ᠰᠤᠷᠤᠭᠴᠢᠳ ᠤᠨ ᠳᠣᠷᠣᠮᠵᠢᠯᠠᠯ ᠳᠤ ︽ᠪᠣᠯᠬᠤ ᠦᠭᠡᠢ︾ ᠭᠡᠵᠦ ᠬᠡᠯᠡᠶ᠎ᠡ — ᠥᠪᠥᠷ ᠮᠣᠩᠭᠤᠯ ᠤᠨ ᠣᠯᠠᠨ ᠰᠠᠯᠠᠭ᠎ᠠ ᠮᠥᠴᠢᠷ ᠤᠨ ᠬᠢᠨ ᠬᠥᠳᠡᠯᠦᠯᠴᠡᠵᠦ ᠡᠬᠢᠯᠡᠪᠡ
ᠨᠡᠶᠢᠲᠡᠯᠡᠭᠰᠡᠨ ᠴᠠᠭ᠄
2024/4/19
      ᠰᠤᠷᠤᠭᠴᠢᠳ ᠤᠨ ᠳᠣᠷᠣᠮᠵᠢᠯᠠᠯ ᠨᠢ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠪᠠ ᠬᠥᠮᠦᠨ ᠴᠢᠨᠠᠷ ᠤᠨ ᠬᠥᠭᠵᠢᠯᠲᠡ ᠶᠢ ᠬᠦᠨᠳᠦ ᠨᠣᠴᠢᠲᠠᠢ ᠨᠥᠯᠥᠭᠡᠯᠡᠬᠦ ᠪᠠᠷ ᠪᠠᠷᠠᠬᠤ ᠦᠭᠡᠢ᠂ ᠣᠨᠴᠠᠭᠠᠶᠢᠯᠠᠨ ᠨᠠᠰᠤᠨ ᠳᠤ ᠦᠯᠦ ᠬᠦᠷᠦᠭᠰᠡᠳ ᠤᠨ ᠶᠠᠯ᠎ᠠ ᠬᠢᠬᠦ ᠦᠨᠳᠦᠰᠦ ᠪᠣᠯᠤᠨ᠎ᠠ᠃ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠬᠦ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ᠂ ᠰᠤᠷᠭᠠᠭᠤᠯᠢ᠂ ᠭᠡᠷ ᠪᠦᠯᠢ᠂ ᠨᠡᠶᠢᠭᠡᠮ ᠬᠤᠯᠪᠣᠭᠠᠯᠠᠨ ᠬᠥᠳᠡᠯᠦᠯᠴᠡᠵᠦ ᠬᠠᠮᠲᠤ ᠳᠤ ᠪᠠᠨ ᠵᠠᠰᠠᠬᠤ ᠴᠢᠬᠤᠯᠠᠲᠠᠢ ᠶᠤᠮ᠂ ᠣᠶᠢᠷ᠎ᠠ ᠶᠢᠨ ᠡᠳᠦᠷ᠂ ᠥᠪᠥᠷ ᠮᠣᠩᠭᠤᠯ ᠤᠨ ᠡᠯ᠎ᠡ ᠭᠠᠵᠠᠷ ᠤᠨ ᠤᠯᠤᠰ ᠲᠥᠷᠥ ᠬᠠᠤᠯᠢ ᠴᠠᠭᠠᠵᠠ ᠶᠢᠨ ᠰᠠᠯᠠᠭ᠎ᠠ ᠮᠥᠴᠢᠷ ᠬᠥᠳᠡᠯᠦᠯᠴᠡᠵᠦ ᠡᠬᠢᠯᠡᠨ᠂ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠬᠦ ᠲᠠᠯ᠎ᠠ ᠢᠳᠡᠪᠬᠢᠲᠡᠢ ᠦᠷ᠎ᠡ ᠪᠦᠲᠦᠮᠵᠢ ᠣᠯᠬᠤ ᠶᠢ ᠬᠦᠴᠦᠯᠡᠨ ᠠᠬᠢᠭᠤᠯᠵᠤ ᠪᠣᠢ᠃      ᠬᠥᠬᠡᠬᠤᠲᠠ᠄ ᠳᠤᠮᠳᠠ ᠵᠡᠷᠭᠡ ᠶᠢᠨ ᠠᠷᠠᠳ ᠤᠨ ᠰᠢᠭᠦᠬᠦ ᠬᠤᠷᠢᠶᠠᠨ ᠤ      ᠳᠠᠷᠤᠭ᠎ᠠ ᠰᠤᠷᠭᠠᠭᠤᠯᠢ ᠳᠤ ᠬᠦᠷᠴᠦ ᠶᠠᠷᠢᠶ᠎ᠠ ᠲᠠᠯᠪᠢᠪᠠ      3 ᠰᠠᠷ᠎ᠠ ᠶᠢᠨ 20 ᠤ ᠡᠳᠦᠷ᠂ ᠬᠥᠬᠡᠬᠤᠲᠠ ᠶᠢᠨ ᠳᠤᠮᠳᠠ ᠵᠡᠷᠭᠡ ᠶᠢᠨ ᠠᠷᠠᠳ ᠤᠨ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠵᠣᠣ ᠰᠢ ᠮᠢᠨ ᠬᠥᠬᠡᠬᠤᠲᠠ ᠶᠢᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠬᠠᠤᠯᠢ ᠪᠠᠷ ᠵᠠᠰᠠᠬᠤ ᠳᠡᠳ᠋ ᠵᠠᠬᠢᠷᠤᠯ ᠢᠶᠠᠷ ᠵᠢᠩᠬᠢᠨᠢ ᠪᠠᠷ ᠤᠷᠢᠭᠳᠠᠭᠰᠠᠨ ᠪᠥᠭᠡᠳ ᠰᠤᠷᠤᠭᠴᠢᠳ ᠲᠤ ︽ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ  ᠳᠡᠭᠡᠭᠰᠢᠯᠡᠭᠦᠯᠦᠶ᠎ᠡ︾ ᠪᠠᠷ ᠭᠤᠣᠯ ᠰᠡᠳᠦᠪ ᠪᠣᠯᠭᠠᠭᠰᠠᠨ ᠠᠩᠬᠠᠳᠠᠭᠴᠢ ᠬᠠᠤᠯᠢ ᠪᠠᠷ ᠵᠠᠰᠠᠬᠤ ᠬᠥᠮᠦᠵᠢᠯ ᠤᠨ ᠬᠢᠴᠢᠶᠡᠯ ᠢ ᠣᠷᠣᠵᠤ᠂ ᠠᠮᠢᠳᠤᠯᠢᠭ ᠰᠠᠶᠢᠬᠠᠨ ᠦᠭᠡ  ᠶᠠᠷᠢᠶ᠎ᠠ ᠪᠠ ᠡᠯᠪᠡᠭ ᠪᠠᠶᠠᠯᠢᠭ ᠪᠣᠳᠠᠲᠤ ᠵᠢᠱᠢᠶ᠎ᠡ ᠪᠠᠷ ᠰᠤᠷᠤᠭᠴᠢᠳ ᠤᠨ ᠳᠣᠷᠣᠮᠵᠢᠯᠠᠯ ᠵᠢᠴᠢ ᠰᠤᠷᠤᠭᠴᠢᠳ ᠤᠨ ᠳᠣᠷᠣᠮᠵᠢᠯᠠᠯ ᠢ ᠶᠠᠭᠠᠬᠢᠵᠤ ᠰᠢᠢᠳᠪᠦᠷᠢᠯᠡᠬᠦ ᠲᠤᠠᠬᠠᠢ ᠲᠠᠶᠢᠯᠪᠤᠷᠢᠯᠠᠵᠠᠢ᠃ 

