ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠪᠡ
ᠨᠡᠶᠢᠲᠡᠯᠡᠭᠰᠡᠨ ᠴᠠᠭ᠄
2024/4/25
      4 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠤᠯᠠᠭᠠᠨᠴᠠᠪ ᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ  ᠤᠨ ᠳᠡᠳ᠋ ᠳᠠᠷᠤᠭ᠎ᠠ ᠵᠠᠩ ᠵᠢᠶᠦ᠋ᠨ ᠰᠢ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ  ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠯᠧᠢ ᠺᠦᠨ ᠣᠷᠣᠯᠴᠠᠪᠠ᠃   

1.webp.jpg

                ᠡᠬᠢᠯᠡᠯᠲᠡ ᠶᠢᠨ ᠶᠣᠰᠣᠯᠠᠯ

      ᠲᠤᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠬᠦᠨᠳᠦ ᠬᠥᠩᠭᠡᠨ ᠪᠡᠶ᠎ᠡ ᠶᠢᠨ ᠲᠡᠮᠢᠷ᠂

ᠰᠠᠭᠰᠤᠨ ᠪᠥᠮᠪᠦᠭᠡ᠂ ᠬᠥᠯ ᠪᠥᠮᠪᠦᠭᠡ᠂ ᠠᠯᠠᠭᠠᠳᠠᠬᠤ ᠪᠥᠮᠪᠦᠭᠡ᠂ ᠫᠢᠡᠭᠫᠠᠨᠭ᠌ ᠪᠥᠮᠪᠦᠭᠡ᠂ ᠲᠣᠣᠷ ᠪᠥᠮᠪᠦᠭᠡ᠂ ᠵᠡᠪᠰᠡᠭ ᠤᠨ

ᠡᠷᠳᠡᠮ᠂ ᠭᠤᠸᠠᠵᠢᠯ ᠬᠢᠮᠨᠠᠰᠲ᠋ᠢᠺ ︵ᠬᠥᠭᠵᠢᠶᠡᠨᠲᠦ ᠪᠡᠶ᠎ᠡ ᠶᠢᠨ ᠲᠠᠮᠢᠷ︶᠂ ᠳᠡᠭᠡᠰᠦ ᠦᠰᠦᠷᠬᠦ᠂ ᠪᠥᠬᠡ ᠵᠡᠷᠭᠡ 10 ᠶᠡᠭᠡ

ᠤᠷᠤᠯᠳᠤᠭᠠᠨ ᠤ ᠵᠦᠢᠯ᠂ 170 ᠪᠠᠭ᠎ᠠ ᠤᠷᠤᠯᠳᠤᠭᠠᠨ ᠤ ᠵᠦᠢᠯ ᠪᠣᠢ᠃ ᠠᠩᠬᠠᠳᠠᠭᠴᠢ ᠤᠳᠠᠭ᠎ᠠ ᠠᠩᠬ᠎ᠠ ᠵᠡᠷᠭᠡ ᠶᠢᠨ 

ᠳᠤᠮᠳᠠᠳᠤ ᠰᠤᠷᠭᠠᠭᠤᠯᠢ ᠶᠢᠨ ᠳᠤᠭᠤᠶᠢᠯᠠᠩ ᠪᠠ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ

ᠬᠤᠪᠢᠶᠠᠭᠰᠠᠨ ᠤ ᠬᠠᠮᠲᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠤᠷ᠎ᠠ ᠴᠢᠳᠠᠪᠤᠷᠢ ᠶᠢᠨ ᠦᠵᠡᠭᠦᠯᠭᠡ ᠶᠢᠨ

ᠠᠵᠢᠯᠯᠠᠭ᠎ᠠ ᠪᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠰᠢᠯᠢᠳᠡᠭ ᠬᠡᠷᠡᠭ ᠤᠨ ᠵᠢᠱᠢᠶ᠎ᠡ ᠶᠢ ᠰᠢᠯᠭᠠᠷᠠᠭᠤᠯᠵᠤ

