2024 ᠣᠨ ᠤ ᠪᠦᠬᠦ ᠣᠷᠣᠨ ᠤ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯᠲᠤ ᠬᠤᠰᠢᠭᠤ ᠰᠢᠶᠠᠨ ᠢᠶᠠᠷ ᠮᠠᠭᠠᠳᠯᠠᠨ ᠳᠣᠭᠲᠠᠭᠠᠭᠰᠠᠨ ᠨᠡᠷᠡᠰ ᠢ ᠮᠡᠳᠡᠭᠦᠯᠬᠦ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2024/4/25
      ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠤᠨ ᠬᠥᠭᠵᠢᠯᠲᠡ ᠶᠢ ᠠᠬᠢᠭᠤᠯᠵᠤ᠂ ᠰᠤᠷᠭᠠᠨ ᠬᠥᠮᠦᠵᠢᠯ ᠤᠨ ᠡᠷᠬᠡ ᠲᠡᠭᠰᠢ ᠶᠢ ᠠᠬᠢᠭᠤᠯᠬᠤ ᠶᠢᠨ ᠲᠥᠯᠥᠭᠡ᠂ ︽ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠳᠦᠷᠢᠮ︾ ᠪᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ  ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠢᠷᠤᠮᠵᠢᠭᠤᠯᠵᠤ ᠬᠥᠭᠵᠢᠭᠦᠯᠬᠦ ᠲᠤᠬᠠᠢ ᠰᠠᠨᠠᠯ ᠤᠳ︾ ᠤᠨ ᠵᠣᠷᠢᠭ ᠰᠠᠨᠠᠭ᠎ᠠ  ᠶᠢ ᠦᠨᠳᠦᠰᠦᠯᠡᠨ᠂ ᠰᠤᠷᠭᠠᠨ ᠬᠥᠮᠦᠵᠢᠯ ᠤᠨ ᠶᠠᠮᠤᠨ ᠤ ᠳᠠᠷᠤᠮᠠᠯᠯᠠᠨ ᠲᠠᠷᠬᠠᠭᠠᠭᠰᠠᠨ ︽ᠰᠢᠶᠠᠨ ᠤ ᠬᠡᠪᠴᠢᠶᠡᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠥᠭᠡᠮᠡᠯ ᠬᠠᠷᠠᠭᠠᠯᠵᠠᠯ ᠬᠦᠷᠲᠡᠭᠡᠬᠦ ᠶᠢ ᠬᠢᠨᠠᠨ ᠵᠢᠯᠣᠭᠤᠳᠴᠤ ᠦᠨᠡᠯᠡᠨ ᠵᠢᠱᠢᠬᠦ ᠠᠷᠭ᠎ᠠ︾ ︵ᠥᠪᠥᠷ ᠰᠤᠷᠭᠠᠨ ᠲᠠᠷᠬᠠᠭᠠᠭᠰᠠᠨ ﹇2020﹈ 3 ᠳ᠋ᠤᠭᠠᠷ           ᠲᠣᠭᠠᠲᠤ︶ ᠶᠣᠰᠣᠭᠠᠷ᠂ ᠰᠢᠶᠠᠨ ᠤ ᠱᠠᠲᠤᠨ ᠳᠤ ᠥᠪᠡᠰᠦᠪᠡᠨ ᠦᠨᠡᠯᠡᠬᠦ᠂ ᠬᠤᠲᠠ ᠶᠢᠨ ᠱᠠᠲᠤᠨ ᠳᠤ ᠠᠩᠬ᠎ᠠ ᠬᠢᠨᠠᠨ ᠳᠣᠭᠲᠠᠭᠠᠬᠤ᠂ ᠥᠪᠡᠷᠲᠡᠭᠡᠨ ᠵᠠᠰᠠᠬᠤ ᠣᠷᠣᠨ ᠦᠨᠡᠯᠡᠬᠦ ᠪᠠ ᠭᠦᠢᠴᠡᠳᠬᠡᠯ ᠲᠤᠭ᠎ᠠ ᠶᠢ ᠬᠢᠨᠠᠨ ᠪᠠᠶᠢᠴᠠᠭᠠᠬᠤ᠂ ᠨᠡᠶᠢᠭᠡᠮ ᠤᠨ ᠮᠡᠳᠡᠷᠡᠮᠵᠢ ᠶᠢ ᠪᠠᠶᠢᠴᠠᠭᠠᠬᠤ᠂ ᠲᠤᠬᠠᠢ ᠶᠢᠨ ᠭᠠᠵᠠᠷ ᠲᠤ ᠨᠢ ᠬᠢᠨᠠᠨ ᠪᠠᠶᠢᠴᠠᠭᠠᠬᠤ᠂ ᠦᠷ᠎ᠡ ᠳ᠋ᠦᠩ ᠢ ᠮᠠᠭᠠᠳᠯᠠᠨ ᠲᠣᠭᠲᠠᠭᠠᠬᠤ ᠵᠡᠷᠭᠡ ᠬᠢᠨᠠᠨ ᠵᠢᠯᠣᠭᠤᠳᠴᠤ ᠦᠨᠡᠯᠡᠨ ᠵᠢᠱᠢᠬᠦ ᠳᠡᠰ ᠳᠠᠷᠠᠭᠠᠯᠠᠯ ᠢᠶᠠᠷ ᠳᠠᠮᠵᠢᠨ᠂ ᠰᠢᠯᠢ ᠶᠢᠨ ᠭᠤᠣᠯ ᠠᠶᠢᠮᠠᠭ ᠤᠨ ᠠᠪᠠᠭ᠎ᠠ ᠬᠤᠰᠢᠭᠤ᠂ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤ᠂ ᠤᠯᠠᠭᠠᠨᠴᠠᠪ ᠬᠤᠲᠠ ᠶᠢᠨ ᠳᠥᠷᠪᠡᠳ ᠬᠤᠰᠢᠭᠤ᠂ ᠱᠠᠩᠳᠤ ᠰᠢᠶᠠᠨ᠂ ᠣᠷᠳᠣᠰ ᠬᠤᠲᠠ ᠶᠢᠨ ᠬᠠᠩᠭᠢᠨ ᠬᠤᠰᠢᠭᠤ᠂ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤ ᠨᠢᠭᠡᠨᠲᠡ ᠥᠪᠡᠷᠲᠡᠭᠡᠨ ᠵᠠᠰᠠᠬᠤ ᠣᠷᠣᠨ ᠤ ᠬᠢᠨᠠᠨ ᠵᠢᠯᠣᠭᠤᠳᠴᠤ ᠦᠨᠡᠯᠡᠨ ᠵᠢᠱᠢᠬᠦ ᠳᠤ ᠬᠢᠷᠢ ᠲᠡᠩᠴᠡᠵᠦ᠂ ︽ᠪᠦᠬᠦ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯᠲᠤ ᠰᠢᠶᠠᠨ︾  ᠢᠶᠠᠷ ᠮᠠᠭᠠᠳᠯᠠᠨ ᠳᠣᠭᠲᠠᠭᠠᠯᠭᠠᠬᠤ ᠪᠠᠷ ᠮᠡᠳᠡᠭᠦᠯᠬᠦ ᠪᠠᠷ ᠪᠣᠢ᠃ ᠢᠯᠡ ᠨᠡᠶᠢᠲᠡᠯᠡᠬᠦ ᠴᠠᠭ 2024 ᠣᠨ ᠤ 4 ᠰᠠᠷ᠎ᠠ ᠶᠢᠨ 22-28 ᠤ ᠡᠳᠦᠷ᠂ ᠢᠯᠡ ᠨᠡᠶᠢᠲᠡᠯᠡᠬᠦ ᠬᠤᠭᠤᠴᠠᠭᠠᠨ ᠳᠤ ᠰᠠᠨᠠᠯ ᠲᠠᠢ ᠪᠣᠯ᠂ ᠤᠲᠠᠰᠤ᠂ ᠢᠮᠧᠯ ᠵᠡᠷᠭᠡ ᠬᠡᠯᠪᠡᠷᠢ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠥᠵᠢᠯ ᠢ ᠬᠢᠨᠠᠨ ᠵᠢᠯᠣᠭᠤᠳᠬᠤ ᠵᠦᠪᠯᠡᠯ ᠤᠨ ᠠᠯᠪᠠᠨ ᠭᠡᠷ ᠪᠤᠶᠤ ᠰᠤᠷᠭᠠᠨ ᠬᠥᠮᠦᠵᠢᠯ ᠤᠨ ᠶᠠᠮᠤᠨ ᠤ ᠬᠢᠨᠠᠨ ᠵᠢᠯᠣᠭᠤᠳᠬᠤ ᠲᠣᠪᠴᠢᠶ᠎ᠠ ᠳᠤ ᠲᠤᠰᠬᠠᠵᠤ ᠪᠣᠯᠤᠨ᠎ᠠ᠃      ᠰᠤᠷᠭᠠᠨ ᠬᠥᠮᠦᠵᠢᠯ ᠤᠨ ᠶᠠᠮᠤᠨ ᠤ ᠬᠢᠨᠠᠨ ᠵᠢᠯᠣᠭᠤᠳᠬᠤ ᠲᠣᠪᠴᠢᠶ᠎ᠠ᠄      ᠤᠲᠠᠰᠤ᠄ 010-66097846   ᠢᠮᠧᠯ᠄ ddbxxc@moe.edu.cn      ᠬᠠᠶ᠋ᠢᠭ᠄ ᠪᠡᠭᠡᠵᠢᠩ ᠬᠤᠲᠠ ᠶᠢᠨ ᠰᠢ ᠴᠧᠩ ᠲᠣᠭᠤᠷᠢᠭ ᠤᠨ ᠳ᠋ᠠ ᠮᠦ ᠼᠠᠩ ᠭᠤᠳᠤᠮᠵᠢ ᠶᠢᠨ 35 ᠳ᠋ᠤᠭᠠᠷ ᠨᠣᠮᠧᠷ ᠰᠤᠷᠭᠠᠨ ᠬᠥᠮᠥᠵᠢᠯ ᠤᠨ ᠶᠠᠮᠤᠨ ᠤ ᠬᠢᠨᠠᠨ ᠵᠢᠯᠣᠭᠤᠳᠬᠤ ᠳᠣᠪᠴᠢᠶ᠎ᠠ ᠶᠢᠨ ᠰᠤᠷᠭᠠᠭᠤᠯᠢ ᠶᠢ ᠬᠢᠨᠠᠨ ᠵᠢᠯᠣᠭᠤᠳᠬᠤ ᠭᠠᠵᠠᠷ ︵100816︶      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠵᠥᠪᠯᠡᠯ ᠤᠨ ᠠᠯᠪᠠᠨ ᠭᠡᠷ᠄      ᠤᠲᠠᠰᠤ᠄ 0471 - 2856903 ᠢᠮᠧᠯ᠄ nmgjytlpy@163.com      ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠢᠩ ᠰᠢᠶᠠᠩ ᠵᠠᠮ ᠤᠨ 5 ᠳ᠋ᠤᠭᠠᠷ ᠨᠣᠮᠧᠷ ᠰᠤᠷᠭᠠᠨ ᠬᠥᠮᠦᠵᠢᠯ ᠤᠨ ᠲᠢᠩᠬᠢᠮ ᠤᠨ ᠬᠢᠨᠠᠨ ᠵᠢᠯᠣᠭᠤᠳᠬᠤ ᠲᠠᠰᠤᠭ ︵010011︶      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ      ᠣᠷᠳᠣᠨ ᠤ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠵᠥᠪᠯᠡᠯ ᠤᠨ ᠠᠯᠪᠠᠨ ᠭᠡᠷ             2024 ᠣᠨ ᠤ 4 ᠰᠠᠷ᠎ᠠ ᠶᠢᠨ 21 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map