1.webp.jpg

      ᠡᠨᠡ ᠵᠢᠯ ᠤᠨ 3 ᠰᠠᠷ᠎ᠠ ᠶᠢᠨ ᠡᠬᠢ ᠪᠠᠷ᠂ ᠬᠥᠬᠡᠬᠤᠲᠠ ᠶᠢᠨ ᠳᠤᠮᠳᠠ ᠵᠡᠷᠭᠡ ᠶᠢᠨ ᠠᠷᠠᠳ ᠤᠨ ᠰᠢᠬᠦᠬᠦ

ᠬᠤᠷᠢᠶ᠎ᠠ ︽ᠳᠤᠮᠳᠠᠳᠤ ᠪᠠᠭ᠎ᠠ ᠰᠤᠷᠭᠠᠭᠤᠯᠢ ᠶᠢᠨ ᠬᠠᠤᠯᠢ ᠪᠠᠷ ᠵᠠᠰᠠᠬᠤ ᠳᠡᠳ᠋ ᠵᠠᠬᠢᠷᠤᠯ ᠢ ᠤᠷᠢᠨ ᠲᠣᠮᠢᠯᠠᠬᠤ ᠪᠠ

ᠬᠠᠮᠢᠶᠠᠷᠬᠤ ᠠᠷᠭ᠎ᠠ︾ ᠶᠢ ᠲᠣᠭᠲᠠᠭᠠᠨ ᠬᠡᠷᠡᠭᠵᠢᠭᠦᠯᠵᠦ᠂ ᠪᠦᠬᠦ ᠬᠤᠲᠠ ᠶᠢᠨ ᠦᠨᠳᠦᠰᠦᠨ ᠱᠠᠲᠤᠨ ᠤ ᠰᠢᠭᠦᠬᠦ

ᠬᠤᠷᠢᠶ᠎ᠠ ᠪᠦᠷᠢ ᠬᠠᠮᠤᠭ ᠤᠨ ᠪᠠᠭ᠎ᠠ ᠳᠤ ᠪᠠᠨ 5 ᠰᠢᠯᠢᠳᠡᠭ ᠰᠢᠭᠦᠭᠴᠢ ᠪᠤᠶᠤ ᠺᠠᠳ᠋ᠷ ᠴᠠᠭᠳᠠᠭ᠎ᠠ ᠶᠢ ᠲᠣᠮᠢᠯᠠᠨ

ᠬᠠᠤᠯᠢ ᠪᠠᠷ ᠵᠠᠰᠠᠬᠤ ᠳᠡᠳ᠋ ᠵᠠᠬᠢᠷᠤᠯ ᠤᠨ ᠳᠤᠰᠢᠶᠠᠯ ᠢ ᠡᠭᠦᠷᠭᠡᠯᠡᠭᠦᠯᠬᠦ ᠬᠡᠷᠡᠭᠲᠡᠢ ᠭᠡᠵᠦ ᠱᠠᠭᠠᠷᠳᠠᠭᠰᠠᠨ ᠪᠥᠭᠡᠳ

ᠵᠢᠭᠠᠬᠤ ᠠᠭᠤᠯᠭ᠎ᠠ ᠪᠠ ᠵᠢᠭᠠᠬᠤ ᠬᠢᠴᠢᠶᠡᠯ ᠤᠨ ᠴᠠᠭ ᠲᠤ ᠴᠥᠮ ᠲᠣᠳᠣᠷᠬᠠᠢ ᠲᠣᠭᠲᠠᠭᠠᠯ ᠭᠠᠷᠭᠠᠵᠤ᠂ ᠨᠠᠰᠤᠨ  ᠳᠤ

ᠦᠯᠦ ᠬᠦᠷᠦᠭᠰᠡᠳ ᠢ ᠬᠠᠮᠠᠭᠠᠯᠠᠬᠤ ᠪᠠ ᠶᠠᠯ᠎ᠠ ᠬᠢᠬᠦ ᠶᠢ ᠰᠡᠷᠭᠡᠶᠢᠯᠡᠬᠦ ᠠᠵᠢᠯ ᠢ ᠭᠦᠨᠵᠡᠭᠡᠢ ᠪᠥᠭᠡᠳ ᠪᠣᠳᠠᠲᠠᠢ ᠬᠢᠬᠦ ᠪᠠᠷ