ᠪᠡᠶ᠎ᠡ ᠶᠢᠨ ᠲᠠᠮᠢᠷ ᠤᠨ ᠴᠤᠭᠯᠠᠭᠠᠨ ᠳᠤ ᠣᠷᠣᠭᠤᠯᠪᠠ᠃ ᠪᠦᠬᠦ ᠣᠷᠣᠨ ᠤ 12 ᠠᠶᠢᠮᠠᠭ ᠬᠤᠲᠠ ᠶᠢᠨ ᠲᠦᠮᠡ

ᠰᠢᠬᠠᠮ ᠪᠠᠭᠰᠢ ᠰᠤᠷᠤᠭᠴᠢ ᠪᠡᠶ᠎ᠡ ᠶᠢᠨ ᠲᠠᠮᠢᠷ ᠤᠨ ᠴᠤᠭᠯᠠᠭᠠᠨ ᠤ ᠡᠯ᠎ᠡ ᠵᠦᠢᠯ ᠤᠨ ᠤᠷᠤᠯᠳᠤᠭᠠᠨ ᠪᠠ

ᠠᠵᠢᠯᠯᠠᠭ᠎ᠠ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠬᠡᠪᠴᠢᠶ᠎ᠡ ᠪᠠᠷ ᠬᠠᠮᠤᠭ ᠤᠨ ᠶᠡᠭᠡ ᠨᠢᠭᠡ

ᠤᠳᠠᠭᠠᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠣᠯᠤᠨ᠎ᠠ᠃

2.png

   

3.webp.jpg

4.webp.jpg

5.webp.jpg

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ

ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠥᠯ ᠪᠥᠮᠪᠦᠭᠡᠨ ︵ᠠᠩᠬ᠎ᠠ ᠵᠡᠷᠭᠡ ᠶᠢᠨ

ᠳᠤᠮᠳᠠᠳᠤ ᠰᠤᠷᠭᠠᠭᠤᠯᠢ ᠶᠢᠨ ᠳᠤᠭᠤᠶᠢᠯᠠᠩ︶ ᠤ ᠤᠷᠤᠯᠳᠤᠭᠠᠨ ᠵᠢᠴᠢ 2024 ᠣᠨ ᠤ ᠥᠪᠡᠷᠲᠡᠭᠡᠨ ᠵᠠᠰᠠᠬᠤ

ᠣᠷᠣᠨ ᠤ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠳᠥᠷᠪᠡᠳᠦᠭᠡᠷ

ᠳᠡᠰ ᠤᠨ ᠬᠤᠯᠪᠣᠭᠠᠲᠤ ᠤᠷᠤᠯᠳᠤᠭᠠᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ

ᠶᠡᠷᠦᠩᠬᠡᠢ ᠰᠢᠢᠳᠪᠦᠷᠢᠲᠦ ᠤᠷᠤᠯᠳᠤᠭᠠᠨ

   

6.webp.jpg

7.webp.jpg

8.webp.jpg

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ

ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠰᠠᠭᠰᠤᠨ ᠪᠥᠮᠪᠦᠭᠡᠨ ︵ᠠᠩᠬ᠎ᠠ

ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ︶ ᠤ ᠤᠷᠤᠯᠳᠤᠭᠠᠨ

   

9.webp.jpg

10.webp.jpg

11.webp.jpg

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ

ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠠᠯᠠᠭᠠᠳᠠᠬᠤ ᠪᠥᠮᠪᠦᠭᠡᠨ ︵ᠠᠩᠬ᠎ᠠ

ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ︶ ᠤ ᠤᠷᠤᠯᠳᠤᠭᠠᠨ

      ᠲᠤᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠪᠣᠯ ᠰᠢᠨ᠎ᠡ ᠴᠠᠭ ᠦᠶ᠎ᠡ  ᠶᠢᠨ ᠰᠤᠷᠭᠠᠭᠤᠯᠢ ᠶᠢᠨ

ᠪᠡᠶ᠎ᠡ ᠶᠢᠨ ᠲᠠᠮᠢᠷ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠪᠣᠳᠠᠲᠠᠢ ᠠᠷᠭ᠎ᠠ ᠬᠡᠮᠵᠢᠶ᠎ᠡ᠂

ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠰᠤᠷᠭᠠᠨ ᠬᠥᠮᠦᠵᠢᠯ ᠤᠨ

ᠬᠦᠴᠦᠷᠬᠡᠭ ᠤᠯᠤᠰ ᠪᠠ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠰᠢᠨ᠎ᠡ ᠠᠶᠠᠯᠠᠯ ᠳᠤ

