ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 13 ᠰᠠᠯᠠᠭ᠎ᠠ ᠮᠥᠴᠢᠷ ᠬᠠᠮᠲᠤᠷᠠᠨ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/4/26
      4 ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 13 ᠰᠠᠯᠠᠭ᠎ᠠ ᠮᠥᠴᠢᠷ ᠬᠠᠮᠲᠤᠷᠠᠨ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠠᠵᠢᠯ ᠤᠨ ᠸᠢᠳᠢᠣ᠋ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠠᠷᠠᠳ ᠤᠨ ᠥᠨᠳᠦᠷ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠶᠠᠪᠤᠳᠠᠯ ᠤᠨ ᠲᠢᠩᠬᠢᠮ᠂ ᠬᠠᠤᠯᠢ ᠴᠠᠭᠠᠵᠠ ᠶᠢᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠪᠯᠡᠯ ᠤᠨ ᠬᠤᠷᠢᠶ᠎ᠠ᠂ ᠡᠮᠡᠭᠲᠡᠶᠢᠴᠦᠳ  ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ ᠵᠡᠷᠭᠡ ᠰᠠᠯᠠᠭ᠎ᠠ ᠮᠥᠴᠢᠷ ᠪᠠ ᠨᠢᠭᠡᠴᠢ ᠬᠤᠷᠠᠯ ᠳᠤ ᠣᠷᠣᠯᠴᠠᠭᠰᠠᠨ ᠪᠥᠭᠡᠳ ᠠᠵᠢᠯ ᠤᠨ ᠪᠠᠶᠢᠷᠢᠯᠠᠭᠤᠯᠤᠯᠲᠠ ᠬᠢᠪᠡ᠃   

02b5661c103ee8065b60fb5dfc2d10f8.jpg

      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ

ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠳᠣᠷᠣᠮᠵᠢᠯᠠᠯ  ᠤᠨ ᠦᠢᠯᠡ ᠠᠵᠢᠯᠯᠠᠭ᠎ᠠ ᠶᠢᠨ

ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠦᠵᠡᠭᠦᠯᠬᠦ ᠬᠤᠣᠷ

ᠬᠥᠨᠥᠭᠡᠯ ᠢ ᠭᠦᠢᠴᠡᠳ ᠲᠠᠨᠢᠵᠤ᠂ ᠬᠠᠷ᠎ᠠ ᠬᠤᠣᠷᠲᠠᠢ ᠳᠣᠷᠣᠮᠵᠢᠯᠠᠯ ᠤᠨ ᠬᠡᠷᠡᠭ ᠤᠨ ᠨᠡᠶᠢᠭᠡᠮ ᠤᠨ ᠶᠣᠰᠣ

ᠰᠤᠷᠲᠠᠬᠤᠨ ᠤ ᠬᠤᠷᠢᠭ᠎ᠠ ᠱᠤᠭᠤᠮ ᠳᠤ ᠦᠵᠡᠭᠦᠯᠬᠦ ᠬᠦᠨᠳᠦ ᠨᠣᠴᠢᠲᠠᠢ ᠳᠠᠭᠠᠷᠢᠯᠲᠠ ᠶᠢ ᠭᠦᠨᠵᠡᠭᠡᠢ ᠲᠠᠨᠢᠵᠤ᠂ ᠨᠡᠩ

ᠡᠷᠡᠰ ᠴᠢᠩᠭ᠎ᠠ ᠳᠦᠷᠢᠮ᠂ ᠨᠡᠩ ᠯᠠᠪᠳᠠᠭᠤᠨ ᠪᠠᠲᠤᠲᠠᠢ ᠠᠷᠭ᠎ᠠ ᠢ ᠨᠡᠩ ᠡᠷᠡᠰ ᠰᠢᠭᠤᠷᠬᠠᠢ ᠪᠠᠷ ᠬᠡᠷᠡᠭᠵᠢᠭᠦᠯᠵᠦ᠂

ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠰᠤᠷᠤᠭᠴᠢᠳ ᠤᠨ ᠳᠣᠷᠣᠮᠵᠢᠯᠠᠯ ᠤᠨ

ᠠᠵᠢᠯᠯᠠᠭ᠎ᠠ ᠶᠢ ᠴᠢᠩᠭ᠎ᠠ ᠰᠡᠷᠭᠡᠶᠢᠯᠡᠬᠦ ᠪᠠᠶᠢᠳᠠᠯ ᠢ ᠦᠷᠭᠦᠯᠵᠢᠯᠡᠨ ᠪᠠᠲᠤᠯᠠᠵᠤ᠂ ᠵᠠᠰᠠᠭ ᠤᠨ ᠣᠷᠳᠣᠨ ᠤ ᠰᠠᠯᠠᠭ᠎ᠠ

