠦᠷᠳᠡᠭᠦᠯᠦᠯ ᠢ ᠡᠰᠡᠷᠭᠦᠴᠡᠬᠦ᠂ ᠭᠠᠯ ᠤᠨᠲᠠᠷᠠᠭᠠᠬᠤ ᠵᠡᠷᠭᠡ ᠲᠠᠯ᠎ᠠ ᠶᠢᠨ ᠠᠮᠤᠷ ᠲᠦᠪᠰᠢᠨ ᠤ ᠮᠡᠳᠡᠯᠭᠡ  ᠶᠢ ᠲᠦᠭᠡᠮᠡᠯᠵᠢᠭᠦᠯᠪᠡ᠃ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ᠂ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ᠪᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾᠂ ︽ᠤᠯᠤᠰ ᠣᠷᠣᠨ ᠢ ᠬᠠᠭᠠᠴᠠᠭᠤᠯᠬᠤ ᠶᠢ ᠡᠰᠡᠷᠭᠦᠴᠡᠬᠦ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ           ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠨᠠᠭᠤᠯ ᠢ ᠡᠰᠡᠷᠭᠦᠴᠡᠬᠦ           ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠤᠴᠠ ᠨᠣᠮᠧᠷ ᠤᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠳᠦᠷᠢᠮ ᠵᠢᠴᠢ ᠤᠬᠠᠭᠤᠯᠬᠤ ᠮᠠᠲ᠋ᠧᠷᠢᠶᠠᠯ ᠤᠨ ᠲᠣᠭᠤᠷᠢᠨ ᠳᠤ᠂ ᠤᠯᠤᠰ ᠤᠨ ᠠᠮᠤᠷ ᠲᠦᠪᠰᠢᠨ ᠤ ᠮᠡᠳᠡᠯᠭᠡ ᠶᠢᠨ ᠰᠡᠴᠡᠯᠳᠦᠭᠡᠨ᠂ ᠤᠷᠠᠨ ᠰᠠᠶᠢᠬᠠᠨ ᠤ ᠲᠣᠭᠯᠠᠯᠲᠠ᠂ ᠠᠬᠤᠢ ᠲᠠᠯᠠᠪᠠᠢ  ᠶᠢᠨ ᠤᠬᠠᠭᠤᠯᠭ᠎ᠠ ᠵᠡᠷᠭᠡ ᠰᠢᠷᠢᠰ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ᠃      ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ︽ᠵᠠᠯᠠᠭᠤ ᠨᠠᠰᠤ·ᠠᠮᠤᠷ ᠲᠦᠪᠰᠢᠨ ᠤᠮᠠᠷᠠᠲᠤ ᠬᠢᠯᠢ︾ ᠭᠡᠬᠦ ᠠᠮᠤᠷ ᠲᠦᠪᠰᠢᠨ ᠤ ᠬᠥᠮᠦᠵᠢᠯ ᠤᠨ ᠣᠨᠴᠠᠯᠢᠭᠲᠤ ᠨᠡᠷᠡᠲᠦ ᠲᠡᠮᠳᠡᠭᠲᠦ ᠶᠢᠨ ᠭᠡᠷᠡᠯ ᠭᠢᠯᠪᠠᠭ᠎ᠠ ᠶᠢ ᠤᠯᠠᠮ ᠰᠠᠴᠤᠷᠠᠭᠤᠯᠵᠤ᠂ ᠬᠠᠮᠢᠶ᠎ᠠ ᠪᠦᠬᠦᠢ ᠳᠡᠭᠡᠳᠦ ᠰᠤᠷᠭᠠᠭᠤᠯᠢ ᠶᠢᠨ ᠤᠯᠤᠰ ᠤᠨ ᠠᠮᠤᠷ ᠲᠦᠪᠰᠢᠨ ᠤ ᠤᠬᠠᠭᠠᠨ ᠤ ᠨᠢᠭᠡᠳᠦᠭᠡᠷ ᠳᠡᠰ ᠤᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠥᠷᠨᠢᠭᠦᠯᠬᠦ ᠶᠢ ᠵᠣᠷᠢᠭᠵᠢᠭᠤᠯᠤᠨ ᠳᠡᠮᠵᠢᠵᠦ᠂ ᠤᠯᠤᠰ ᠲᠥᠷᠥ᠂ ᠠᠵᠤ ᠦᠢᠯᠡᠰ᠂ ᠦᠵᠡᠯ ᠤᠬᠠᠮᠰᠠᠷ ᠤᠨ ᠬᠡᠯᠪᠡᠷᠢ᠂ ᠮᠥᠩᠭᠦᠨ ᠭᠦᠢᠯᠭᠡᠭᠡ᠂ ᠡᠨᠧᠷᠭᠢ ᠶᠢᠨ ᠡᠬᠢ ᠪᠠᠶᠠᠯᠢᠭ᠂ ᠠᠮᠤ ᠪᠤᠳᠠᠭ᠎ᠠ ᠵᠡᠷᠭᠡ ᠬᠦᠷᠢᠶᠡᠨ ᠳᠤ ᠤᠯᠤᠰ ᠤᠨ ᠠᠮᠤᠷ ᠲᠦᠪᠰᠢᠨ ᠤ ᠤᠬᠠᠭᠠᠨ ᠤ ᠣᠨᠣᠯ ᠪᠠ ᠦᠢᠯᠡᠳᠦᠯᠭᠡ ᠶᠢᠨ ᠰᠤᠳᠤᠯᠭᠠᠨ ᠢ ᠥᠷᠨᠢᠭᠦᠯᠦᠨ᠎ᠡ᠃ ᠠᠮᠤᠷ ᠲᠠᠶᠢᠪᠤᠭᠤᠨ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠶᠢ ᠠᠬᠢᠭᠤᠯᠬᠤ ᠪᠠᠷ ᠭᠤᠣᠯ ᠰᠢᠵᠢᠮ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠬᠦᠨᠳᠦ ᠶᠡᠭᠡ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠪᠠᠶᠢᠩᠭᠤᠵᠢᠭᠤᠯᠤᠨ ᠠᠬᠢᠭᠤᠯᠵᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ᠂ ᠠᠮᠤᠷ ᠲᠦᠪᠰᠢᠨ ᠤ ᠳᠠᠳᠬᠠᠯ᠂ ᠠᠮᠤᠷ ᠲᠦᠪᠰᠢᠨ ᠤ ᠬᠡᠪ ᠪᠣᠯᠪᠠᠰᠤᠷᠠᠯ ᠢ ᠶᠡᠭᠡ ᠪᠠᠷ ᠬᠥᠮᠦᠵᠢᠭᠦᠯᠵᠦ᠂ ᠪᠠᠭᠰᠢ ᠰᠤᠷᠤᠭᠴᠢᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ ᠤᠨ ᠠᠮᠤᠷ ᠲᠦᠪᠰᠢᠨ ᠪᠠ ᠠᠮᠤᠷ ᠲᠦᠪᠰᠢᠨ ᠢ ᠬᠠᠮᠠᠭᠠᠯᠠᠬᠤ ᠰᠣᠶᠣᠯ ᠤᠨ ᠪᠠᠶᠢᠭᠤᠯᠤᠯᠲᠠ ᠶᠢ ᠰᠤᠷᠭᠠᠭᠤᠯᠢ ᠡᠷᠬᠢᠯᠡᠵᠦ ᠰᠤᠷᠭᠠᠭᠤᠯᠢ ᠶᠢ ᠵᠠᠰᠠᠬᠤ ᠡᠯ᠎ᠡ ᠲᠠᠯ᠎ᠠ ᠪᠠ ᠪᠦᠬᠦ ᠶᠠᠪᠤᠴᠠ ᠳᠤ ᠲᠤᠭᠤᠰᠢᠯᠠᠭᠤᠯᠵᠤ᠂ ᠤᠯᠤᠰ ᠤᠨ ᠠᠮᠤᠷ ᠲᠦᠪᠰᠢᠨ᠂ ᠲᠤᠭ᠎ᠠ ᠪᠠᠷᠢᠮᠲᠠ ᠶᠢᠨ ᠠᠮᠤᠷ ᠲᠦᠪᠰᠢᠨ᠂ ᠰᠦᠯᠵᠢᠶᠡᠨ ᠤ ᠠᠮᠤᠷ ᠲᠦᠪᠰᠢᠨ᠂ ᠬᠠᠭᠠᠴᠠᠭᠤᠯᠬᠤ ᠶᠢ ᠡᠰᠡᠷᠭᠦᠴᠡᠬᠦ᠂ ᠰᠦᠷᠳᠡᠭᠦᠯᠦᠯ ᠢ ᠡᠰᠡᠷᠭᠦᠴᠡᠬᠦ᠂ ᠲᠠᠩᠨᠠᠭᠤᠯ ᠢ ᠡᠰᠡᠷᠭᠦᠴᠡᠬᠦ᠂ ᠵᠣᠬᠢᠶᠠᠨ ᠪᠠᠶᠢᠭᠤᠯᠤᠯᠲᠠ ᠲᠠᠢ ᠶᠠᠯ᠎ᠠ ᠬᠢᠬᠦ ᠶᠢ ᠡᠰᠡᠷᠭᠦᠴᠡᠬᠦ ᠵᠡᠷᠭᠡ ᠬᠦᠷᠢᠶᠡᠨ ᠳᠠᠬᠢ ᠬᠠᠤᠯᠢ ᠴᠠᠭᠠᠵᠠ ᠬᠠᠤᠯᠢ ᠳᠦᠷᠢᠮ ᠢ ᠦᠷᠭᠦᠯᠵᠢᠯᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠷᠢᠭ᠎ᠠ ᠱᠤᠭᠤᠮ ᠤᠨ ᠰᠡᠳᠬᠢᠮᠵᠢ ᠪᠠᠨ ᠴᠢᠩᠭᠠᠷᠠᠭᠤᠯᠤᠨ᠂ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠡᠯ᠎ᠡ ᠲᠥᠷᠥᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠰᠤᠷᠭᠠᠨ ᠬᠥᠮᠦᠵᠢᠯ ᠤᠨ ᠬᠦᠷᠢᠶᠡᠨ ᠤ ᠠᠮᠤᠷ ᠲᠦᠪᠰᠢᠨ ᠲᠣᠭᠲᠠᠭᠤᠨ ᠢ ᠡᠷᠡᠰ ᠬᠠᠮᠠᠭᠠᠯᠠᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map