ᠴᠢᠷᠮᠠᠶᠢᠪᠠ᠃

      ᠪᠤᠭᠤᠲᠤ ᠬᠤᠲᠠ᠄ ᠨᠠᠰᠤᠨ ᠳᠤ ᠥᠯᠦ ᠬᠦᠷᠦᠭᠰᠡᠳ ᠢ ᠬᠠᠮᠲᠤ ᠳᠤ ᠪᠠᠨ ᠰᠠᠬᠢᠨ ᠬᠠᠮᠠᠭᠠᠯᠠᠪᠠ

      3 ᠰᠠᠷ᠎ᠠ ᠶᠢᠨ 25 ᠤ ᠡᠳᠦᠷ᠂ ᠪᠤᠭᠤᠲᠤ ᠬᠤᠲᠠ ᠶᠢᠨ ᠪᠠᠶᠢᠴᠠᠭᠠᠬᠤ ᠬᠤᠷᠢᠶ᠎ᠠ ︽ᠠᠷᠠᠳ ᠤᠨ ᠠᠮᠢᠳᠤᠷᠠᠯ ᠢ

ᠰᠠᠬᠢᠨ ᠬᠠᠮᠠᠭᠠᠯᠠᠶ᠎ᠠ — ᠰᠤᠷᠤᠭᠴᠢᠳ ᠤᠨ  ᠳᠣᠷᠤᠮᠵᠢᠯᠠᠯ ᠢ ᠰᠡᠷᠭᠡᠶᠢᠯᠡᠵᠦ᠂ ᠪᠠᠭᠠᠴᠤᠳ ᠢ ᠰᠠᠬᠢᠨ          

ᠬᠠᠮᠠᠭᠠᠯᠠᠶ᠎ᠠ︾ ᠭᠡᠬᠦ ᠳᠤᠰᠬᠠᠢ ᠠᠵᠢᠯᠯᠠᠭ᠎ᠠ ᠶᠢ ᠡᠬᠢᠯᠡᠭᠦᠯᠪᠡ᠃ ᠪᠦᠬᠦ ᠬᠤᠲᠠ ᠶᠢᠨ ᠬᠤᠶᠠᠷ ᠱᠠᠲᠤᠨ ᠤ ᠪᠠᠶᠢᠴᠠᠭᠠᠬᠤ

ᠬᠤᠷᠢᠶᠠᠨ ᠤ ᠬᠠᠤᠯᠢ ᠪᠠᠷ ᠵᠠᠰᠠᠬᠤ ᠳᠡᠳ᠋ ᠵᠠᠬᠢᠷᠤᠯ᠂ ᠨᠠᠰᠤᠨ ᠳᠤ ᠥᠯᠦ ᠬᠦᠷᠦᠭᠰᠡᠳ ᠤᠨ ᠡᠷᠡᠭᠦᠦ ᠶᠢᠨ ᠬᠡᠷᠡᠭ ᠢ

ᠪᠠᠶᠢᠴᠠᠭᠠᠬᠤ ᠪᠠᠶᠢᠴᠠᠭᠠᠭᠴᠢ ᠳᠠᠷᠤᠭ᠎ᠠ ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠳᠤ ᠵᠠᠯᠭᠠᠭ᠎ᠠ ᠪᠠᠷ

ᠬᠦᠷᠴᠦ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ ᠲᠠᠢ ᠤᠶᠠᠯᠳᠤᠭᠤᠯᠤᠨ᠂ ᠰᠤᠷᠤᠭᠴᠢᠳ ᠢ

ᠳᠣᠷᠤᠮᠵᠢᠯᠠᠬᠤ᠂ ᠠᠯᠪᠠᠳᠠᠨ ᠮᠡᠳᠡᠭᠦᠯᠬᠦ ᠵᠡᠷᠭᠡ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠬᠠᠯᠠᠮᠰᠢᠯ

ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠰᠤᠷᠤᠭᠴᠢᠳ ᠤᠨ ᠥᠪᠡᠷ ᠢ ᠪᠠᠨ ᠬᠠᠮᠠᠭᠠᠯᠠᠬᠤ ᠵᠢᠴᠢ

ᠰᠤᠷᠤᠭᠴᠢᠳ ᠤᠨ ᠳᠣᠷᠣᠮᠵᠢᠯᠠᠯ ᠢ ᠰᠢᠢᠳᠪᠦᠷᠢᠯᠡᠬᠦ ᠴᠢᠳᠠᠪᠤᠷᠢ  ᠶᠢ ᠳᠡᠭᠡᠭᠰᠢᠯᠡᠭᠦᠯᠦᠨ᠂ ᠰᠤᠷᠤᠭᠴᠢᠳ ᠤᠨ ᠦᠢᠯᠡ

ᠠᠵᠢᠯᠯᠠᠭ᠎ᠠ ᠶᠢ ᠵᠢᠷᠤᠮᠵᠢᠭᠤᠯᠵᠤ᠂ ᠰᠤᠷᠤᠭᠴᠢᠳ ᠤᠨ ᠳᠣᠷᠣᠮᠵᠢᠯᠠᠯ ᠡᠭᠦᠰᠬᠦ ᠶᠢ ᠦᠨᠡᠨ ᠬᠦ ᠪᠦᠲᠦᠮᠵᠢᠲᠡᠢ

ᠬᠢᠵᠠᠭᠠᠷᠯᠠᠵᠤ ᠬᠤᠷᠢᠭᠯᠠᠪᠠ᠃ 

   