ᠮᠥᠴᠢᠷ᠂ ᠭᠡᠷ ᠪᠦᠯᠢ ᠰᠤᠷᠭᠠᠭᠤᠯᠢ ᠨᠡᠶᠢᠭᠡᠮ ᠤᠨ ᠡᠯ᠎ᠡ ᠲᠠᠯ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂

ᠨᠠᠷᠢᠯᠢᠭ ᠣᠨᠣᠴᠠᠲᠠᠢ ᠰᠤᠳᠤᠯᠤᠨ ᠮᠠᠭᠠᠳᠯᠠᠵᠤ᠂ ᠦᠷᠭᠦᠯᠵᠢᠯᠡᠨ ᠬᠦᠴᠦᠯᠡᠵᠦ᠂ ᠤᠳᠠᠭᠠᠨ ᠳᠠᠭᠠᠭᠠᠮᠠᠭᠠᠢ ᠵᠢᠳᠬᠦᠨ

ᠴᠢᠷᠮᠠᠶᠢᠵᠤ᠂ ︽ᠳᠣᠲᠤᠷ᠎ᠠ ᠪᠠᠨ ᠲᠤᠭ᠎ᠠ ᠲᠠᠢ᠂ ᠠᠵᠢᠯ ᠤᠨ ᠰᠠᠭᠤᠷᠢ ᠲᠠᠢ᠂ ᠬᠠᠷᠢᠭᠤᠴᠠᠯᠭ᠎ᠠ ᠲᠠᠢ᠂ ᠠᠷᠭ᠎ᠠ          

 ᠲᠠᠢ︾ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠰᠤᠷᠤᠭᠴᠢᠳ ᠤᠨ ᠳᠣᠷᠣᠮᠵᠢᠯᠠᠯ ᠢ ᠨᠢᠭᠡ ᠴᠣᠭᠴᠠᠵᠢᠭᠤᠯᠤᠨ

ᠰᠡᠷᠭᠡᠶᠢᠯᠡᠬᠦ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠶᠡᠷᠦᠩᠬᠡᠶᠢᠯᠡᠨ ᠵᠠᠰᠠᠬᠤ᠂ ᠬᠠᠮᠲᠤᠷᠠᠨ

ᠵᠠᠰᠠᠬᠤ ᠶᠢ ᠴᠢᠩᠭᠠᠳᠬᠠᠵᠤ᠂ ᠰᠤᠷᠭᠠᠨ ᠬᠥᠮᠦᠵᠢᠭᠦᠯᠵᠦ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ

ᠠᠷᠭᠠᠴᠠᠨ ᠰᠢᠢᠳᠪᠦᠷᠢᠯᠡᠬᠦ ᠬᠤᠶᠠᠷ ᠴᠢᠬᠤᠯᠠ ᠭᠤᠭᠴᠤᠭ᠎ᠠ ᠶᠢᠨ ᠲᠣᠭᠤᠷᠢᠨ ᠳᠤ᠂ ᠭᠤᠣᠯᠳᠠᠯᠭ᠎ᠠ ᠲᠠᠢ ᠰᠤᠷᠤᠭᠴᠢ᠂

ᠭᠤᠣᠯᠳᠠᠯᠭ᠎ᠠ ᠲᠠᠢ ᠲᠠᠯᠠᠪᠤᠷ ᠪᠣᠯᠤᠨ ᠰᠦᠯᠵᠢᠶᠡᠨ ᠤ ᠣᠷᠴᠢᠨ ᠵᠡᠷᠭᠡ ᠭᠤᠷᠪᠠᠨ ᠵᠠᠩᠭᠢᠯᠠᠭ᠎ᠠ ᠶᠢᠨ ᠴᠡᠭ ᠢ ᠴᠢᠩᠭ᠎ᠠ

ᠠᠩᠬᠠᠷᠴᠤ᠂ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ

ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠠᠯᠠᠭ᠎ᠠ

ᠮᠥᠴᠢᠷ ᠤᠨ ᠵᠣᠬᠢᠴᠠᠯᠳᠤᠨ ᠬᠠᠮᠵᠢᠯᠴᠠᠬᠤ ᠶᠢ ᠰᠠᠶᠢᠲᠤᠷ ᠠᠳᠬᠤᠵᠤ᠂ ᠬᠤᠯᠪᠣᠭᠠᠯᠠᠨ ᠬᠥᠳᠡᠯᠦᠯᠴᠡᠬᠦ ᠠᠵᠢᠯ ᠤᠨ

ᠲᠣᠭᠲᠠᠴᠠ ᠶᠢ ᠪᠦᠷᠢᠨᠰᠢᠭᠦᠯᠵᠦ᠂ ᠡᠭᠦᠷᠭᠡ ᠪᠠ ᠠᠵᠢᠯ  ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠰᠡᠷᠭᠡᠶᠢᠯᠡᠨ

