ᠪᠦᠬᠦ ᠣᠷᠣᠨ ᠤ ᠡᠩ ᠤᠨ ᠳᠡᠭᠡᠳᠦ ᠰᠤᠷᠭᠠᠭᠤᠯᠢ ᠶᠢᠨ ᠪᠠᠭᠰᠢ ᠶᠢᠨ ᠲᠥᠷᠥᠯ ᠤᠨ ᠲᠤᠰᠬᠠᠢ ᠮᠡᠷᠭᠡᠵᠢᠯ ᠢ ᠭᠡᠷᠡᠴᠢᠯᠡᠬᠦ ᠳᠡᠭᠡᠳᠦ ᠵᠡᠷᠭᠡ ᠶᠢᠨ ᠰᠤᠳᠤᠯᠤᠨ ᠰᠤᠷᠤᠯᠴᠠᠬᠤ ᠠᠩᠭᠢ ᠶᠢ ᠱᠠᠨᠰᠢ ᠪᠠᠭᠰᠢ ᠶᠢᠨ ᠶᠡᠭᠡ ᠰᠤᠷᠭᠠᠭᠤᠯᠢ ᠳᠤ ᠡᠷᠬᠢᠯᠡᠪᠡ
ᠨᠡᠶᠢᠲᠡᠯᠡᠭᠰᠡᠨ ᠴᠠᠭ᠄
2024/4/2
      3 ᠳ᠋ᠤᠭᠠᠷ ᠰᠠᠷ᠎ᠠ ᠶᠢᠨ 29 - 31 ᠤ ᠡᠳᠦᠷ᠂ ᠪᠦᠬᠦ ᠣᠷᠣᠨ ᠤ ᠡᠩ ᠤᠨ ᠳᠡᠭᠡᠳᠦ ᠰᠤᠷᠭᠠᠭᠤᠯᠢ ᠶᠢᠨ ᠪᠠᠭᠰᠢ ᠶᠢᠨ ᠲᠥᠷᠥᠯ ᠤᠨ ᠲᠤᠰᠬᠠᠢ ᠮᠡᠷᠭᠡᠵᠢᠯ ᠢ ᠭᠡᠷᠡᠴᠢᠯᠡᠬᠦ ᠳᠡᠭᠡᠳᠦ ᠵᠡᠷᠭᠡ ᠶᠢᠨ ᠰᠤᠳᠤᠯᠤᠨ ᠰᠤᠷᠤᠯᠴᠠᠬᠤ ᠠᠩᠭᠢ ᠶᠢ ᠱᠠᠨᠰᠢ ᠪᠠᠭᠰᠢ ᠶᠢᠨ ᠶᠡᠭᠡ ᠰᠤᠷᠭᠠᠭᠤᠯᠢ ᠳᠤ ᠡᠷᠬᠢᠯᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ  ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ  ᠤᠨ ᠳᠡᠳ᠋ ᠳᠠᠷᠤᠭ᠎ᠠ ᠸᠠᠩ ᠮᠢᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠱᠠᠨᠰᠢ ᠪᠠᠭᠰᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠵᠠᠬᠢᠷᠤᠯ ᠴᠧᠨ ᠰᠢᠨ ᠪᠢᠩ ᠶᠣᠰᠣᠯᠠᠯ ᠳᠤ ᠣᠷᠣᠯᠴᠠᠭᠰᠠᠨ ᠪᠥᠭᠡᠳ ᠤᠭᠲᠤᠬᠤ ᠦᠭᠡ ᠬᠡᠯᠡᠪᠡ᠃   

1.jpg

      ᠬᠤᠷᠠᠯ ᠠᠴᠠ᠂ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ

ᠡᠭᠦᠷᠭᠡᠯᠡᠯ ᠢᠶᠠᠨ ᠴᠢᠩᠭᠠᠳᠬᠠᠨ᠂ ᠪᠠᠭᠰᠢ ᠶᠢᠨ ᠲᠥᠷᠥᠯ ᠤᠨ ᠲᠤᠰᠬᠠᠢ ᠮᠡᠷᠭᠡᠵᠢᠯ ᠢ ᠭᠡᠷᠡᠴᠢᠯᠡᠬᠦ ᠠᠵᠢᠯ ᠤᠨ

