ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠱᠠᠨᠰᠢ ᠮᠤᠵᠢ ᠳᠤ ᠬᠦᠷᠴᠦ ᠱᠠᠨᠰᠢ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠲᠤᠷᠠᠯᠴᠠᠭᠠᠨ ᠤ ᠭᠤᠣᠯᠳᠠᠯᠭ᠎ᠠ ᠲᠠᠢ ᠲᠥᠷᠥᠯ ᠵᠦᠢᠯ ᠢ ᠤᠯᠠᠮ ᠨᠢᠭᠡ ᠠᠯᠬᠤᠮ ᠵᠣᠯᠭᠠᠭᠤᠯᠪᠠ
ᠨᠡᠶᠢᠲᠡᠯᠡᠭᠰᠡᠨ ᠴᠠᠭ᠄
2024/4/2
      ᠮᠠᠨ ᠤ ᠣᠷᠣᠨ ᠪᠣᠯᠤᠨ ᠱᠠᠨᠰᠢ ᠮᠤᠵᠢ ᠶᠢᠨ ᠰᠤᠷᠭᠠᠨ ᠬᠥᠮᠦᠵᠢᠯ ᠤᠨ ᠭᠦᠨᠵᠡᠭᠡᠢ ᠬᠠᠮᠲᠤᠷᠠᠯᠴᠠᠭ᠎ᠠ ᠶᠢ ᠠᠬᠢᠭᠤᠯᠵᠤ᠂ ᠱᠠᠨᠰᠢ ᠥᠪᠥᠷ ᠮᠣᠩᠭᠤᠯ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠸᠠᠩ ᠮᠢᠨ ᠪᠦᠯᠬᠦᠮ ᠳᠠᠭᠠᠭᠤᠯᠤᠨ ᠱᠠᠨᠰᠢ ᠮᠤᠵᠢ ᠶᠢᠨ ᠰᠤᠷᠭᠠᠨ ᠬᠥᠮᠦᠵᠢᠯ ᠤᠨ ᠲᠢᠩᠬᠢᠮ ᠳᠤ ᠬᠦᠷᠴᠦ ᠠᠵᠢᠯ ᠢ ᠵᠣᠯᠭᠠᠭᠤᠯᠤᠭᠰᠠᠨ ᠪᠠ ᠶᠠᠷᠢᠯᠴᠠᠬᠤ ᠬᠤᠷᠠᠯ ᠢ ᠬᠤᠷᠠᠯᠳᠤᠭᠤᠯᠪᠠ᠃   

1.webp.jpg

      ᠶᠠᠷᠢᠯᠴᠠᠬᠤ ᠬᠤᠷᠠᠯ ᠳᠡᠭᠡᠷ᠎ᠡ᠂ ᠱᠠᠨᠰᠢ ᠮᠤᠵᠢ ᠶᠢᠨ ᠰᠤᠷᠭᠠᠨ ᠬᠥᠮᠦᠵᠢᠯ ᠤᠨ ᠲᠢᠩᠬᠢᠮ ᠤᠨ ᠬᠤᠶᠠᠳᠤᠭᠠᠷ

ᠳᠡᠰ ᠤᠨ ᠲᠣᠭᠤᠷᠢᠨ ᠪᠠᠶᠢᠴᠠᠭᠠᠭᠴᠢ ᠳ᠋ᠦᠩ ᠰᠢᠶᠠ ᠱᠠᠨᠰᠢ ᠮᠤᠵᠢ ᠶᠢᠨ ᠰᠤᠷᠭᠠᠨ ᠬᠥᠮᠦᠵᠢᠯ ᠤᠨ ᠦᠨᠳᠦᠰᠦᠨ

ᠪᠠᠶᠢᠳᠠᠯ ᠢ ᠲᠣᠪᠴᠢ ᠲᠠᠨᠢᠯᠴᠠᠭᠤᠯᠤᠭᠰᠠᠨ ᠪᠥᠭᠡᠳ ᠬᠤᠶᠠᠷ ᠭᠠᠵᠠᠷ ᠤᠨ ᠰᠤᠷᠭᠠᠨ ᠬᠥᠮᠦᠵᠢᠯ ᠤᠨ

ᠬᠠᠮᠲᠤᠷᠠᠯᠴᠠᠭᠠᠨ ᠤ ᠪᠠᠶᠢᠳᠠᠯ ᠢ ᠡᠷᠭᠢᠴᠡᠭᠦᠯᠵᠦ᠂ ᠸᠠᠩ ᠮᠢᠨ ᠱᠠᠨᠰᠢ ᠮᠤᠵᠢ ᠶᠢᠨ ᠰᠤᠷᠭᠠᠨ ᠬᠥᠮᠦᠵᠢᠯ ᠤᠨ

ᠲᠢᠩᠬᠢᠮ ᠤᠨ ᠣᠯᠠᠨ ᠵᠢᠯ ᠤᠨ ᠲᠤᠷᠰᠢ ᠥᠪᠥᠷ ᠮᠣᠩᠭᠤᠯ ᠤᠨ ᠰᠤᠷᠭᠠᠨ ᠬᠥᠮᠦᠵᠢᠯ ᠢ ᠳᠡᠮᠵᠢᠭᠰᠡᠨ ᠳᠤ ᠲᠠᠯᠠᠷᠬᠠᠵᠤ

ᠪᠠᠶᠢᠬᠤ ᠪᠠᠨ ᠢᠯᠡᠳᠬᠡᠵᠦ᠂ ᠬᠤᠶᠠᠷ ᠲᠠᠯ᠎ᠠ ᠪᠠᠷ ᠢᠶᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ

ᠪᠦᠲᠦᠭᠡᠯ ᠢ ᠤᠯᠠᠷᠢᠭᠤᠯᠬᠤ᠂ ᠪᠠᠭᠰᠢ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠡᠩ ᠤᠨ ᠳᠡᠭᠡᠳᠦ ᠰᠤᠷᠭᠠᠭᠤᠯᠢ ᠳᠤ

ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ᠂ ᠣᠯᠠᠨ ᠤᠯᠤᠰ ᠤᠨ

ᠰᠣᠯᠢᠯᠴᠠᠭ᠎ᠠ ᠬᠠᠮᠲᠤᠷᠠᠯᠴᠠᠭ᠎ᠠ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠨ ᠶᠠᠷᠢᠯᠴᠠᠪᠠ᠃

      ᠱᠠᠨᠰᠢ ᠥᠪᠥᠷ ᠮᠣᠩᠭᠤᠯ ᠬᠥᠷᠰᠢᠯᠡᠵᠦ᠂ ᠬᠠᠷᠢᠯᠴᠠᠨ ᠬᠠᠪᠰᠤᠷᠴᠤ᠂ ᠣᠶᠢᠷ᠎ᠠ ᠶᠢᠨ ᠵᠢᠯ᠂ ᠥᠪᠥᠷ

ᠮᠣᠩᠭᠤᠯ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ

ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ

ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ

ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠ ᠵᠢᠱᠢᠶᠡᠴᠢ ᠥᠪᠡᠷᠲᠡᠭᠡᠨ ᠵᠠᠰᠠᠬᠤ

ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠲᠠᠢ ᠨᠢᠭᠲᠠ ᠤᠶᠠᠯᠳᠤᠭᠤᠯᠤᠨ᠂

︽ᠲᠥᠷᠥ ᠶᠢᠨ ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠤᠨ ᠴᠢᠨᠠᠷᠯᠢᠭ ᠬᠥᠭᠵᠢᠯᠲᠡ ᠶᠢ ᠠᠬᠢᠭᠤᠯᠵᠤ ᠳᠤᠮᠳᠠᠳᠤ

ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠤᠨ

ᠠᠵᠠ ᠲᠣᠬᠢᠶᠠᠯ ᠢ ᠡᠵᠡᠮᠳᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ

ᠬᠥᠮᠦᠵᠢᠯ᠂ ᠰᠠᠭᠤᠷᠢ ᠰᠤᠷᠭᠠᠨ ᠬᠥᠮᠦᠵᠢᠯ ᠵᠡᠷᠭᠡ ᠬᠦᠷᠢᠶᠡᠨ ᠳᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠵᠢᠯᠯᠠᠭ᠎ᠠ

