2024 ᠣᠨ ᠤ ᠥᠪᠥᠷ ᠮᠣᠩᠭᠤᠯ ᠤᠨ ︽ᠰᠦᠯᠵᠢᠶᠡᠨ ᠳᠤ ᠦᠷᠡᠭᠳᠡᠭᠰᠡᠨ ᠪᠠᠭᠠᠲᠤᠷᠴᠤᠳ ᠢᠶᠠᠨ ᠲᠤᠷᠠᠰᠬᠠᠬᠤ︾ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/4/2
      ᠬᠠᠩᠰᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠦᠢᠯᠡᠳᠦᠯᠭᠡ ᠰᠡᠳᠬᠦᠯ ᠤᠨ ᠬᠤᠷᠢᠶ᠎ᠠ᠂ ᠥᠪᠥᠷ ᠮᠣᠩᠭᠤᠯ ᠤᠨ ᠪᠣᠯᠪᠠᠰᠤᠨ ᠰᠦᠯᠵᠢᠶ᠎ᠡ ᠲᠠᠢ ᠬᠠᠮᠲᠤᠷᠠᠨ ︽ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠳᠠᠬᠢᠵᠤ᠂ ᠳᠤᠮᠳᠠᠳᠤ ᠶᠢᠨ ᠰᠦᠭ ᠢ ᠬᠠᠮᠲᠤ ᠳᠤ ᠪᠠᠨ ᠪᠠᠬᠢᠵᠢᠭᠦᠯᠬᠦ︾ ᠪᠠᠷ ᠭᠤᠣᠯ ᠰᠡᠳᠦᠪ ᠪᠣᠯᠭᠠᠭᠰᠠᠨ ︽ᠰᠦᠯᠵᠢᠶᠡᠨ ᠳᠤ ᠦᠷᠡᠭᠳᠡᠭᠰᠡᠨ ᠪᠠᠭᠠᠲᠤᠷᠴᠤᠳ ᠢᠶᠠᠨ ᠲᠠᠬᠢᠬᠤ︾ ᠠᠵᠢᠯᠯᠠᠭ᠎ᠠ ᠶᠢ ᠥᠷᠨᠢᠭᠦᠯᠪᠡ᠃ ᠲᠡᠦᠬᠡ ᠶᠢ ᠪᠠᠲᠤ ᠴᠡᠭᠡᠵᠢᠯᠡᠵᠦ᠂ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠤᠨ ᠡᠷᠬᠢᠮ ᠳᠡᠭᠡᠳᠦ ᠵᠣᠷᠢᠭ ᠰᠠᠨᠠᠭ᠎ᠠ ᠪᠠᠷ ᠰᠡᠳᠬᠢᠯ  ᠢᠶᠠᠨ ᠤᠮᠳᠠᠯᠠᠵᠤ᠂ ᠦᠷᠡᠭᠳᠡᠭᠰᠡᠨ ᠪᠠᠭᠠᠲᠤᠷᠴᠤᠳ ᠤᠨ ᠨᠤᠭᠤᠷᠠᠰᠢ ᠦᠭᠡᠢ᠂ ᠵᠣᠷᠢᠭᠲᠠᠢ ᠬᠠᠷᠢᠭᠤᠴᠠᠯᠭ᠎ᠠ ᠡᠭᠦᠷᠭᠡᠯᠡᠬᠦ᠂ ᠦᠷᠡᠭᠳᠡᠬᠦ ᠠᠴᠠ ᠠᠶᠤᠬᠤ ᠦᠭᠡᠢ᠂ ᠬᠠᠷᠠᠮ ᠦᠭᠡᠢ ᠵᠣᠷᠢᠭᠤᠯᠬᠤ ᠬᠤᠪᠢᠰᠬᠠᠯᠲᠤ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠦᠨ᠎ᠡ᠃        ᠳᠣᠣᠷᠠᠬᠢ ᠬᠤᠶᠠᠷ ᠬᠡᠮᠵᠢᠯᠳᠦ ᠺᠣᠳ᠋ ᠢ ᠰᠢᠷᠪᠢᠵᠦ        ᠡᠰᠡᠬᠦᠯ᠎ᠡ ᠵᠡᠭᠦᠨ ᠳᠣᠣᠷ᠎ᠠ ᠥᠨᠴᠥᠭ ᠤᠨ ︽ᠤᠭ ᠵᠣᠬᠢᠶᠠᠯ ᠢ ᠤᠩᠰᠢᠬᠤ︾ ᠢ ᠳᠣᠶ᠋ᠢᠵᠤ        2024 ᠣᠨ ᠤ ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ        ᠳᠠᠬᠢᠬᠤ ᠠᠵᠢᠯᠯᠠᠭ᠎ᠠ ᠭᠡᠬᠦ ᠨᠢᠭᠤᠷ ᠲᠤ ᠣᠷᠣᠵᠤ        ᠦᠷᠡᠭᠳᠡᠭᠰᠡᠨ ᠪᠠᠭᠠᠲᠤᠷᠴᠤᠳ ᠲᠤ ᠪᠠᠨ ᠴᠡᠴᠡᠭ ᠬᠦᠷᠭᠡᠵᠦ ᠬᠦᠨᠳᠦᠳᠬᠡᠯ ᠳᠡᠪᠰᠢᠭᠦᠯᠰᠦᠭᠡᠢ      

1.webp.jpg

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map