ᠲᠤᠯᠭᠠᠮ᠎ᠠ ᠴᠢᠨᠠᠷ᠂ ᠴᠢᠬᠤᠯᠠ ᠴᠢᠨᠠᠷ ᠢ ᠵᠥᠪ ᠢᠶᠠᠷ ᠲᠠᠨᠢᠵᠤ᠂ ᠮᠠᠨ ᠤ ᠣᠷᠣᠨ ᠤ ᠪᠠᠭᠰᠢ ᠶᠢᠨ ᠲᠥᠷᠥᠯ ᠤᠨ

ᠲᠤᠰᠬᠠᠢ ᠮᠡᠷᠭᠡᠵᠢᠯ ᠢ ᠬᠡᠷᠡᠴᠢᠯᠡᠬᠦ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠲᠠᠰᠤᠷᠠᠯᠲᠠ ᠥᠬᠡᠶ

ᠠᠬᠢᠭᠤᠯᠬᠤ ᠬᠡᠷᠡᠭᠲᠡᠢ᠃ ᠬᠤᠶᠠᠷ ᠲᠤ᠂ ᠭᠡᠷᠡᠴᠢᠯᠡᠬᠦ ᠠᠵᠢᠯ ᠤᠨ ᠬᠠᠷᠠᠯᠲᠠ ᠪᠠ ᠱᠠᠭᠠᠷᠳᠠᠯᠭ᠎ᠠ ᠶᠢ ᠣᠨᠣᠪᠴᠢᠲᠠᠢ

ᠡᠵᠡᠮᠳᠡᠨ᠂ ᠭᠡᠷᠡᠴᠢᠯᠡᠬᠦ ᠠᠵᠢᠯ ᠤᠨ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠦᠨᠡᠯᠡᠯᠲᠡ ᠪᠠᠷ

ᠥᠭᠡᠷᠡᠴᠢᠯᠡᠯᠲᠡ ᠶᠢ ᠠᠬᠢᠭᠤᠯᠬᠤ᠂ ᠦᠨᠡᠯᠡᠯᠲᠡ ᠪᠠᠷ ᠪᠠᠶᠢᠭᠤᠯᠤᠯᠲᠠ ᠶᠢ ᠠᠬᠢᠭᠤᠯᠬᠤ᠂ ᠦᠨᠡᠯᠡᠯᠲᠡ  ᠪᠠᠷ

ᠬᠦᠴᠦᠷᠬᠡᠭ ᠢ ᠠᠬᠢᠭᠤᠯᠬᠤ ᠶᠢ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠨᠢᠭᠡᠳᠦᠯᠲᠡᠢ ᠲᠥᠯᠥᠪᠯᠡᠨ

ᠵᠣᠬᠢᠴᠠᠭᠤᠯᠬᠤ ᠶᠢ ᠴᠢᠩᠭᠠᠳᠬᠠᠵᠤ᠂ ᠠᠵᠢᠯ ᠤᠨ ᠠᠷᠭ᠎ᠠ ᠶᠢ ᠰᠢᠯᠢᠳᠡᠭᠵᠢᠭᠦᠯᠦᠨ ᠰᠠᠶᠢᠵᠢᠷᠠᠭᠤᠯᠵᠤ᠂ ᠪᠠᠭᠰᠢ ᠶᠢᠨ

ᠲᠥᠷᠥᠯ ᠤᠨ ᠴᠢᠳᠠᠪᠤᠷᠢᠲᠠᠨ ᠢ ᠬᠥᠮᠦᠵᠢᠭᠦᠯᠬᠦ ᠴᠢᠨᠠᠷ ᠴᠢᠨᠰᠠᠭ᠎ᠠ ᠶᠢ ᠴᠢᠷᠮᠠᠶᠢᠨ ᠳᠡᠭᠡᠭᠰᠢᠯᠡᠭᠦᠯᠵᠦ᠂ ᠰᠠᠭᠤᠷᠢ ᠰᠤᠷᠭᠠᠨ