ᠥᠷᠨᠢᠭᠦᠯᠵᠦ᠂ ᠱᠠᠨᠰᠢ ᠮᠤᠵᠢ ᠰᠤᠷᠭᠠᠨ ᠬᠥᠮᠦᠵᠢᠯ ᠤᠨ ᠬᠦᠴᠦᠷᠬᠡᠭ ᠮᠤᠵᠢ ᠪᠣᠯᠤᠭᠰᠠᠨ ᠤ ᠬᠤᠪᠢ  ᠳᠤ᠂ ᠰᠠᠭᠤᠷᠢ

ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠵᠡᠷᠭᠡ ᠲᠠᠯ᠎ᠠ ᠪᠠᠷ ᠡᠯᠪᠡᠭ ᠪᠠᠶᠠᠯᠢᠭ

ᠲᠤᠷᠰᠢᠯᠭ᠎ᠠ ᠲᠠᠢ ᠶᠤᠮ᠃ 2022 ᠣᠨ ᠤ 8 ᠰᠠᠷ᠎ᠠ ᠳᠤ᠂ ᠱᠠᠨᠰᠢ ᠮᠤᠵᠢ ᠶᠢᠨ ᠰᠤᠷᠭᠠᠨ ᠬᠥᠮᠦᠵᠢᠯ ᠤᠨ ᠲᠢᠩᠬᠢᠮ

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠲᠠᠢ ︽ᠰᠤᠷᠭᠠᠨ

ᠬᠥᠮᠦᠵᠢᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠴᠠᠬᠤᠪᠴᠢ ᠬᠡᠯᠡᠯᠴᠡᠭᠡᠷ︾ ᠲᠤ ᠭᠠᠷ ᠤᠨ ᠦᠰᠦᠭ ᠵᠢᠷᠤᠵᠤ᠂

ᠬᠤᠶᠠᠷ ᠭᠠᠵᠠᠷ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠴᠢᠳᠠᠪᠤᠷᠢᠲᠠᠨ ᠢ ᠬᠥᠮᠦᠵᠢᠭᠦᠯᠬᠦ᠂ ᠰᠢᠨᠵᠢᠯᠡᠭᠡᠨ ᠤ

ᠰᠠᠯᠠᠭᠠᠨ ᠤ ᠪᠠᠶᠢᠭᠤᠯᠤᠯᠲᠠ᠂ ᠡᠷᠳᠡᠮ ᠰᠢᠨᠵᠢᠯᠡᠭᠡᠨ ᠤ ᠬᠠᠮᠲᠤᠷᠠᠯᠴᠠᠭ᠎ᠠ᠂ ᠰᠤᠷᠭᠠᠭᠤᠯᠢ ᠪᠠ ᠣᠷᠣᠨ ᠨᠤᠲᠤᠭ ᠤᠨ

ᠬᠠᠮᠲᠤᠷᠠᠯᠴᠠᠭ᠎ᠠ ᠵᠡᠷᠭᠡ ᠲᠠᠯ᠎ᠠ ᠪᠠᠷ ᠦᠷᠭᠦᠯᠵᠢᠯᠡᠨ ᠥᠷᠭᠡᠨ ᠳᠡᠯᠭᠡᠷ ᠬᠠᠮᠲᠤᠷᠠᠯᠴᠠᠭ᠎ᠠ ᠥᠷᠨᠢᠭᠦᠯᠵᠦ᠂ ᠠᠯᠢ ᠣᠯᠠᠨ

ᠦᠷ᠎ᠡ ᠪᠦᠲᠦᠭᠡᠯ ᠣᠯᠵᠤ᠂ ᠣᠳᠣ ᠪᠣᠯᠲᠠᠯ᠎ᠠ᠂ ᠱᠠᠨᠰᠢ ᠥᠪᠥᠷ ᠮᠣᠩᠭᠤᠯ ᠤᠨ 7 ᠳᠡᠭᠡᠳᠦ ᠰᠤᠷᠭᠠᠭᠤᠯᠢ ᠬᠠᠮᠵᠢᠯᠴᠠᠨ