2.webp.jpg

      ᠬᠢᠩᠭᠠᠨ ᠠᠶᠢᠮᠠᠭ᠄ ︽ᠴᠣᠮᠣᠷᠯᠢᠭ ᠢ ᠬᠠᠮᠠᠭᠠᠯᠠᠬᠤ ᠠᠵᠢᠯᠯᠠᠭ᠎ᠠ︾ ᠶᠢ ᠲᠤᠰᠬᠠᠢ ᠪᠠᠶᠢᠷᠢᠯᠠᠭᠤᠯᠵᠤ

      ︽ᠥᠴᠦᠬᠡᠨ ᠴᠦ ᠠᠭᠤᠴᠢᠯᠠᠬᠤ ᠦᠭᠡᠢ︾ ᠣᠪᠣᠷ ᠢᠶᠠᠷ ᠨᠠᠰᠤᠨ ᠳᠤ ᠦᠯᠦ ᠬᠦᠷᠦᠭᠰᠡᠳ  ᠤᠨ

      ᠡᠷᠡᠭᠦᠯ ᠢᠶᠠᠷ ᠥᠰᠦᠨ ᠪᠤᠶᠢᠵᠢᠬᠤ ᠶᠢ ᠡᠷᠡᠰ ᠬᠠᠮᠠᠭᠠᠯᠠᠪᠠ

      3 ᠰᠠᠷ᠎ᠠ ᠶᠢᠨ 27 ᠤ ᠡᠳᠦᠷ᠂ ᠬᠢᠩᠭᠠᠨ ᠠᠶᠢᠮᠠᠭ ᠤᠨ ︽ᠴᠣᠮᠣᠷᠯᠢᠭ ᠢ ᠬᠠᠮᠠᠭᠠᠯᠠᠬᠤ ᠠᠵᠢᠯᠯᠠᠭ᠎ᠠ︾ ᠶᠢ

ᠲᠤᠰᠬᠠᠢ ᠪᠠᠶᠢᠷᠢᠯᠠᠭᠤᠯᠬᠤ ᠬᠤᠷᠠᠯ ᠢ ᠬᠤᠷᠠᠯᠳᠤᠭᠤᠯᠪᠠ᠃ ᠬᠢᠩᠭᠠᠨ ᠠᠶᠢᠮᠠᠭ  ᠤᠨ ᠨᠠᠮ ᠤᠨ ᠬᠤᠷᠢᠶᠠᠨ ᠤ ᠳᠡᠳ᠋

ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠹᠧᠩ ᠠᠢ ᠰᠢᠶᠠ ᠬᠤᠷᠠᠯ ᠳᠤ ᠣᠷᠣᠯᠴᠠᠵᠤ

ᠶᠠᠷᠢᠶ᠎ᠠ ᠲᠠᠯᠪᠢᠪᠠ᠃ ᠠᠶᠢᠮᠠᠭ ᠬᠤᠰᠢᠭᠤ ᠬᠤᠶᠠᠷ ᠱᠠᠲᠤᠨ ᠤ 13 ᠬᠠᠷᠢᠭᠤᠴᠠᠯᠭᠠᠲᠤ ᠨᠢᠭᠡᠴᠢ ᠶᠢᠨ ᠭᠤᠣᠯ

ᠤᠳᠤᠷᠢᠳᠤᠯᠭ᠎ᠠ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠯᠤᠨ ᠪᠦᠬᠦ ᠠᠶᠢᠮᠠᠭ ᠤᠨ 213 ᠰᠤᠷᠭᠠᠭᠤᠯᠢ ᠶᠢᠨ

ᠵᠠᠬᠢᠷᠤᠯ ᠵᠢᠴᠢ ᠶᠣᠰᠣ ᠰᠤᠷᠲᠠᠬᠤᠨ ᠤ ᠬᠥᠮᠦᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠵᠠᠬᠢᠷᠤᠯ ᠬᠤᠷᠠᠯ ᠳᠤ

ᠣᠷᠣᠯᠴᠠᠪᠠ᠂ ᠡᠨᠡ ᠪᠣᠯ ᠬᠢᠩᠭᠠᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ  ᠶᠢᠨ ︽ᠥᠴᠦᠬᠡᠨ ᠴᠦ

ᠠᠭᠤᠴᠢᠯᠠᠬᠤ ᠦᠭᠡᠢ︾ ᠣᠪᠣᠷ ᠢᠶᠠᠷ ᠨᠠᠰᠤᠨ ᠳᠤ ᠦᠯᠦ ᠬᠦᠷᠦᠭᠰᠡᠳ ᠤᠨ ᠡᠷᠡᠭᠦᠯ ᠢᠶᠠᠷ ᠥᠰᠦᠨ ᠪᠤᠶᠢᠵᠢᠬᠤ ᠶᠢ

ᠡᠷᠡᠰ ᠬᠠᠮᠠᠭᠠᠯᠠᠬᠤ ᠪᠣᠳᠠᠲᠠᠢ ᠠᠷᠭ᠎ᠠ ᠬᠡᠮᠵᠢᠶ᠎ᠡ ᠪᠣᠯᠤᠨ᠎ᠠ᠃

      ᠬᠤᠷᠠᠯ ᠠᠴᠠ᠂ ᠠᠭᠤᠴᠢᠯᠠᠪᠠᠴᠤ ᠳᠤᠷ᠎ᠠ ᠪᠠᠷ ᠨᠢ ᠲᠠᠯᠪᠢᠬᠤ ᠦᠭᠡᠢ ᠪᠠᠶᠢᠬᠤ ᠵᠠᠷᠴᠢᠮ ᠢ ᠪᠠᠷᠢᠮᠲᠠᠯᠠᠵᠤ᠂ ᠶᠠᠯ᠎ᠠ

 ᠲᠠᠢ ᠪᠤᠶᠤ ᠪᠤᠷᠤᠭᠤ ᠲᠠᠢ ᠨᠠᠰᠤᠨ ᠳᠤ ᠦᠯᠦ ᠬᠦᠷᠦᠭᠰᠡᠳ ᠢ ᠴᠢᠩᠭ᠎ᠠ ᠠᠩᠬᠠᠷᠴᠤ᠂ ᠨᠠᠰᠤᠨ ᠳᠤ ᠦᠯᠦ

ᠬᠦᠷᠦᠭᠰᠡᠳ ᠢ ᠬᠤᠬᠢᠷᠠᠭᠤᠯᠬᠤ ᠬᠠᠤᠯᠢ ᠶᠢ ᠵᠦᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ

ᠴᠣᠬᠢᠯᠲᠠ ᠥᠭᠬᠦ ᠬᠡᠷᠡᠭᠲᠡᠢ᠃ ᠮᠡᠳᠡᠭᠡ ᠵᠠᠩᠭᠢ ᠶᠢᠨ ᠬᠠᠨᠳᠤᠰᠢ ᠶᠢ ᠬᠤᠪᠢᠶᠠᠯᠴᠠᠨ ᠡᠳ᠋ᠯᠡᠬᠦ ᠲᠣᠭᠲᠠᠴᠠ᠂ ᠴᠠᠭ

ᠲᠠᠭᠠᠷᠠᠭᠤᠯᠤᠨ ᠠᠭᠤᠯᠵᠠᠵᠤ ᠵᠦᠪᠳᠡᠵᠦ ᠰᠣᠳᠤᠯᠵᠤ ᠮᠠᠭᠠᠳᠯᠠᠬᠤ ᠲᠣᠭᠲᠠᠴᠠ᠂ ᠬᠠᠮᠲᠤᠷᠠᠨ ᠪᠠᠶᠢᠳᠠᠯ

ᠣᠶᠢᠯᠠᠭᠠᠬᠤ ᠪᠠᠷ ᠪᠠᠶᠢᠴᠠᠭᠠᠵᠤ ᠰᠤᠷᠪᠤᠯᠵᠢᠯᠠᠬᠤ ᠵᠡᠷᠭᠡ ᠪᠦᠲᠦᠮᠵᠢᠲᠡᠢ ᠲᠣᠭᠲᠠᠴᠠ ᠶᠢ ᠪᠠᠶᠢᠭᠤᠯᠤᠨ᠂ ᠠᠵᠢᠯ ᠤᠨ

