ᠬᠥᠬᠡᠬᠤᠲᠠ ᠶᠢᠨ ᠰᠠᠶᠢᠬᠠᠨ ᠲᠣᠭᠤᠷᠢᠭ᠄ ︽ᠳᠥᠷᠪᠡ ᠶᠢ ᠨᠢᠭᠡ ᠴᠣᠭᠴᠠᠵᠢᠭᠤᠯᠬᠤ︾ ᠪᠠᠷ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ ᠪᠣᠢ
ᠨᠡᠶᠢᠲᠡᠯᠡᠭᠰᠡᠨ ᠴᠠᠭ᠄
2024/4/19
      ᠣᠶᠢᠷ᠎ᠠ ᠶᠢᠨ ᠵᠢᠯ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ᠂ ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠰᠤᠷᠭᠠᠭᠤᠯᠢ ᠶᠢ ᠵᠣᠬᠢᠶᠠᠨ ᠪᠠᠶᠢᠭᠤᠯᠤᠨ ᠶᠡᠷᠦᠩᠬᠡᠢ ᠱᠦᠵᠢ ᠰᠢ ᠶᠢᠨ ᠫᠢᠩ  ᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠳᠤ ᠦᠨᠡᠨ ᠬᠦ ᠰᠡᠳᠬᠢᠯ ᠲᠠᠯᠪᠢᠵᠤ ᠶᠡᠭᠡ ᠶᠠᠪᠤᠳᠠᠯ ᠪᠣᠯᠭᠠᠨ ᠠᠳᠬᠤᠪᠠ᠃ ︽ᠳᠥᠷᠪᠡ ᠶᠢ ᠨᠢᠭᠡ ᠴᠣᠭᠴᠠᠵᠢᠭᠤᠯᠬᠤ︾ ᠪᠠᠷ ᠳᠠᠮᠵᠢᠭᠤᠯᠤᠨ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠨᠠᠷᠢᠨ ᠬᠢᠨᠠᠮᠠᠭᠠᠢ ᠠᠬᠢᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠲᠠᠲᠠᠬᠤ ᠬᠦᠴᠦᠨ ᠢ ᠳᠡᠭᠡᠭᠰᠢᠯᠡᠭᠦᠯᠬᠦ ᠦᠨᠳᠦᠰᠦᠨ ᠠᠷᠭ᠎ᠠ ᠵᠠᠮ ᠢ ᠬᠠᠶᠢᠨ ᠰᠦᠪᠡᠭᠴᠢᠯᠡᠵᠦ᠂ ᠢᠲᠡᠭᠡᠯ ᠪᠢᠰᠢᠷᠡᠯ ᠢ  ᠦᠨᠳᠦᠰᠦᠯᠡᠭᠦᠯᠵᠦ᠂ ᠴᠠᠭ ᠦᠶ᠎ᠡ ᠶᠢᠨ ᠰᠢᠨ᠎ᠡ ᠬᠥᠮᠦᠨ ᠢ  ᠬᠥᠮᠥᠵᠢᠭᠦᠯᠪᠡ᠃   

1.webp.jpg

      ᠥᠨᠳᠥᠷ ᠵᠣᠭᠰᠣᠴᠠ ᠠᠴᠠ ︽ᠪᠠᠶᠢᠷᠢᠯᠠᠭᠤᠯᠵᠤ︾᠂ ᠦᠵᠡᠯ ᠰᠠᠨᠠᠭ᠎ᠠ ᠤᠯᠤᠰ ᠲᠥᠷᠥ ᠶᠢᠨ ᠵᠣᠬᠢᠶᠠᠨ

      ᠪᠠᠶᠢᠭᠤᠯᠤᠯᠲᠠ ᠶᠢᠨ ᠤᠳᠤᠷᠢᠳᠤᠯᠭ᠎ᠠ ᠶᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠴᠢᠩᠭᠠᠳᠬᠠᠪᠠ

      ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ᠂

ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠲᠤᠰᠬᠠᠢ ᠠᠵᠢᠯ ᠤᠨ ᠤᠳᠤᠷᠢᠳᠬᠤ ᠳᠤᠭᠤᠶᠢᠯᠠᠩ ᠢ

ᠪᠠᠶᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ

ᠴᠣᠭᠴᠠᠵᠢᠭᠤᠯᠬᠤ ᠪᠠᠶᠢᠭᠤᠯᠤᠯᠲᠠ ᠶᠢᠨ ᠴᠢᠬᠤᠯᠠ ᠶᠡᠭᠡ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠰᠣᠳᠤᠯᠤᠨ᠂

ᠦᠵᠦ ᠲᠥᠯᠥᠪᠯᠡᠭᠡ ᠶᠢ ᠰᠠᠶᠢᠲᠤᠷ ᠠᠳᠬᠤᠵᠤ᠂ ᠬᠠᠷᠠᠯᠲᠠ ᠪᠠ ᠡᠭᠦᠷᠭᠡ ᠪᠠᠨ ᠲᠣᠳᠣᠷᠬᠠᠶᠢᠯᠠᠪᠠ᠃ ᠶᠡᠭᠡ ᠳᠡᠭᠡᠳᠦ

ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ

ᠴᠣᠭᠴᠠᠵᠢᠭᠤᠯᠬᠤ ᠪᠠᠶᠢᠭᠤᠯᠤᠯᠲᠠ ᠶᠢᠨ ᠠᠬᠤᠢ ᠲᠠᠯᠠᠪᠠᠢ ᠶᠢᠨ ᠬᠤᠷᠠᠯ ᠢ ᠠᠮᠵᠢᠯᠲᠠ ᠲᠠᠢ ᠡᠷᠬᠢᠯᠡᠵᠦ᠂ ᠦᠵᠡᠯ

ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠪᠠᠶᠢᠴᠠᠭᠠᠨ ᠰᠤᠳᠤᠯᠵᠤ ᠶᠠᠷᠢᠯᠴᠠᠬᠤ ᠠᠵᠢᠯᠯᠠᠭ᠎ᠠ ᠶᠢ

ᠥᠷᠨᠢᠭᠦᠯᠦᠨ᠂ ᠲᠥᠷᠥ ᠶᠢᠨ ᠪᠣᠳᠣᠯᠭ᠎ᠠ ᠪᠣᠯᠤᠨ ᠪᠠᠭᠰᠢ ᠶᠢᠨ ᠲᠠᠯ᠎ᠠ ᠪᠠᠷ ᠳᠡᠮᠵᠢᠯᠭᠡ ᠪᠠ ᠪᠠᠲᠤᠯᠠᠭ᠎ᠠ          

ᠬᠠᠩᠭᠠᠪᠠ᠃ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢ ᠱᠠᠭᠠᠷᠳᠠᠯᠭ᠎ᠠ ᠶᠣᠰᠣᠭᠠᠷ ᠪᠦᠷᠢᠨ

ᠲᠣᠬᠢᠷᠠᠭᠤᠯᠵᠤ᠂ ᠣᠶᠢᠷ᠎ᠠ ᠶᠢᠨ 5 ᠵᠢᠯ  ᠳᠤ 78 ᠪᠠᠭᠰᠢ ᠶᠢ ᠨᠥᠬᠦᠪᠥᠷᠢᠯᠡᠨ ᠡᠯᠰᠡᠭᠰᠡᠨ ᠪᠥᠭᠡᠳ ᠲᠤᠰᠬᠠᠢ ᠪᠠ

ᠲᠤᠰᠢᠶᠠᠯ ᠬᠠᠪᠰᠤᠷᠭᠠᠬᠤ ᠶᠢ ᠤᠶᠠᠯᠳᠤᠭᠤᠯᠤᠭᠰᠠᠨ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ          

ᠤᠯᠤᠰ ᠲᠥᠷᠥ ᠶᠢᠨ ᠬᠢᠴᠢᠶᠡᠯ ᠤᠨ ᠪᠠᠭᠰᠢ ᠶᠢ ᠲᠣᠬᠢᠷᠠᠭᠤᠯᠬᠤ ᠲᠣᠭᠲᠠᠴᠠ ᠶᠢ ᠪᠠᠶᠢᠭᠤᠯᠪᠠ᠃ ︽ᠬᠤᠶᠠᠷ ᠢ

ᠬᠥᠮᠦᠵᠢᠭᠦᠯᠬᠦ︾ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠰᠢᠯᠢᠳᠡᠭ ᠨᠠᠮ ᠤᠨ ᠭᠡᠰᠢᠭᠦᠨ ᠢ ᠦᠵᠡᠯ ᠰᠠᠨᠠᠭ᠎ᠠ

ᠤᠯᠤᠰ ᠲᠥᠷᠥ ᠶᠢᠨ ᠬᠢᠴᠢᠶᠡᠯ ᠤᠨ ᠪᠠᠭᠰᠢ᠂ ᠰᠢᠯᠢᠳᠡᠭ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ

ᠪᠠᠭᠰᠢ ᠶᠢ ᠨᠠᠮ ᠤᠨ ᠭᠡᠰᠢᠭᠦᠨ ᠪᠣᠯᠭᠠᠨ ᠬᠥᠮᠥᠵᠢᠭᠦᠯᠬᠦ ᠶᠢᠨ ᠬᠠᠮᠲᠤ ᠪᠥᠬᠦ ᠦᠵᠡᠯ ᠰᠠᠨᠠᠭ᠎ᠠ ᠤᠯᠤᠰ ᠲᠥᠷᠥ ᠶᠢᠨ

ᠬᠢᠴᠢᠶᠡᠯ ᠤᠨ ᠪᠠᠭᠰᠢ ᠶᠢ ᠡᠭᠡᠯᠵᠢᠯᠡᠨ ᠪᠣᠯᠪᠠᠰᠤᠷᠠᠭᠤᠯᠪᠠ᠃

   

2.webp.jpg

      ᠡᠯ᠎ᠡ ᠰᠤᠷᠤᠯᠭ᠎ᠠ ᠶᠢᠨ ᠱᠠᠲᠤ ᠶᠢ ︽ᠨᠡᠪᠲᠡᠷᠡᠭᠦᠯᠵᠦ︾ ᠦᠵᠡᠯ ᠰᠠᠨᠠᠭ᠎ᠠ ᠤᠯᠤᠰ

      ᠲᠥᠷᠥ ᠶᠢᠨ ᠬᠢᠴᠢᠶᠡᠯ ᠤᠨ ᠲᠣᠭᠲᠠᠯᠴᠠᠭ᠎ᠠ ᠶᠢ ᠨᠢᠭᠡ ᠴᠣᠭᠴᠠᠵᠢᠭᠤᠯᠪᠠ

      ᠪᠠᠭ᠎ᠠ ᠰᠤᠷᠭᠠᠭᠤᠯᠢ ᠶᠢᠨ ᠱᠠᠲᠤᠨ ᠳᠤ ᠰᠤᠷᠤᠭᠴᠢᠳ ᠤᠨ ᠶᠣᠰᠣ ᠰᠤᠷᠲᠠᠬᠤᠨ ᠪᠠ ᠬᠠᠶᠢᠷ᠎ᠠ ᠰᠡᠳᠬᠢᠯᠭᠡ ᠶᠢ

ᠬᠥᠮᠦᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠤ

ᠰᠤᠷᠤᠭᠴᠢᠳ ᠤᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠪᠠᠷ ᠭᠤᠣᠯᠳᠠᠯᠭ᠎ᠠ ᠪᠣᠯᠭᠠᠨ᠂ ᠳᠡᠭᠡᠳᠦ ᠵᠡᠷᠭᠡ ᠶᠢᠨ

ᠳᠤᠮᠳᠠᠳᠤ ᠰᠤᠷᠭᠠᠭᠤᠯᠢ ᠶᠢᠨ ᠱᠠᠲᠤᠨ  ᠳᠤ ᠰᠤᠷᠤᠭᠴᠢᠳ ᠤᠨ ᠤᠯᠤᠰ ᠲᠥᠷᠥ ᠶᠢᠨ ᠬᠡᠪ ᠪᠣᠯᠪᠠᠰᠤᠷᠠᠯ ᠢ

ᠳᠡᠭᠡᠭᠰᠢᠯᠡᠭᠦᠯᠬᠦ ᠬᠠᠷᠠᠯᠲᠠ ᠶᠢ ᠴᠢᠬᠤᠯᠠᠴᠢᠯᠠᠬᠤ ᠪᠠᠷ ᠭᠤᠣᠯᠳᠠᠯᠭ᠎ᠠ ᠪᠣᠯᠭᠠᠵᠤ᠂ ᠠᠯᠬᠤᠮ ᠳᠠᠷᠠᠭ᠎ᠠ ᠲᠠᠢ

ᠤᠷᠤᠭᠰᠢᠯᠠᠬᠤ᠂ ᠡᠷᠭᠢᠭᠦᠯᠭᠡᠨ ᠬᠡᠯᠪᠡᠷᠢ ᠪᠠᠷ ᠳᠡᠭᠡᠭᠰᠢᠯᠡᠬᠦ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ

ᠳᠣᠭᠲᠠᠯᠴᠠᠭ᠎ᠠ ᠶᠢ ᠪᠠᠶᠢᠭᠤᠯᠪᠠ᠃ ᠰᠠᠶᠢᠬᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ

ᠤᠯᠤᠰ ᠲᠥᠷᠥ ᠶᠢᠨ ᠨᠡᠷᠡᠲᠦ ᠪᠠᠭᠰᠢ ᠶᠢᠨ ᠰᠤᠳᠤᠯᠤᠨ ᠰᠤᠷᠤᠯᠴᠠᠬᠤ ᠠᠵᠢᠯᠯᠠᠬᠤ ᠲᠠᠰᠤᠭ ᠢ ᠵᠣᠬᠢᠶᠠᠨ ᠪᠠᠶᠢᠭᠤᠯᠵᠤ᠂

ᠵᠢᠭᠠᠬᠤ ᠶᠢ ᠰᠤᠳᠤᠯᠤᠭᠴᠢᠳ ᠤᠨ ᠪᠦᠯᠬᠦᠮ ᠨᠢ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠴᠢᠨᠠᠷ

ᠴᠢᠨᠰᠠᠭ᠎ᠠ ᠶᠢ ᠳᠡᠭᠡᠭᠰᠢᠯᠡᠭᠦᠯᠬᠦ ᠠᠴᠠ ᠭᠠᠷᠳᠠᠵᠤ᠂ ᠨᠡᠷᠡᠲᠦ ᠪᠠᠭᠰᠢ ᠶᠢᠨ ᠳᠠᠭᠤᠷᠢᠶᠠᠯ ᠦᠵᠡᠭᠦᠯᠵᠦ ᠬᠥᠲᠥᠯᠥᠨ

ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠣᠨᠣᠯᠵᠢᠬᠤᠨ ᠢ

ᠲᠠᠰᠤᠷᠠᠯᠲᠠ ᠦᠭᠡᠢ ᠰᠢᠨᠡᠴᠢᠯᠡᠵᠦ᠂ ᠰᠢᠯᠢᠳᠡᠭ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠠᠬᠢᠭᠤᠯᠪᠠ᠃ ᠦᠵᠡᠯ

