ᠥᠪᠥᠷ ᠮᠣᠩᠭᠤᠯ ᠤᠨ ᠬᠤᠳᠠᠯᠳᠤᠭ᠎ᠠ ᠠᠷᠠᠯᠵᠢᠶᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠡᠭᠡᠳᠦ ᠳᠡᠰ ᠤᠨ ᠴᠢᠳᠠᠪᠤᠷᠢᠲᠠᠨ ᠢᠶᠠᠷ ᠣᠷᠣᠭᠤᠯᠤᠨ ᠠᠪᠴᠢᠷᠠᠬᠤ ᠪᠠᠷ ᠪᠠᠶᠢᠭ᠎ᠠ ᠨᠡᠷᠡᠰ ᠢ ᠢᠯᠡ ᠨᠡᠶᠢᠲᠡᠯᠡᠬᠦ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/4/22
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠰᠢᠯᠵᠢᠭᠦᠯᠬᠦ ᠬᠡᠷᠡᠭᠵᠢᠭᠦᠯᠬᠦ ᠠᠷᠭ᠎ᠠ︾ ︵ᠥᠪᠥᠷ ᠵᠠᠰᠠᠭ ᠲᠠᠷᠬᠠᠭᠠᠭᠰᠠᠨ ﹇2017﹈ 77 ᠳ᠋ᠤᠭᠠᠷ           ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠠᠵᠢᠯ ᠦᠢᠯᠡᠰ ᠤᠨ ᠨᠢᠭᠡᠴᠢ ᠶᠢᠨ ︿ᠰᠠᠭᠠᠳ ᠦᠭᠡᠢ ᠨᠡᠪᠲᠡᠷᠡᠬᠦ ᠵᠠᠮ﹀ ᠪᠠᠷ ᠣᠷᠣᠭᠤᠯᠤᠨ ᠠᠪᠴᠢᠷᠠᠬᠤ ᠶᠢ ᠳᠠᠩᠰᠠᠯᠠᠬᠤ ᠳᠦᠷᠢᠮ ᠤᠨ ᠬᠤᠯᠪᠣᠭᠳᠠᠯ ᠪᠦᠬᠦᠢ ᠵᠦᠢᠯ ᠤᠨ ᠲᠤᠬᠠᠢ ᠮᠡᠳᠡᠭᠳᠡᠯ︾ ︵ᠥᠪᠥᠷ ᠬᠥᠮᠦᠨ ᠤ ᠬᠦᠴᠦᠨ ᠨᠡᠶᠢᠭᠡᠮ ᠲᠠᠷᠬᠠᠭᠠᠭᠰᠠᠨ ﹇2022﹈ 78 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠥᠷ ᠮᠣᠩᠭᠤᠯ ᠤᠨ ᠬᠤᠳᠠᠯᠳᠤᠭ᠎ᠠ ᠠᠷᠠᠯᠵᠢᠶᠠᠨ  ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠯᠪᠠᠨ ᠵᠠᠷᠯᠠᠯ᠂ ᠨᠡᠷ᠎ᠡ ᠮᠡᠳᠡᠭᠦᠯᠵᠦ ᠬᠢᠨᠠᠨ ᠪᠠᠶᠢᠴᠠᠭᠠᠬᠤ ᠶᠢ ᠵᠣᠬᠢᠶᠠᠨ ᠪᠠᠶᠢᠭᠤᠯᠬᠤ᠂ ᠲᠤᠰᠬᠠᠢ ᠮᠡᠷᠭᠡᠵᠢᠯᠲᠡᠨ ᠦᠨᠡᠯᠡᠨ ᠵᠢᠱᠢᠬᠦ᠂ ᠪᠠᠶᠢᠴᠠᠭᠠᠬᠤ᠂ ᠪᠡᠶ᠎ᠡ ᠶᠢᠨ ᠪᠠᠶᠢᠴᠠᠭᠠᠯᠲᠠ ᠬᠢᠬᠦ ᠵᠡᠷᠭᠡ ᠳᠡᠰ ᠳᠠᠷᠠᠭᠠᠯᠠᠯ ᠢ ᠨᠡᠶᠢᠲᠡᠯᠡᠵᠦ᠂ ᠣᠷᠣᠭᠤᠯᠤᠨ ᠠᠪᠴᠢᠷᠠᠬᠤ ᠪᠠᠷ ᠪᠠᠶᠢᠭ᠎ᠠ ᠴᠢᠳᠠᠪᠤᠷᠢᠲᠠᠨ  ᠤ ᠬᠡᠪᠴᠢᠶᠡᠨ ᠳᠤ 1 ᠬᠥᠮᠦᠨ ᠣᠷᠣᠵᠤ᠂ ᠡᠳᠦᠭᠡ ᠣᠷᠣᠭᠤᠯᠤᠨ ᠠᠪᠴᠢᠷᠠᠬᠤ ᠪᠠᠷ ᠪᠠᠶᠢᠭ᠎ᠠ ᠳᠡᠭᠡᠳᠦ ᠳᠡᠰ ᠤᠨ ᠴᠢᠳᠠᠪᠤᠷᠢᠲᠠᠨ ᠢ ᠢᠯᠡ ᠨᠡᠶᠢᠲᠡᠯᠡᠪᠡ᠃      ᠨᠢᠭᠡ᠂ ᠢᠯᠡ ᠨᠡᠶᠢᠲᠡᠯᠡᠬᠦ ᠡᠲᠡᠭᠡᠳ      ᠸᠧᠨ ᠹᠠᠩ᠂ ᠡᠮᠡᠭᠲᠡᠢ᠂ 1991 ᠣᠨ ᠤ 8 ᠰᠠᠷ᠎ᠠ᠂ ᠳ᠋ᠣᠺᠲ᠋ᠣᠷᠠᠨᠲ᠂ ᠥᠪᠥᠷ ᠮᠣᠩᠭᠤᠯ ᠤᠨ  ᠬᠤᠳᠠᠯᠳᠤᠭ᠎ᠠ ᠠᠷᠠᠯᠵᠢᠶᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠢᠳᠡᠭᠡᠨ ᠤᠮᠳᠠᠭᠠᠨ ᠤ ᠰᠠᠯᠪᠤᠷᠢ ᠶᠢᠨ ᠲᠤᠰᠬᠠᠢ ᠪᠠᠭᠰᠢ ᠶᠢᠨ ᠠᠵᠢᠯ ᠤᠨ ᠪᠠᠶᠢᠷᠢ ᠳᠤ ᠤᠷᠢᠬᠤ ᠪᠠᠷ ᠲᠥᠯᠥᠪᠯᠡᠵᠦ ᠪᠤᠢ᠃      ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ      2024 ᠣᠨ ᠤ 4 ᠰᠠᠷ᠎ᠠ ᠶᠢᠨ 18 - 2024 ᠣᠨ ᠤ 4 ᠰᠠᠷ᠎ᠠ ᠶᠢᠨ 24 ᠤ ᠡᠳᠦᠷ      ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ      ᠨᠢᠭᠡᠴᠢ ᠪᠠ ᠬᠤᠪᠢ ᠬᠥᠮᠦᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ  ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠳ ᠤᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠂ ᠮᠠᠲ᠋ᠧᠷᠢᠶᠠᠯ ᠳᠤ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠴᠢᠬᠤᠯᠠᠲᠠᠢ᠂ ᠬᠤᠪᠢ ᠬᠥᠮᠦᠨ ᠦᠨᠡᠨ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠠᠷᠭ᠎ᠠ ᠮᠠᠶ᠋ᠢᠭ ᠢᠶᠠᠨ ᠬᠠᠩᠭᠠᠬᠤ ᠴᠢᠬᠤᠯᠠᠲᠠᠢ᠃      ᠬᠦᠯᠢᠶᠡᠨ ᠠᠪᠴᠤ ᠰᠢᠢᠳᠪᠦᠷᠢᠯᠡᠬᠦ ᠴᠠᠭ᠄ ᠦᠳᠡ ᠶᠢᠨ ᠡᠮᠦᠨ᠎ᠡ 9᠄ 00-12᠄ 00᠂      ᠦᠳᠡ ᠶᠢᠨ ᠬᠤᠶᠢᠨ᠎ᠠ 14᠄ 30-17᠄ 00      ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ 0471 - 5279674᠂ 0471 - 5279953          ᠥᠪᠥᠷ ᠮᠣᠩᠭᠤᠯ ᠤᠨ ᠬᠤᠳᠠᠯᠳᠤᠭ᠎ᠠ ᠠᠷᠠᠯᠵᠢᠶᠠᠨ ᠤ          ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ            2024 ᠣᠨ ᠤ 4 ᠰᠠᠷ᠎ᠠ ᠶᠢᠨ 18 ᠤ ᠡᠳᠦᠷ 
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map