ᠬᠠᠮ ᠬᠦᠴᠦᠨ ᠢ ᠪᠣᠢ ᠪᠣᠯᠭᠠᠵᠤ᠂ ᠨᠠᠰᠤᠨ ᠳᠤ ᠦᠯᠦ ᠬᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ

ᠬᠦ ᠬᠠᠮᠠᠭᠠᠯᠠᠪᠠ᠃

      ᠰᠢᠯᠢ ᠶᠢᠨ ᠭᠤᠣᠯ ᠠᠶᠢᠮᠠᠭ᠄ ᠤᠯᠤᠰ ᠲᠥᠷᠥ ᠬᠠᠤᠯᠢ ᠴᠠᠭᠠᠵᠠ ᠶᠢᠨ  ᠬᠤᠷᠢᠶ᠎ᠠ ᠳᠣᠲᠣᠭᠠᠳᠤ ᠶᠢ

      ᠬᠠᠮᠠᠭᠠᠯᠠᠬᠤ ᠲᠣᠪᠴᠢᠶ᠎ᠠ ᠲᠠᠢ ᠬᠠᠮᠲᠤᠷᠠᠨ ᠰᠤᠷᠤᠭᠴᠢᠳ ᠤᠨ ᠳᠣᠷᠣᠮᠵᠢᠯᠠᠯ ᠢ ᠶᠡᠷᠦᠩᠬᠡᠶᠢᠯᠡᠨ

      ᠵᠠᠰᠠᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ

      3 ᠰᠠᠷ᠎ᠠ ᠶᠢᠨ 26 ᠤ ᠡᠳᠦᠷ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ  ᠤ ᠤᠯᠤᠰ ᠲᠥᠷᠥ

ᠬᠠᠤᠯᠢ ᠴᠠᠭᠠᠵᠠ ᠶᠢᠨ ᠬᠤᠷᠢᠶᠠᠨ ᠤ ᠪᠠᠶᠢᠩᠭᠤ ᠶᠢᠨ ᠳᠡᠳ᠋ ᠱᠦᠵᠢ ᠴᠠᠩ ᠰᠢᠶᠠ ᠠᠶᠢᠮᠠᠭ ᠤᠨ ᠨᠠᠮ ᠤᠨ ᠬᠤᠷᠢᠶᠠᠨ ᠤ

ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠪᠣᠯᠤᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ

ᠬᠠᠮᠢᠶ᠎ᠠ ᠪᠦᠬᠦᠢ ᠠᠵᠢᠯᠲᠠᠨ ᠢ ᠳᠠᠭᠠᠭᠤᠯᠤᠨ ᠰᠢᠯᠢ ᠶᠢᠨ ᠭᠤᠣᠯ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ᠂

ᠰᠢᠯᠢ ᠶᠢᠨ ᠭᠤᠣᠯ ᠠᠶᠢᠮᠠᠭ ᠤᠨ ᠬᠤᠶᠠᠳᠤᠭᠠᠷ ᠳᠤᠮᠳᠠᠳᠤ ᠰᠤᠷᠭᠠᠭᠤᠯᠢ᠂ ᠰᠢᠯᠢ ᠶᠢᠨ ᠬᠤᠲᠠ ᠶᠢᠨ ᠳᠥᠷᠪᠡᠳᠦᠭᠡᠷ

ᠳᠤᠮᠳᠠᠳᠤ ᠰᠤᠷᠭᠠᠭᠤᠯᠢ ᠪᠣᠯᠤᠨ ᠠᠷᠪᠠᠨ ᠬᠤᠶᠠᠳᠤᠭᠠᠷ ᠪᠠᠭ᠎ᠠ ᠰᠤᠷᠭᠠᠭᠤᠯᠢ ᠳᠤ ᠭᠦᠨᠵᠡᠭᠡᠶᠢᠷᠡᠵᠦ᠂ ᠶᠠᠷᠢᠯᠴᠠᠬᠤ

ᠬᠤᠷᠠᠯ ᠢ ᠬᠤᠷᠠᠯᠳᠤᠭᠤᠯᠬᠤ᠂ ᠳᠠᠩᠰᠠ ᠡᠪᠬᠡᠮᠡᠯ ᠢ ᠪᠠᠶᠢᠴᠠᠭᠠᠨ ᠦᠵᠡᠬᠦ ᠪᠠ ᠲᠤᠬᠠᠢ ᠶᠢᠨ ᠭᠠᠵᠠᠷ ᠲᠤ ᠨᠢ 

ᠪᠠᠶᠢᠳᠠᠯ ᠢ ᠣᠶᠢᠯᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠤᠭᠴᠢᠳ ᠤᠨ ᠳᠣᠷᠣᠮᠵᠢᠯᠠᠯ ᠢ

ᠶᠡᠷᠦᠩᠬᠡᠶᠢᠯᠡᠨ ᠵᠠᠰᠠᠬᠤ ᠠᠵᠢᠯ ᠢ ᠪᠠᠶᠢᠴᠠᠭᠠᠨ ᠰᠣᠳᠤᠯᠵᠤ ᠬᠢᠨᠠᠨ ᠵᠢᠯᠣᠭᠤᠳᠪᠠ᠃

   

3.webp.jpg

      ᠪᠠᠶᠢᠴᠠᠭᠠᠨ ᠰᠤᠳᠤᠯᠵᠤ ᠬᠢᠨᠠᠨ ᠵᠢᠯᠣᠭᠤᠳᠬᠤ ᠳᠤᠭᠤᠶᠢᠯᠠᠩ ᠤᠨ ᠬᠢᠨ ᠰᠤᠷᠭᠠᠭᠤᠯᠢ ᠶᠢᠨ ᠰᠤᠷᠤᠭᠴᠢᠳ ᠤᠨ

ᠳᠣᠷᠣᠮᠵᠢᠯᠠᠯ ᠢ ᠤᠷᠢᠳᠴᠢᠯᠠᠨ ᠰᠡᠷᠭᠡᠶᠢᠯᠡᠬᠦ ᠲᠠᠯ᠎ᠠ ᠪᠠᠷ ᠣᠷᠣᠰᠢᠵᠤ ᠪᠠᠶᠢᠭ᠎ᠠ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ

ᠵᠢᠴᠢ ᠲᠡᠭᠦᠯᠳᠡᠷᠵᠢᠭᠦᠯᠬᠦ ᠴᠢᠬᠤᠯᠠᠲᠠᠢ ᠠᠷᠭ᠎ᠠ ᠬᠡᠮᠵᠢᠶ᠎ᠡ ᠶᠢ ᠴᠠᠭ ᠲᠤᠬᠠᠢ ᠳᠤ ᠨᠢ ᠬᠠᠷᠢᠭᠤ ᠲᠤᠰᠬᠠᠵᠤ᠂ ᠡᠯ᠎ᠡ

ᠰᠤᠷᠭᠠᠭᠤᠯᠢ ᠶᠢᠨ ᠬᠢᠨ ᠴᠡᠭᠴᠡᠯᠡᠨ ᠰᠠᠶᠢᠵᠢᠷᠠᠭᠤᠯᠬᠤ ᠠᠵᠢᠯ ᠥᠷᠨᠢᠭᠦᠯᠬᠦ ᠶᠢ ᠢᠳᠡᠪᠬᠢᠲᠡᠢ ᠠᠬᠢᠭᠤᠯᠤᠨ᠂

ᠰᠤᠷᠤᠭᠴᠢᠳ ᠤᠨ ᠳᠣᠷᠣᠮᠵᠢᠯᠠᠯ ᠢ ᠶᠡᠷᠦᠩᠬᠡᠶᠢᠯᠡᠨ ᠵᠠᠰᠠᠬᠤ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂

ᠨᠠᠰᠤᠨ ᠳᠤ ᠦᠯᠦ ᠬᠦᠷᠦᠭᠰᠡᠳ ᠤᠨ ᠡᠷᠡᠭᠦᠯ ᠢᠶᠠᠷ ᠥᠰᠦᠨ ᠪᠤᠶᠢᠵᠢᠬᠤ ᠶᠢ ᠰᠠᠬᠢᠨ ᠬᠠᠮᠠᠭᠠᠯᠠᠵᠤ᠂ ᠰᠤᠷᠭᠠᠭᠤᠯᠢ 

 ᠶᠢᠨ ᠬᠦᠷᠢᠶᠡᠨ ᠤ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠪᠠᠲᠤ ᠪᠠᠬᠢ ᠰᠠᠭᠤᠷᠢ ᠲᠠᠯᠪᠢᠭᠰᠠᠨ

ᠪᠠᠶᠢᠨ᠎ᠠ᠃

      ᠣᠷᠳᠣᠰ ᠬᠤᠳᠠ᠄ ︽ᠴᠠᠭᠳᠠᠭ᠎ᠠ ᠠᠪᠠᠭ᠎ᠠ ᠶᠢᠨ ᠵᠠᠬᠢᠳᠠᠯ ᠤᠨ ᠬᠠᠶᠢᠷᠴᠠᠭ︾ —

      ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠵᠦ ᠬᠠᠮᠠᠭᠠᠯᠠᠪᠠ

      3 ᠰᠠᠷ᠎ᠠ ᠶᠢᠨ 25 ᠤ ᠡᠳᠦᠷ᠂ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠰᠤᠷᠭᠠᠨ ᠬᠥᠮᠦᠵᠢᠯ