ᠰᠠᠨᠠᠭ᠎ᠠ ᠤᠯᠤᠰ ᠲᠥᠷᠥ ᠶᠢᠨ ᠵᠢᠭᠠᠬᠤ ᠶᠢ ᠰᠤᠳᠤᠯᠤᠭᠴᠢ ᠠᠴᠠ ᠰᠤᠷᠤᠯᠭ᠎ᠠ ᠶᠢᠨ ᠬᠤᠭᠤᠴᠠᠭ᠎ᠠ ᠪᠦᠷᠢ ᠵᠢᠭᠠᠨ

ᠰᠤᠷᠭᠠᠯᠲᠠ ᠶᠢ ᠪᠠᠶᠢᠴᠠᠭᠠᠵᠤ ᠬᠠᠪᠰᠤᠷᠤᠨ ᠵᠢᠯᠣᠭᠤᠳᠬᠤ ᠪᠠᠷ ᠳᠠᠮᠵᠢᠭᠤᠯᠤᠨ᠂ ᠬᠡᠰᠡᠭ ᠪᠦᠯᠦᠭ ᠢᠲᠡᠭᠡᠯ ᠪᠢᠰᠢᠷᠡᠯ ᠢ

ᠪᠠᠲᠤᠳᠬᠠᠵᠤ᠂ ᠲᠥᠪ ᠶᠣᠰᠣ ᠶᠢ ᠪᠠᠷᠢᠮᠲᠠᠯᠠᠨ᠂ ᠰᠢᠨ᠎ᠡ ᠶᠢ ᠡᠭᠦᠳᠦᠭᠰᠡᠨ ᠳᠤᠮᠳᠠᠳᠤ ᠪᠠᠭ᠎ᠠ ᠰᠤᠷᠭᠠᠭᠤᠯᠢ ᠶᠢᠨ

ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠰᠢᠯᠢᠳᠡᠭ ᠵᠢᠱᠢᠶ᠎ᠡ ᠶᠢ ᠨᠠᠷᠢᠨ ᠨᠢᠮᠪᠠᠢ ᠰᠣᠩᠭᠤᠵᠤ᠂ ᠳᠠᠬᠢᠨ

ᠳᠠᠪᠲᠠᠨ ᠪᠣᠯᠪᠠᠰᠤᠷᠠᠭᠤᠯᠬᠤ᠂ ᠰᠢᠩᠭᠡᠭᠡᠨ ᠦᠢᠯᠡᠳᠬᠦ ᠪᠠᠷ ᠳᠠᠮᠵᠢᠨ ᠵᠢᠭᠠᠬᠤ ᠶᠢ ᠰᠤᠳᠤᠯᠬᠤ ᠲᠥᠪ ᠤᠨ

ᠲᠠᠪᠴᠠᠩ ᠳᠤ ᠳᠠᠮᠵᠢᠭᠤᠯᠵᠤ᠂ ᠬᠡᠰᠡᠭ ᠪᠦᠯᠦᠭ ᠰᠤᠷᠤᠭᠴᠢᠳ ᠤᠨ ᠰᠣᠨᠣᠰᠬᠤ ᠳᠤᠷᠠᠲᠠᠢ᠂ ᠣᠶᠢᠯᠠᠭᠠᠵᠤ

ᠴᠢᠳᠠᠬᠤᠶᠢᠴᠠ᠂ ᠦᠨᠡᠨᠴᠢ ᠢᠲᠡᠭᠡᠮᠵᠢᠲᠡᠢ᠂ ᠯᠠᠪᠳᠠᠭᠤᠨ ᠪᠠᠲᠤᠲᠠᠢ ᠬᠡᠷᠡᠭᠵᠢᠭᠦᠯᠬᠦ ᠰᠢᠨ᠎ᠡ ᠴᠠᠭ ᠦᠶ᠎ᠡ ᠶᠢᠨ

ᠴᠢᠨᠠᠷᠯᠢᠭ ᠦᠵᠡᠯ ᠰᠠᠨᠠᠭ᠎ᠠ ᠤᠯᠤᠰ ᠲᠥᠷᠥ ᠶᠢᠨ ︽ᠠᠯᠳᠠᠨ ᠬᠢᠴᠢᠶᠡᠯ︾ ᠢ ᠪᠣᠢ ᠪᠣᠯᠭᠠᠪᠠ᠃ ᠡᠯ᠎ᠡ ᠲᠥᠷᠥᠯ ᠤᠨ

ᠬᠢᠴᠢᠶᠡᠯ ᠳᠠᠬᠢ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠡᠯᠧᠮᠧᠨ᠋ᠲ ᠢ ᠭᠦᠨᠵᠡᠭᠡᠢ ᠢᠯᠡᠷᠡᠭᠦᠯᠵᠦ᠂

ᠲᠡᠭᠦᠨ ᠢ ᠬᠢᠴᠢᠶᠡᠯ ᠤᠨ ᠮᠡᠳᠡᠯᠭᠡ ᠶᠢᠨ ᠴᠡᠭ ᠲᠤ ᠠᠭᠤᠰᠬᠠᠪᠠ᠃ ᠰᠤᠷᠭᠠᠭᠤᠯᠢ ᠶᠢᠨ ᠬᠦᠷᠢᠶᠡᠨ ᠤ ᠰᠣᠶᠣᠯ ᠢ ᠦᠵᠡᠯ