ᠵᠠᠯᠠᠭᠤ ᠨᠠᠰᠤᠨ ᠤ ᠬᠦᠴᠦᠨ ᠴᠢᠳᠠᠯ ᠢᠶᠠᠨ ᠪᠠᠳᠠᠷᠠᠭᠤᠯᠬᠤ ᠬᠦᠴᠦᠲᠡᠢ ᠭᠠᠷᠳᠠᠴᠠ ᠮᠥᠨ︔ ᠵᠠᠯᠠᠭᠤᠴᠤᠳ

ᠪᠠᠭᠠᠴᠤᠳ ᠤᠨ ᠶᠣᠰᠣ ᠰᠤᠷᠲᠠᠬᠤᠨ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ

ᠵᠡᠷᠭᠡ ᠶᠢ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠵᠤ᠂ ᠵᠠᠯᠠᠭᠤᠴᠤᠳ ᠪᠠᠭᠠᠴᠤᠳ ᠢ ᠬᠠᠪᠰᠤᠷᠤᠨ ᠪᠡᠶ᠎ᠡ ᠶᠢᠨ

ᠲᠠᠮᠢᠷ ᠤᠨ ᠪᠣᠯᠪᠠᠰᠤᠷᠠᠯ ᠤᠨ ᠶᠠᠪᠤᠴᠠ ᠳᠤ ᠪᠠᠶᠠᠷ ᠪᠠᠭ᠋ᠠᠳᠤᠯ ᠢ ᠡᠳ᠋ᠯᠡᠭᠦᠯᠵᠦ᠂ ᠪᠡᠶ᠎ᠡ ᠮᠠᠬᠠᠪᠣᠳ ᠢ ᠨᠢ

ᠴᠢᠭᠢᠷᠠᠭᠵᠢᠭᠤᠯᠤᠨ᠂ ᠵᠠᠩ ᠴᠢᠨᠠᠷ ᠢ ᠨᠢ ᠪᠦᠷᠢᠨᠰᠢᠭᠦᠯᠵᠦ᠂ ᠵᠣᠷᠢᠭ ᠰᠠᠨᠠᠭ᠎ᠠ ᠶᠢ ᠨᠢ ᠳᠠᠪᠲᠠᠨ ᠪᠣᠯᠪᠠᠰᠤᠷᠠᠭᠤᠯᠬᠤ ᠳᠤ

ᠴᠢᠬᠤᠯᠠ ᠠᠴᠢ ᠬᠤᠯᠪᠣᠭᠳᠠᠯ ᠲᠠᠢ ᠶᠤᠮ᠃

      ᠲᠤᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠥᠪᠡᠷᠲᠡᠭᠡᠨ ᠵᠠᠰᠠᠬᠤ ᠣᠷᠣᠨ ᠤ ᠰᠤᠷᠭᠠᠨ

ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠡᠪ ᠬᠠᠮᠲᠤ

ᠵᠠᠯᠠᠭᠤᠴᠤᠳ ᠤᠨ ᠡᠪᠯᠡᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠠᠴᠠ ᠭᠤᠣᠯᠯᠠᠨ

ᠡᠷᠬᠢᠯᠡᠵᠦ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠠᠭᠠᠭᠠᠴᠢᠯᠠᠨ ᠡᠷᠬᠢᠯᠡᠵᠦ᠂ ᠤᠯᠠᠭᠠᠨᠴᠠᠪ

ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ

ᠲᠠᠮᠢᠷ ᠤᠨ ᠲᠣᠪᠴᠢᠶ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠤᠯᠠᠭᠠᠨᠴᠠᠪ ᠬᠤᠲᠠ ᠶᠢᠨ ᠬᠤᠷᠢᠶ᠎ᠠ᠂ ᠥᠪᠥᠷ

ᠮᠣᠩᠭᠤᠯ ᠤᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠬᠠᠮᠲᠤᠷᠠᠨ ᠡᠷᠬᠢᠯᠡᠪᠡ᠃ ᠥᠪᠡᠷᠲᠡᠭᠡᠨ ᠵᠠᠰᠠᠬᠤ

ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ

ᠬᠠᠮᠢᠶ᠎ᠠ ᠪᠦᠬᠦᠢ ᠨᠢᠭᠡᠴᠢ ᠶᠢᠨ ᠤᠳᠤᠷᠢᠳᠤᠯᠭ᠎ᠠ  ᠤᠷᠤᠯᠳᠤᠭᠠᠨ ᠡᠬᠢᠯᠡᠬᠦ ᠶᠣᠰᠣᠯᠠᠯ ᠳᠤ ᠣᠷᠣᠯᠴᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map