ᠬᠥᠮᠦᠵᠢᠯ ᠤᠨ ᠥᠭᠡᠷᠡᠴᠢᠯᠡᠯᠲᠡ ᠬᠥᠭᠵᠢᠭᠦᠯᠦᠯᠲᠡ ᠳᠤ ᠬᠦᠴᠦᠲᠡᠢ ᠪᠠᠭᠰᠢ ᠶᠢᠨ ᠡᠩᠨᠡᠭᠡᠨ ᠤ ᠪᠠᠲᠤᠯᠠᠭ᠎ᠠ ᠶᠢ

ᠬᠠᠩᠭᠠᠬᠤ ᠬᠡᠷᠡᠭᠲᠡᠢ ᠭᠡᠵᠦ ᠱᠠᠭᠠᠷᠳᠠᠪᠠ᠃

      ᠡᠨᠡ ᠤᠳᠠᠭᠠᠨ ᠤ ᠪᠣᠯᠪᠠᠰᠤᠷᠠᠯ ᠳᠤ ᠪᠦᠬᠦ ᠤᠯᠤᠰ ᠤᠨ ᠪᠠᠭᠰᠢ ᠶᠢᠨ ᠰᠤᠷᠭᠠᠨ ᠬᠥᠮᠦᠵᠢᠯ ᠤᠨ

ᠬᠦᠷᠢᠶᠡᠨ ᠳᠠᠬᠢ ᠲᠤᠰᠬᠠᠢ ᠮᠡᠷᠭᠡᠵᠢᠯᠲᠡᠨ ᠢ ᠤᠷᠢᠵᠤ ᠬᠢᠴᠢᠶᠡᠯ ᠣᠷᠣᠭᠤᠯᠤᠨ᠂ ᠲᠤᠰᠬᠠᠢ ᠰᠡᠳᠦᠪᠲᠦ ᠲᠠᠶᠢᠯᠤᠮᠵᠢ

ᠬᠢᠬᠦ᠂ ᠠᠬᠤᠢ ᠲᠠᠯᠠᠪᠠᠢ ᠶᠢᠨ ᠵᠢᠭᠠᠨ ᠰᠤᠷᠭᠠᠯᠲᠠ᠂ ᠬᠡᠷᠡᠭ ᠤᠨ ᠵᠢᠱᠢᠶ᠎ᠡ ᠶᠢ ᠵᠠᠳᠠᠯᠬᠤ᠂ ᠬᠠᠮᠲᠤ ᠳᠤ ᠪᠠᠨ ᠰᠤᠳᠤᠯᠤᠨ

ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠣᠯᠪᠠᠰᠤᠷᠠᠯ ᠤᠨ ᠦᠷ᠎ᠡ ᠪᠦᠲᠦᠮᠵᠢ ᠶᠢ ᠬᠦᠴᠦᠯᠡᠨ

ᠳᠡᠭᠡᠭᠰᠢᠯᠡᠭᠦᠯᠪᠡ᠃ ᠬᠤᠯᠪᠣᠭᠳᠠᠯ ᠪᠦᠬᠦᠢ ᠶᠡᠭᠡ ᠳᠡᠭᠡᠳᠦ ᠰᠤᠷᠭᠠᠭᠤᠯᠢ ᠶᠢᠨ ᠬᠤᠪᠢᠳᠠᠨ ᠬᠠᠮᠢᠶᠠᠷᠴᠤ ᠪᠠᠶᠢᠭ᠎ᠠ

ᠰᠤᠷᠭᠠᠭᠤᠯᠢ ᠶᠢᠨ ᠤᠳᠤᠷᠢᠳᠤᠯᠭ᠎ᠠ᠂ ᠬᠢᠴᠢᠶᠡᠯ ᠬᠥᠮᠦᠵᠢᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ

ᠳᠡᠭᠡᠳᠦ ᠰᠤᠷᠭᠠᠭᠤᠯᠢ ᠰᠠᠯᠪᠤᠷᠢ ︵ᠲᠤᠰᠬᠠᠢ ᠮᠡᠷᠭᠡᠵᠢᠯ︶ ᠶᠢᠨ ᠬᠠᠷᠢᠭᠤᠴᠠᠯᠭᠠᠲᠠᠨ104 ᠬᠥᠮᠦᠨ ᠪᠣᠯᠪᠠᠰᠤᠷᠠᠯ ᠳᠤ

ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map