ᠰᠠᠨᠠᠭ᠎ᠠ ᠤᠯᠤᠰ ᠲᠥᠷᠥ ᠶᠢᠨ ᠬᠥᠮᠦᠵᠢᠯ ᠳᠤ ᠠᠭᠤᠰᠬᠠᠨ᠂ ᠰᠤᠷᠤᠭᠴᠢᠳ ᠢ ︽ᠡᠳᠦᠷ ᠪᠦᠷᠢ ᠪᠣᠳᠣᠯᠬᠢᠯᠠᠨ᠂ ᠡᠪᠦᠷ

ᠪᠦᠷᠢ  ᠤᠬᠠᠪᠤᠷᠢᠯᠠᠭᠤᠯᠵᠤ︾᠂ ᠰᠠᠶᠢᠬᠠᠨ ᠲᠣᠭᠤᠷᠢᠭ ᠤᠨ ᠪᠦᠬᠦ ᠠᠵᠢᠯᠲᠠᠨ  ᠤ ᠦᠵᠡᠯ ᠰᠠᠨᠠᠭ᠎ᠠ ᠤᠯᠤᠰ

ᠲᠥᠷᠥ ᠪᠠᠷ ᠬᠥᠮᠦᠨ ᠬᠥᠮᠦᠵᠢᠭᠦᠯᠬᠦ ᠪᠦᠬᠦ ᠶᠠᠪᠤᠴᠠ ᠶᠢ ᠠᠯᠬᠤᠮ ᠠᠯᠬᠤᠮ ᠢᠶᠠᠷ  ᠪᠦᠷᠢᠯᠳᠦᠭᠦᠯᠪᠡ᠃

   

3.webp.jpg

      ᠡᠬᠢ ᠪᠠᠶᠠᠯᠢᠭ ᠢ ︽ᠬᠠᠮᠲᠤ ᠳᠤ ᠪᠠᠨ ᠠᠭᠤᠰᠬᠠᠵᠤ︾᠂ ᠦᠵᠡᠯ ᠰᠠᠨᠠᠭ᠎ᠠ ᠤᠯᠤᠰ

      ᠲᠥᠷᠥ ᠶᠢᠨ ᠬᠥᠮᠦᠨ ᠬᠥᠮᠦᠵᠢᠭᠦᠯᠬᠦ ᠶᠢ ᠨᠢᠭᠡ ᠴᠣᠭᠴᠠᠵᠢᠭᠤᠯᠬᠤ ᠶᠢ ᠪᠡᠶᠡᠯᠡᠭᠦᠯᠪᠡ

      ᠬᠥᠬᠡᠬᠤᠲᠠ ᠶᠢᠨ ᠥᠪᠡᠷᠮᠢᠴᠡ ᠬᠤᠪᠢᠰᠬᠠᠯᠲᠤ ᠰᠣᠶᠣᠯ ᠤᠨ ᠡᠬᠢ ᠪᠠᠶᠠᠯᠢᠭ ᠤᠨ ᠲᠣᠭᠤᠷᠢᠨ ᠳᠤ᠂ ᠳᠤᠮᠳᠠᠳᠤ

ᠪᠠᠭ᠎ᠠ ᠰᠤᠷᠭᠠᠭᠤᠯᠢ ᠳᠤ ︽ᠬᠤᠪᠢᠰᠬᠠᠯᠲᠤ ᠵᠣᠷᠢᠭ ᠰᠠᠨᠠᠭ᠎ᠠ ᠪᠣᠯᠤᠨ ᠬᠤᠪᠢᠰᠬᠠᠯᠲᠤ ᠰᠣᠶᠣᠯ︾ ᠤᠨ ᠰᠢᠷᠢᠰ

ᠬᠢᠴᠢᠶᠡᠯ ᠢ ᠨᠡᠭᠡᠭᠡᠵᠦ᠂ ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ ᠭᠠᠵᠠᠷ᠂ ᠬᠤᠪᠢᠰᠬᠠᠯ ᠤᠨ

ᠲᠡᠦᠬᠡ ᠶᠢᠨ ᠮᠦᠽᠧᠢ᠂ ᠦᠵᠡᠰᠬᠦᠯᠡᠩ ᠤᠨ ᠣᠷᠳᠣᠨ ᠢ ᠠᠰᠢᠭᠯᠠᠨ᠂ ᠬᠦᠰᠡᠯᠡᠩ ᠢᠲᠡᠭᠡᠯ ᠪᠢᠰᠢᠷᠡᠯ᠂ ᠨᠡᠶᠢᠭᠡᠮ

ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ᠂ ᠳᠥᠷᠪᠡᠨ ᠲᠡᠦᠬᠡ᠂ ᠦᠨᠳᠦᠰᠦᠲᠡᠨ ᠤ ᠪᠦᠯᠬᠦᠮᠳᠡᠯ᠂