ᠪᠡᠶ᠎ᠡ ᠶᠢᠨ ᠲᠠᠮᠢᠷ ᠤᠨ ᠳᠣᠪᠴᠢᠶ᠎ᠠ ᠪᠠ ᠣᠷᠳᠣᠰ ᠬᠤᠲᠠ ᠶᠢᠨ ᠳᠣᠲᠣᠭᠠᠳᠤ  ᠶᠢ ᠬᠠᠮᠠᠭᠠᠯᠠᠬᠤ ᠲᠣᠪᠴᠢᠶᠠᠨ ᠤ

ᠳ᠋ᠦᠩᠱᠧᠩ ᠬᠤᠪᠢᠶᠠᠷᠢ ᠳᠣᠪᠴᠢᠶ᠎ᠠ ᠬᠤᠯᠪᠣᠭᠠᠯᠠᠨ ᠳ᠋ᠦᠩᠱᠧᠩ ᠲᠣᠭᠤᠷᠢᠭ ᠤᠨ ᠬᠤᠸᠠ ᠶᠠᠨ ᠳᠤᠮᠳᠠᠳᠤ

ᠰᠤᠷᠭᠠᠭᠤᠯᠢ ᠳᠤ ︽ᠴᠠᠭᠳᠠᠭ᠎ᠠ ᠠᠪᠠᠭ᠎ᠠ ᠶᠢᠨ ᠵᠠᠬᠢᠳᠠᠯ ᠤᠨ ᠬᠠᠶᠢᠷᠴᠠᠭ︾ ᠤᠨ ᠡᠬᠢᠯᠡᠯᠲᠡ ᠶᠢᠨ ᠶᠣᠰᠣᠯᠠᠯ ᠢ

ᠶᠠᠪᠤᠭᠳᠠᠭᠤᠯᠤᠭᠰᠠᠨ ᠨᠢ ᠪᠠᠭᠰᠢ ᠰᠤᠷᠤᠭᠴᠢᠳ ᠲᠤ ᠠᠮᠤᠷ ᠲᠦᠪᠰᠢᠨ᠂ ᠳᠥᠭᠦᠮ ᠳᠥᠲᠡ ᠨᠡᠪᠲᠡᠷᠡᠯᠴᠡᠬᠦ ᠠᠷᠭ᠎ᠠ

ᠵᠠᠮ ᠢ ᠬᠠᠩᠭᠠᠬᠤ ᠶᠢᠨ ᠲᠥᠯᠥᠭᠡ ᠶᠤᠮ᠃ ᠰᠤᠷᠤᠭᠴᠢᠳ ᠭᠡᠷ ᠪᠦᠯᠢ ᠶᠢᠨ ᠬᠦᠴᠦᠷᠬᠡᠭᠯᠡᠯ᠂ ᠰᠤᠷᠤᠭᠴᠢᠳ ᠤᠨ

ᠳᠣᠷᠣᠮᠵᠢᠯᠠᠯ ᠪᠠ ᠬᠦᠴᠦᠷᠬᠡᠭᠯᠡᠯ᠂ ᠰᠤᠷᠭᠠᠭᠤᠯᠢ ᠶᠢᠨ ᠬᠦᠷᠢᠶᠡᠨ ᠳᠤ ᠬᠢᠲᠤᠭ᠎ᠠ ᠪᠠᠭᠠᠵᠢ ᠠᠪᠴᠤ ᠶᠠᠪᠤᠬᠤ᠂

ᠠᠯᠪᠠᠳᠠᠬᠤ᠂ ᠵᠣᠳᠣᠭᠠᠨ ᠬᠢᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠲᠠᠭᠠᠷᠠᠯᠳᠤᠪᠠᠯ᠂

ᠴᠥᠮ ︽ᠴᠠᠭᠳᠠᠭ᠎ᠠ ᠠᠪᠠᠭ᠎ᠠ ᠶᠢᠨ ᠵᠠᠬᠢᠳᠠᠯ ᠤᠨ ᠬᠠᠶᠢᠷᠴᠠᠭ︾ ᠲᠤ ᠵᠠᠬᠢᠳᠠᠯ ᠢᠯᠡᠭᠡᠬᠦ ᠪᠤᠶᠤ ᠢᠮᠧᠯ ᠢᠶᠠᠷ

ᠳᠠᠮᠵᠢᠭᠤᠯᠤᠨ ᠴᠠᠭᠳᠠᠭ᠎ᠠ ᠠᠪᠠᠭ᠎ᠠ ᠳᠤ ᠲᠤᠰᠬᠠᠵᠤ ᠪᠣᠯᠤᠨ᠎ᠠ᠂ ᠭᠠᠷᠠᠭ ᠪᠦᠷᠢ ᠬᠠᠶᠢᠷᠴᠠᠭ ᠢ ᠨᠡᠭᠡᠭᠡᠬᠦ ᠡᠳᠦᠷ

ᠳᠣᠭᠲᠠᠭᠠᠵᠤ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠴᠤᠭᠯᠠᠭᠤᠯᠤᠭᠰᠠᠨ ᠵᠠᠬᠢᠳᠠᠯ ᠢ ᠴᠠᠭ

ᠲᠤᠬᠠᠢ ᠳᠤ ᠨᠢ ᠲᠥᠷᠥᠯ ᠬᠤᠪᠢᠶᠠᠵᠤ᠂ ᠲᠤᠰᠬᠠᠢ ᠲᠤᠰᠢᠶᠠᠯᠲᠤ ᠠᠷᠠᠳ ᠤᠨ ᠴᠠᠭᠳᠠᠭ᠎ᠠ ᠲᠣᠬᠢᠷᠠᠭᠤᠯᠤᠨ

ᠰᠤᠷᠭᠠᠭᠤᠯᠢ ᠲᠠᠢ ᠬᠠᠷᠢᠯᠴᠠᠵᠤ᠂ ᠡᠷᠲᠡ ᠢᠯᠡᠷᠡᠭᠦᠯᠵᠦ᠂ ᠡᠷᠲᠡ ᠰᠡᠷᠭᠡᠶᠢᠯᠡᠵᠦ᠂ ᠡᠷᠲᠡ ᠰᠢᠢᠳᠪᠦᠷᠢᠯᠡᠨ᠎ᠡ᠃

       

4.webp.jpg

      ᠦᠬᠠᠢ ᠬᠤᠲᠠ᠄ ᠰᠤᠷᠭᠠᠭᠤᠯᠢ ᠶᠢ ᠬᠠᠮᠠᠭᠠᠯᠠᠵᠤ ᠴᠡᠴᠡᠷᠯᠢᠭ ᠢ ᠠᠮᠤᠷᠵᠢᠭᠤᠯᠬᠤ ᠲᠤᠰᠬᠠᠢ

      ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ ︽ᠪᠦᠬᠦᠯᠢ ᠴᠣᠭᠴᠠ ᠪᠠᠷ ᠬᠠᠮᠵᠢᠯᠴᠠᠨ

      ᠰᠡᠷᠭᠡᠶᠢᠯᠡᠨ ᠡᠵᠡᠮᠳᠡᠬᠦ ᠲᠣᠣᠷ︾ ᠢ ᠪᠠᠲᠤ ᠴᠣᠭᠴᠠᠯᠠᠪᠠ

      2024 ᠣᠨ ᠳᠤ᠂ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠳᠣᠪᠴᠢᠶ᠎ᠠ ᠪᠦᠬᠦ ᠬᠤᠲᠠ ᠶᠢᠨ

ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠪᠠᠶᠢᠴᠠᠭᠠᠬᠤ ᠲᠥᠪ︾ ᠢ ᠵᠣᠬᠢᠶᠠᠨ ᠪᠠᠶᠢᠭᠤᠯᠵᠤ᠂ ᠤᠷᠢᠳᠴᠢᠯᠠᠨ

ᠮᠡᠳᠡᠬᠦ᠂ ᠨᠠᠷᠢᠯᠢᠭ ᠣᠨᠣᠴᠠᠲᠠᠢ ᠴᠣᠬᠢᠯᠲᠠ ᠥᠭᠴᠦ ᠰᠡᠷᠭᠡᠶᠢᠯᠡᠬᠦ ᠲᠣᠭᠠᠵᠢᠭᠤᠯᠤᠭᠰᠠᠨ ᠮᠥᠷᠳᠡᠨ ᠪᠠᠶᠢᠴᠠᠭᠠᠬᠤ

ᠰᠢᠨ᠎ᠡ ᠵᠠᠭᠪᠤᠷ ᠢ ᠪᠦᠬᠦ ᠲᠠᠯ᠎ᠠ ᠪᠠᠷ ᠪᠠᠶᠢᠭᠤᠯᠵᠤ᠂ ᠰᠤᠷᠭᠠᠭᠤᠯᠢ ᠳᠤ ᠬᠤᠯᠪᠣᠭᠳᠠᠭᠰᠠᠨ ᠬᠡᠷᠡᠭ ᠲᠤ ᠴᠣᠬᠢᠯᠲᠠ ᠥᠭᠴᠦ