ᠵᠠᠰᠠᠬᠤ ᠠᠷᠭ᠎ᠠ ᠶᠢ ᠲᠡᠭᠦᠯᠳᠡᠷᠵᠢᠭᠦᠯᠵᠦ᠂ ᠶᠡᠷᠦᠩᠬᠡᠶᠢᠯᠡᠨ ᠰᠡᠷᠭᠡᠶᠢᠯᠡᠨ ᠵᠠᠰᠠᠬᠤ ᠰᠢᠰᠲ᠋ᠧᠮ ᠢ ᠢᠳᠡᠪᠬᠢᠲᠡᠢ ᠪᠠᠶᠢᠭᠤᠯᠵᠤ᠂

ᠠᠵᠢᠯ ᠤᠨ ᠬᠠᠮ ᠬᠦᠴᠦᠨ ᠢ ᠦᠨᠡᠨ ᠬᠦ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ᠂ ᠡᠯ᠎ᠡ ᠭᠠᠵᠠᠷ ᠤᠨ ᠡᠯ᠎ᠡ ᠰᠠᠯᠠᠭ᠎ᠠ ᠮᠥᠴᠢᠷ ᠤᠨ ᠬᠢᠨ ᠰᠤᠷᠤᠭᠴᠢᠳ ᠤᠨ ᠳᠣᠷᠣᠮᠵᠢᠯᠠᠯ ᠢ

ᠰᠡᠷᠭᠡᠶᠢᠯᠡᠨ ᠵᠠᠰᠠᠬᠤ ᠶᠢ ᠴᠢᠬᠤᠯᠠ ᠠᠵᠢᠯ ᠪᠣᠯᠭᠠᠵᠤ᠂ ᠰᠠᠭᠤᠵᠤ ᠳᠡᠶᠢᠯᠬᠦ ᠦᠭᠡᠢ᠂ ᠬᠦᠯᠢᠶᠡᠵᠦ ᠲᠡᠰᠬᠦ ᠦᠭᠡᠢ

ᠲᠤᠯᠭᠠᠮ ᠰᠡᠳᠬᠢᠯᠭᠡ ᠪᠠᠷ ᠳᠣᠷᠣᠮᠵᠢᠯᠠᠯ ᠤᠨ ᠦᠢᠯᠡ ᠠᠵᠢᠯᠯᠠᠭ᠎ᠠ ᠳᠤ ︽ᠥᠴᠦᠬᠡᠨ ᠴᠦ ᠢᠯᠳᠠᠷ ᠬᠠᠶᠠᠬᠤ          

ᠦᠭᠡᠢ︾ ᠪᠠᠶᠢᠬᠤ ᠶᠢ ᠪᠠᠷᠢᠮᠲᠠᠯᠠᠵᠤ᠂ ᠳᠣᠷᠣᠮᠵᠢᠯᠠᠯ ᠤᠨ ᠬᠡᠷᠡᠭ ᠲᠤ ︽ᠨᠢᠭᠡ ᠶᠢ ᠴᠦ ᠵᠦᠭᠡᠷ ᠲᠠᠯᠪᠢᠬᠤ          

ᠦᠭᠡᠢ︾ ᠪᠠᠶᠢᠬᠤ ᠶᠢ ᠪᠠᠷᠢᠮᠲᠠᠯᠠᠨ᠂ ᠰᠢᠪᠠᠳᠠᠭᠤᠯᠤᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠠᠵᠢᠯ ᠤᠨ

ᠠᠷᠭ᠎ᠠ ᠪᠣᠳᠤᠯᠭ᠎ᠠ  ᠪᠠᠨ ᠰᠠᠶᠢᠵᠢᠷᠠᠭᠤᠯᠤᠨ᠂ ᠠᠵᠢᠯ ᠤᠨ ᠠᠷᠭ᠎ᠠ ᠪᠠᠷᠢᠯ ᠢᠶᠠᠨ ᠲᠡᠭᠦᠯᠳᠡᠷᠵᠢᠭᠦᠯᠵᠦ᠂ ᠰᠤᠷᠤᠭᠴᠢᠳ  ᠤᠨ

ᠳᠣᠷᠣᠮᠵᠢᠯᠠᠯ ᠢ ᠤᠷᠢᠳᠴᠢᠯᠠᠨ ᠰᠡᠷᠭᠡᠶᠢᠯᠡᠬᠦ᠂ ᠰᠢᠢᠳᠪᠦᠷᠢᠯᠡᠬᠦ᠂ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ

ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠴᠢᠳᠠᠪᠤᠷᠢ ᠪᠠ

ᠬᠢᠷᠢ ᠲᠦᠪᠰᠢᠨ ᠢ ᠳᠡᠭᠡᠭᠰᠢᠯᠡᠭᠦᠯᠦᠨ᠂ ᠤᠮᠠᠷᠠᠲᠤ ᠬᠢᠯᠢ ᠶᠢᠨ ᠠᠮᠤᠷ ᠲᠦᠪᠰᠢᠨ ᠤ ᠬᠠᠯᠬᠠᠪᠴᠢ ᠶᠢᠨ ᠰᠢᠨ᠎ᠡ ᠪᠠᠶᠢᠳᠠᠯ ᠢ

ᠬᠠᠮᠲᠤ ᠳᠤ ᠪᠠᠨ ᠡᠭᠦᠳᠴᠦ᠂ ᠶᠣᠰᠣ ᠮᠣᠷᠠᠯ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂

ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ

ᠵᠠᠯᠭᠠᠮᠵᠢᠯᠠᠭᠴᠢ ᠶᠢ ᠬᠥᠮᠦᠵᠢᠭᠦᠯᠬᠦ ᠳᠤ ᠪᠣᠳᠠᠲᠠᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠱᠠᠭᠠᠷᠳᠠᠪᠠ᠃

      ᠬᠤᠷᠠᠯ ᠠᠴᠠ ᠪᠠᠰᠠ ᠰᠤᠷᠭᠠᠭᠤᠯᠢ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠶᠢ ᠰᠢᠯᠭᠠᠨ ᠠᠪᠤᠭᠠᠳᠤᠢ

ᠪᠠᠷᠢᠯᠭ᠎ᠠ ᠶᠢ ᠴᠡᠭᠴᠡᠯᠡᠨ ᠰᠠᠶᠢᠵᠢᠷᠠᠭᠤᠯᠬᠤ᠂ ᠤᠰᠤᠨ ᠳᠤ ᠠᠳᠡᠬᠦ ᠶᠢ ᠰᠡᠷᠭᠡᠶᠢᠯᠡᠬᠦ ᠠᠵᠢᠯ ᠪᠣᠯᠤᠨ ᠰᠤᠷᠭᠠᠭᠤᠯᠢ ᠶᠢᠨ

ᠬᠦᠷᠢᠶ᠎ᠡ ᠵᠢᠴᠢ ᠡᠷᠭᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠤᠨ ᠲᠤᠬᠠᠢ

ᠪᠠᠶᠢᠷᠢᠯᠠᠭᠤᠯᠤᠯᠲᠠ ᠬᠢᠵᠡᠢ᠃

      ᠡᠨᠡ ᠤᠳᠠᠭᠠᠨ ᠤ ᠬᠤᠷᠠᠯ ᠨᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤ

ᠭᠤᠣᠯ ᠬᠤᠷᠠᠯ ᠤᠨ ᠲᠠᠯᠠᠪᠠᠢ ᠭᠠᠷᠭᠠᠵᠤ᠂ ᠡᠯ᠎ᠡ ᠠᠶᠢᠮᠠᠭ ᠬᠤᠲᠠ ᠳᠤ ᠬᠤᠪᠢᠶᠠᠷᠢ ᠬᠤᠷᠠᠯ ᠤᠨ ᠲᠠᠯᠠᠪᠠᠢ          

ᠭᠠᠷᠭᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ

ᠣᠷᠣᠨ ᠤ ᠨᠠᠮ ᠤᠨ ᠬᠤᠷᠢᠶᠠᠨ  ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠥᠪᠡᠷᠲᠡᠭᠡᠨ

ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ

ᠬᠠᠮᠠᠭᠠᠯᠠᠬᠤ ᠲᠢᠩᠬᠢᠮ ᠵᠡᠷᠭᠡ 13 ᠰᠠᠯᠠᠭ᠎ᠠ ᠮᠥᠴᠢᠷ ᠪᠣᠯᠤᠨ ᠨᠢᠭᠡᠴᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂

ᠰᠤᠷᠭᠠᠨ ᠬᠥᠮᠦᠵᠢᠯ ᠤᠨ ᠲᠢᠩᠬᠢᠮ ᠤᠨ ᠬᠤᠯᠪᠣᠭᠳᠠᠯ ᠪᠦᠬᠦᠢ ᠭᠠᠵᠠᠷ ᠲᠠᠰᠤᠭ ᠤᠨ ᠬᠠᠷᠢᠭᠤᠴᠠᠯᠭᠠᠲᠠᠨ ᠭᠤᠣᠯ

ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map