ᠤᠯᠠᠮᠵᠢᠯᠠᠯᠲᠤ ᠰᠣᠶᠣᠯ ᠵᠡᠷᠭᠡ ᠦᠵᠡᠮᠵᠢ ᠪᠠᠶᠢᠳᠠᠯ ᠤᠨ ᠮᠠᠶ᠋ᠢᠭᠲᠤ ᠰᠤᠷᠭᠠᠨ ᠬᠥᠮᠦᠵᠢᠯ ᠵᠢᠭᠠᠨ ᠰᠤᠷᠭᠠᠯᠲᠠ  ᠶᠢ

ᠥᠷᠨᠢᠭᠦᠯᠪᠡ᠃ ︽ᠶᠠᠪᠤᠵᠤ ᠰᠤᠷᠤᠯᠴᠠᠬᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾᠂ ︽ᠲᠠᠯᠠᠪᠤᠷ

ᠣᠷᠳᠣᠨ ᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠠᠴᠠ ᠲᠤᠭ᠎ᠠ ᠪᠠᠷᠢᠮᠲᠠ ᠪᠠᠷ ᠡᠨᠧᠷᠭᠢ

ᠣᠯᠭᠤᠬᠤ ᠪᠠᠷ ᠳᠠᠮᠵᠢᠭᠤᠯᠤᠨ᠂ ︽ᠡᠭᠦᠯᠡᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠢ ᠪᠣᠢ          

ᠪᠣᠯᠭᠠᠪᠠ᠃ ᠬᠢᠴᠢᠶᠡᠯ ᠤᠨ ᠲᠠᠩᠬᠢᠮ ᠤᠨ ᠳᠣᠲᠣᠨ᠎ᠠ ᠭᠠᠳᠠᠨ᠎ᠠ᠂ ᠠᠭᠤᠯᠭ᠎ᠠ ᠰᠢᠨ᠎ᠡ ᠰᠡᠪᠡᠭᠦᠨ ᠦᠵᠡᠯ ᠰᠠᠨᠠᠭ᠎ᠠ

ᠤᠯᠤᠰ ᠲᠥᠷᠥ ᠶᠢᠨ ᠵᠢᠭᠠᠨ ᠰᠤᠷᠭᠠᠯᠲᠠ ᠪᠠᠷ ᠳᠠᠮᠵᠢᠭᠤᠯᠤᠨ᠂ ᠰᠤᠷᠤᠭᠴᠢᠳ ᠠᠭᠤᠤ ᠶᠡᠭᠡ ᠦᠵᠡᠯ ᠰᠠᠨᠠᠭᠠᠨ ᠤ

ᠦᠢᠯᠡᠳᠦᠯᠭᠡ ᠶᠢᠨ ᠠᠤᠭ᠎ᠠ ᠬᠦᠴᠦᠨ ᠢ ᠨᠠᠩ ᠰᠢᠭᠤᠳ ᠣᠶᠢᠯᠠᠭᠠᠪᠠ᠃ ᠡᠭᠦᠨ ᠤ ᠬᠠᠮᠲᠤ᠂ ︽ᠠᠨᠠᠷ ᠤᠨ          

ᠦᠷ᠎ᠡ︾ ᠬᠥᠮᠦᠨ ᠬᠥᠮᠦᠵᠢᠭᠦᠯᠬᠦ ᠢᠨᠵᠧᠨᠧᠷᠢᠩ᠂ ᠬᠠᠷᠢᠯᠴᠠᠨ ᠰᠢᠭᠢᠳᠬᠡᠬᠦ ᠮᠠᠶ᠋ᠢᠭ ᠤᠨ ᠶᠠᠪᠤᠯᠴᠠᠭ᠎ᠠ ᠰᠣᠯᠢᠯᠴᠠᠭ᠎ᠠ

ᠠᠭᠤᠰᠤᠯᠴᠠᠭᠠᠨ ᠤ ᠣᠷᠴᠢᠨ ᠨᠥᠬᠦᠴᠡᠯ ᠢ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠠᠵᠢᠯ ᠤᠨ ᠭᠤᠣᠯ ᠱᠤᠭᠤᠮ ᠢ ᠦᠵᠡᠯ ᠰᠠᠨᠠᠭ᠎ᠠ ᠤᠯᠤᠰ

ᠲᠥᠷᠥ ᠶᠢᠨ ᠬᠥᠮᠦᠨ ᠬᠥᠮᠦᠵᠢᠭᠦᠯᠬᠦ ᠪᠦᠬᠦ ᠶᠠᠪᠤᠴᠠ ᠳᠤ ᠠᠭᠤᠰᠬᠠᠨ᠂ ᠡᠯ᠎ᠡ ᠰᠤᠷᠤᠯᠭ᠎ᠠ ᠶᠢᠨ ᠱᠠᠲᠤ ᠶᠢ ᠡᠮᠬᠢ

ᠵᠢᠷᠤᠮ ᠲᠠᠢ ᠵᠣᠯᠭᠠᠭᠤᠯᠬᠤ᠂ ᠰᠤᠷᠭᠠᠭᠤᠯᠢ ᠶᠢᠨ ᠡᠬᠢ ᠪᠠᠶᠠᠯᠢᠭ ᠪᠠ ᠰᠤᠷᠭᠠᠭᠤᠯᠢ ᠶᠢᠨ ᠭᠠᠳᠠᠨᠠᠬᠢ ᠡᠬᠢ ᠪᠠᠶᠠᠯᠢᠭ ᠢ