ᠵᠠᠰᠠᠬᠤ ᠳᠤ ᠪᠦᠲᠦᠮᠵᠢᠲᠡᠢ ᠬᠦᠴᠦᠨ ᠨᠡᠮᠡᠷᠢᠯᠡᠪᠡ᠃ ᠪᠦᠬᠦ ᠬᠤᠲᠠ ᠶᠢᠨ 104 ᠳᠤᠮᠳᠠᠳᠤ ᠪᠠᠭ᠎ᠠ ᠰᠤᠷᠭᠠᠭᠤᠯᠢ

ᠬᠡᠦᠬᠡᠳ ᠤᠨ ᠴᠡᠴᠡᠷᠯᠢᠭ ᠲᠤ ᠦᠵᠡᠭᠳᠡᠬᠦᠶᠢᠴᠡ ᠨᠢᠭᠡ ᠯᠡ ᠳᠠᠷᠤᠪᠴᠢ ᠪᠠᠷ ᠲᠦᠭᠰᠢᠭᠦᠷᠢ ᠮᠡᠳᠡᠭᠦᠯᠬᠦ ᠰᠢᠰᠲ᠋ᠧᠮ᠂ ᠭᠠᠯ

ᠤᠨᠲᠠᠷᠠᠭᠠᠬᠤ ᠠᠮᠤᠷ ᠲᠦᠪᠰᠢᠨ ᠤ ᠣᠶᠤᠨᠴᠢ ᠬᠢᠨᠠᠨ ᠡᠵᠡᠮᠳᠡᠬᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ᠂ ᠡᠭᠦᠳᠡᠨ 

ᠬᠤᠷᠢᠭ᠎ᠠ ᠶᠢᠨ ᠬᠠᠮᠢᠶᠠᠷᠤᠯᠲᠠ ᠪᠠ ᠬᠠᠯᠳᠠᠯᠭ᠎ᠠ  ᠳᠤ ᠤᠴᠠᠷᠠᠭᠰᠠᠨ ᠦᠶ᠎ᠡ ᠳᠤ ᠲᠦᠭᠰᠢᠭᠦᠷᠢ ᠮᠡᠳᠡᠭᠡᠯᠡᠬᠦ ᠰᠢᠰᠲ᠋ᠧᠮ

ᠵᠡᠷᠭᠡ ᠶᠢ ᠤᠭᠰᠠᠷᠠᠵᠤ᠂ ᠬᠡᠪ ᠤᠨ ᠪᠤᠰᠤ ᠦᠢᠯᠡ ᠠᠵᠢᠯᠯᠠᠭ᠎ᠠ᠂ ᠭᠠᠯ ᠤᠨ ᠠᠶᠤᠯ ᠤᠨ ᠳᠠᠯᠳᠠ ᠭᠡᠮ᠂ ᠢᠳᠡᠭᠡᠨ ᠤ

ᠠᠮᠤᠷ ᠲᠦᠪᠰᠢᠨ᠂ ᠬᠡᠷᠡᠭᠦᠯ ᠵᠣᠳᠤᠭᠠᠨ ᠵᠡᠷᠭᠡ ᠰᠤᠷᠭᠠᠭᠤᠯᠢ ᠳᠤ ᠬᠤᠯᠪᠣᠭᠳᠠᠭᠰᠠᠨ ᠪᠠᠶᠢᠳᠠᠯ ᠢ ᠴᠥᠮ ᠨᠠᠷᠢᠯᠢᠭ

ᠣᠨᠣᠴᠠᠲᠠᠢ ᠤᠷᠢᠳᠴᠢᠯᠠᠨ ᠰᠡᠷᠡᠮᠵᠢᠯᠡᠭᠦᠯᠵᠦ᠂ ᠲᠦᠷᠭᠡᠨ ᠲᠤᠰᠬᠠᠬᠤ ᠶᠢ ᠪᠡᠶᠡᠯᠡᠭᠦᠯᠪᠡ᠃

   

6.png

      ᠦᠬᠠᠢ ᠬᠤᠲᠠ ᠶᠢᠨ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠡᠳᠦᠷ ᠪᠦᠷᠢ

ᠴᠠᠭᠳᠠᠭ᠎ᠠ ᠶᠢ 143 ᠬᠥᠮᠦᠨ ᠤᠳᠠᠭ᠎ᠠ ᠲᠣᠮᠢᠯᠠᠵᠤ᠂ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠳᠤ

︽ᠴᠠᠭᠳᠠᠭ᠎ᠠ ᠶᠢ ᠣᠯᠵᠤ ᠬᠠᠷᠠᠬᠤ᠂ ᠴᠠᠭᠳᠠᠭᠠᠨ ᠤ ᠲᠡᠷᠭᠡ ᠶᠢ ᠣᠯᠵᠤ ᠬᠠᠷᠠᠬᠤ᠂ ᠰᠡᠷᠡᠮᠵᠢ ᠶᠢᠨ ᠳ᠋ᠧᠩ ᠢ ᠣᠯᠵᠤ

ᠬᠠᠷᠠᠬᠤ︾ ᠶᠢ ᠬᠠᠮᠤᠭ ᠤᠨ ᠶᠡᠭᠡ ᠬᠡᠮᠵᠢᠶ᠎ᠡ ᠪᠠᠷ ᠪᠡᠶᠡᠯᠡᠭᠦᠯᠵᠦ᠂ ᠰᠤᠷᠤᠭᠴᠢᠳ ᠢ ᠳᠣᠷᠣᠮᠵᠢᠯᠠᠬᠤ᠂ ᠰᠢᠷᠬᠠᠳᠤᠭᠤᠯᠬᠤ

ᠵᠡᠷᠭᠡ ᠰᠤᠷᠭᠠᠭᠤᠯᠢ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠠᠭ ᠲᠤᠬᠠᠢ ᠳᠤ

 ᠨᠢ ᠣᠯᠵᠤ ᠮᠡᠳᠡᠵᠦ᠂ ᠬᠤᠷᠢᠭᠯᠠᠨ ᠵᠣᠭᠰᠣᠭᠠᠪᠠ᠃

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map