ᠬᠤᠷᠰᠢᠶᠠᠯᠠᠬᠤ ᠬᠠᠷᠢᠴᠠᠭ᠎ᠠ ᠪᠠᠶᠢᠭᠤᠯᠪᠠ᠃

      ᠳᠠᠷᠠᠭ᠎ᠠ ᠠᠯᠬᠤᠮ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ

ᠲᠢᠩᠬᠢᠮ ᠬᠡᠯᠡᠯᠴᠡᠭᠡᠷ ᠤᠨ ᠡᠭᠦᠷᠭᠡ ᠪᠠ ᠱᠠᠭᠠᠷᠳᠠᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠬᠤᠶᠠᠷ ᠭᠠᠵᠠᠷ ᠤᠨ

ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ  ᠤ ᠲᠤᠰᠬᠠᠢ ᠮᠡᠷᠭᠡᠵᠢᠯ ᠤᠨ ᠪᠠᠶᠢᠭᠤᠯᠤᠯᠲᠠ᠂ ᠰᠤᠷᠭᠠᠨ

ᠬᠥᠮᠦᠵᠢᠯ ᠵᠢᠭᠠᠨ ᠰᠤᠷᠭᠠᠯᠲᠠ᠂ ᠦᠢᠯᠡᠳᠪᠦᠷᠢᠯᠡᠬᠦ ᠰᠤᠷᠤᠯᠴᠠᠬᠤ ᠰᠣᠳᠤᠯᠬᠤ ᠬᠡᠷᠡᠭᠯᠡᠬᠦ ᠶᠢ ᠨᠢᠭᠡ ᠴᠣᠭᠴᠠᠵᠢᠭᠤᠯᠬᠤ

ᠵᠡᠷᠭᠡ ᠲᠠᠯ᠎ᠠ ᠪᠠᠷ ᠭᠦᠨᠵᠡᠭᠡᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠤᠨ᠎ᠠ᠃ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠰᠠᠭᠤᠷᠢ ᠰᠤᠷᠭᠠᠨ ᠬᠥᠮᠦᠵᠢᠯ ᠤᠨ ᠬᠦᠷᠢᠶᠡᠨ ᠳᠠᠬᠢ ᠬᠠᠮᠲᠤᠷᠠᠯᠴᠠᠭ᠎ᠠ ᠶᠢ

ᠤᠯᠠᠮ ᠨᠢᠭᠡ ᠠᠯᠬᠤᠮ ᠴᠢᠩᠭᠠᠳᠬᠠᠵᠤ᠂ ᠬᠠᠮᠲᠤᠷᠠᠯᠴᠠᠭᠠᠨ ᠤ ᠭᠤᠣᠯᠳᠠᠯᠭ᠎ᠠ ᠲᠠᠢ ᠲᠥᠷᠥᠯ ᠵᠦᠢᠯ ᠢ ᠢᠳᠡᠪᠬᠢᠲᠡᠢ

ᠲᠥᠯᠥᠪᠵᠢᠭᠦᠯᠵᠦ᠂ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠤᠨ᠎ᠠ᠃

   

2.webp.jpg

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠠᠮᠢᠶ᠎ᠠ

ᠪᠦᠬᠦᠢ ᠭᠠᠵᠠᠷ ᠲᠠᠰᠤᠭ ᠵᠢᠴᠢ ᠱᠠᠨᠰᠢ ᠮᠤᠵᠢ ᠶᠢᠨ ᠰᠤᠷᠭᠠᠨ ᠬᠥᠮᠦᠵᠢᠯ ᠤᠨ ᠲᠢᠩᠬᠢᠮ ᠤᠨ ᠬᠡᠰᠡᠭ ᠭᠠᠵᠠᠷ

ᠲᠠᠰᠤᠭ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map