ᠪᠦᠲᠦᠮᠵᠢᠲᠡᠢ ᠨᠡᠪᠲᠡᠷᠡᠭᠦᠯᠬᠦ᠂ ᠡᠯ᠎ᠡ ᠬᠦᠷᠢᠶ᠎ᠡ ᠴᠠᠷᠠᠭ᠎ᠠ ᠶᠢ ᠪᠦᠬᠦ ᠲᠠᠯ᠎ᠠ ᠪᠠᠷ ᠬᠠᠮᠤᠷᠤᠭᠰᠠᠨ ᠦᠵᠡᠯ ᠰᠠᠨᠠᠭ᠎ᠠ ᠤᠯᠤᠰ

ᠲᠥᠷᠥ ᠶᠢᠨ ᠬᠥᠮᠦᠨ ᠬᠥᠮᠦᠵᠢᠭᠦᠯᠬᠦ ᠬᠠᠮ ᠬᠦᠴᠦᠨ ᠢ ᠨᠢᠭᠡ ᠴᠣᠭᠴᠠᠵᠢᠭᠤᠯᠤᠭᠰᠠᠨ ᠰᠤᠷᠭᠠᠨ ᠬᠥᠮᠦᠵᠢᠯ ᠤᠨ

ᠳᠣᠭᠲᠠᠯᠴᠠᠭ᠎ᠠ ᠶᠢ ᠪᠠᠶᠢᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠶᠣᠰᠣ ᠰᠤᠷᠲᠠᠬᠤᠨ ᠢ ᠪᠣᠢ

ᠪᠣᠯᠭᠠᠵᠤ ᠬᠥᠮᠦᠨ ᠬᠥᠮᠦᠵᠢᠭᠦᠯᠬᠦ ᠵᠠᠩᠭᠢᠯᠠᠭ᠎ᠠ ᠶᠢᠨ ᠬᠢᠴᠢᠶᠡᠯ ᠪᠣᠯᠭᠠᠨ ᠪᠠᠶᠢᠭᠤᠯᠪᠠ᠃

   

4.webp.jpg

      ᠨᠠᠮ ᠡᠪᠯᠡᠯ ᠠᠩᠭᠢ ︽ᠬᠠᠮᠲᠤ ᠳᠤ ᠪᠠᠨ ᠪᠠᠶᠢᠭᠤᠯᠬᠤ︾ ᠪᠠᠷ ᠦᠵᠡᠯ ᠰᠠᠨᠠᠭ᠎ᠠ ᠤᠯᠤᠰ

      ᠲᠥᠷᠥ ᠶᠢᠨ ᠬᠥᠮᠦᠨ ᠬᠥᠮᠦᠵᠢᠭᠦᠯᠬᠦ ᠪᠦᠬᠦ ᠬᠡᠯᠬᠢᠶ᠎ᠡ ᠶᠢ ᠨᠢᠭᠡ ᠴᠣᠭᠴᠠᠵᠢᠭᠤᠯᠬᠤ ᠶᠢ ᠠᠬᠢᠭᠤᠯᠪᠠ

      ᠰᠢᠰᠲ᠋ᠧᠮᠲᠦ ᠰᠡᠳᠬᠢᠮᠵᠢ ᠶᠢ ᠪᠠᠷᠢᠮᠲᠠᠯᠠᠨ᠂ ᠨᠠᠮ᠂ ᠡᠪᠯᠡᠯ᠂ ᠠᠩᠭᠢ ᠶᠢ ᠨᠢᠭᠡ ᠴᠣᠭᠴᠠᠵᠢᠭᠤᠯᠤᠨ

ᠬᠥᠮᠦᠨ ᠬᠥᠮᠦᠵᠢᠭᠦᠯᠬᠦ ᠬᠡᠯᠬᠢᠶ᠎ᠡ ᠶᠢᠨ ᠳᠣᠲᠣᠭᠠᠳᠤ ᠯᠣᠭᠢᠭ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠨᠠᠷᠢᠨ

ᠬᠢᠨᠠᠮᠠᠭᠠᠢ ᠡᠵᠡᠮᠳᠡᠵᠦ᠂ ᠡᠪ ᠬᠠᠮᠲᠤ ᠵᠠᠯᠠᠭᠤᠴᠤᠳ ᠤᠨ ᠡᠪᠯᠡᠯ ᠪᠠ ᠪᠠᠭᠠᠴᠤᠳ ᠤᠨ ᠬᠤᠰᠢᠭᠤᠴᠢ ᠠᠩᠭᠢ ᠶᠢᠨ

ᠠᠵᠢᠯ ᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠢ ᠬᠢᠨᠠᠨ ᠵᠢᠯᠣᠭᠤᠳᠴᠤ ᠦᠨᠡᠯᠡᠬᠦ ᠪᠠ          

ᠨᠠᠮ ᠤᠨ ᠪᠠᠶᠢᠭᠤᠯᠤᠯᠲᠠ ᠶᠢᠨ ᠠᠵᠢᠯ ᠢ ᠵᠢᠷᠤᠮᠵᠢᠭᠤᠯᠬᠤ ᠪᠠᠶᠢᠭᠤᠯᠤᠯᠲᠠ ᠶᠢᠨ ᠭᠦᠢᠴᠡᠳᠬᠡᠯ ᠲᠤᠭ᠎ᠠ ᠳᠤ          

ᠣᠷᠣᠭᠤᠯᠪᠠ᠃ ᠰᠤᠷᠭᠠᠭᠤᠯᠢ ᠦᠨᠳᠦᠰᠦᠨ ᠱᠠᠲᠤᠨ ᠳᠤ ᠡᠪᠯᠡᠯ ᠤᠨ ᠰᠤᠷᠭᠠᠭᠤᠯᠢ ᠪᠠᠶᠢᠭᠤᠯᠬᠤ ᠶᠢ ᠠᠬᠢᠭᠤᠯᠵᠤ᠂

ᠡᠪᠯᠡᠯ ᠤᠨ ᠭᠡᠰᠢᠭᠦᠨ ᠤ ᠬᠥᠭᠵᠢᠯᠲᠡ ᠶᠢᠨ ᠳᠡᠰ ᠳᠠᠷᠠᠭᠠᠯᠠᠯ ᠢ ᠴᠢᠩᠳᠠᠯᠠᠨ᠂ ᠪᠠᠭᠠᠴᠤᠳ ᠤᠨ ᠬᠤᠰᠢᠭᠤᠴᠢ

ᠠᠩᠭᠢ ᠶᠢᠨ ᠭᠡᠰᠢᠭᠦᠳ ᠢ ᠪᠦᠯᠦᠭ ᠬᠤᠪᠢᠶᠠᠨ ᠠᠩᠭᠢ ᠳᠤ ᠣᠷᠣᠭᠤᠯᠬᠤ  ᠶᠢ ᠦᠨᠡᠨ ᠬᠦ ᠪᠠᠲᠤᠯᠠᠵᠤ᠂ ᠡᠪᠯᠡᠯ ᠤᠨ

ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠪᠣᠯᠤᠨ ᠡᠪᠯᠡᠯ ᠳᠤ ᠣᠷᠣᠬᠤ ᠶᠣᠰᠣᠯᠠᠯ  ᠤᠨ ᠠᠵᠢᠯᠯᠠᠭ᠎ᠠ ᠶᠢ ᠤᠯᠠᠮ ᠨᠢᠭᠡ

ᠠᠯᠬᠤᠮ ᠵᠢᠷᠤᠮᠵᠢᠭᠤᠯᠪᠠ᠃ ᠰᠤᠷᠤᠭᠴᠢᠳ ᠤᠨ ᠨᠡᠶᠢᠭᠡᠮᠯᠢᠭ ᠤᠨ ᠪᠠᠶᠢᠭᠤᠯᠤᠯᠲᠠ ᠶᠢ ᠠᠬᠢᠭᠤᠯᠵᠤ᠂ ᠰᠤᠷᠭᠠᠭᠤᠯᠢ

 ᠶᠢᠨ ᠵᠢᠭᠠᠨ ᠰᠤᠷᠭᠠᠯᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠡᠶᠢᠭᠡᠮᠯᠢᠭ ᠤᠨ ᠠᠵᠢᠯᠯᠠᠭ᠎ᠠ ᠶᠢ

ᠬᠢᠴᠢᠶᠡᠯᠵᠢᠭᠦᠯᠬᠦ ᠶᠢ ᠵᠢᠷᠤᠮᠵᠢᠭᠤᠯᠪᠠ᠃ ᠰᠤᠷᠭᠠᠭᠤᠯᠢ ᠠᠴᠠ ᠨᠥᠬᠦᠴᠡᠯ ᠪᠦᠷᠢᠯᠳᠦᠭᠦᠯᠵᠦ᠂ ᠰᠤᠷᠤᠭᠴᠢᠳ ᠤᠨ

ᠨᠡᠶᠢᠭᠡᠮᠯᠢᠭ ᠳᠤ ᠵᠠᠷᠤᠳᠠᠯ᠂ ᠲᠠᠯᠠᠪᠤᠷ᠂ ᠴᠠᠭ᠂ ᠵᠢᠯᠣᠭᠤᠳᠬᠤ ᠪᠠᠭᠰᠢ ᠵᠡᠷᠭᠡ ᠲᠠᠯ᠎ᠠ ᠶᠢᠨ ᠪᠠᠲᠤᠯᠠᠭ᠎ᠠ ᠬᠠᠩᠭᠠᠨ᠂

ᠬᠠᠮᠢᠶᠠᠷᠤᠯᠲᠠ ᠶᠢ ᠵᠢᠷᠤᠮᠵᠢᠭᠤᠯᠵᠤ᠂ ᠡᠮᠬᠢ ᠵᠢᠷᠤᠮ ᠲᠠᠢ ᠬᠥᠭᠵᠢᠬᠦ ᠶᠢ ᠠᠬᠢᠭᠤᠯᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map