ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2024/4/26
      ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠥᠯᠦᠭᠡ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠣᠰᠣᠭᠠᠷ᠂ 4 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠶᠢᠨ ᠠᠩᠭᠢ ᠡᠬᠢᠯᠡᠬᠦ ᠶᠣᠰᠣᠯᠠᠯ ᠵᠢᠴᠢ ᠬᠠᠪᠰᠤᠷᠤᠨ ᠵᠢᠯᠣᠭᠤᠳᠬᠤ ᠲᠠᠶᠢᠯᠤᠮᠵᠢ ᠶᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ  ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠶᠢ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠰᠤᠷᠭᠠᠨ ᠬᠥᠮᠦᠵᠢᠯ ᠤᠨ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠶᠢ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ ᠯᠦ ᠶᠠᠨ ᠶᠠᠩ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ           ᠳᠦᠷᠢᠮ︾ ᠤᠨ ᠲᠣᠭᠤᠷᠢᠨ ᠳᠤ ᠲᠤᠰᠬᠠᠢ ᠰᠡᠳᠦᠪ ᠢᠶᠠᠷ ᠬᠠᠪᠰᠤᠷᠤᠨ ᠵᠢᠯᠣᠭᠤᠳᠪᠠ᠃   

1.jpg

      ᠬᠤᠷᠠᠯ ᠠᠴᠠ᠂ ᠪᠦᠬᠦ ᠨᠠᠮ ᠤᠨ ᠭᠡᠰᠢᠭᠦᠨ ᠺᠠᠳ᠋ᠷ ᠤᠯᠤᠰ ᠲᠥᠷᠥ ᠪᠠ ᠪᠦᠬᠦ ᠲᠠᠯ᠎ᠠ ᠶᠢᠨ ᠦᠨᠳᠦᠷᠴᠡ ᠠᠴᠠ

ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ

ᠭᠦᠨᠵᠡᠭᠡᠢ ᠲᠠᠨᠢᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠬᠤᠯᠠ ᠤᠯᠤᠰ ᠲᠥᠷᠥ ᠶᠢᠨ

ᠡᠭᠦᠷᠭᠡ ᠪᠣᠯᠭᠠᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ

ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ

ᠰᠠᠬᠢᠬᠤ ᠶᠢ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ᠂ ᠴᠢᠩᠭ᠎ᠠ ᠲᠣᠳᠣᠷᠬᠠᠢ ᠰᠠᠬᠢᠯᠭ᠎ᠠ ᠪᠠᠲᠤ ᠪᠠᠷ          

︽ᠬᠤᠶᠠᠷ ᠢ ᠳᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ          

ᠬᠡᠷᠡᠭᠲᠡᠢ᠃ ᠰᠤᠷᠤᠯᠴᠠᠯᠭ᠎ᠠ ᠶᠢᠨ ᠭᠤᠣᠯᠳᠠᠯᠭ᠎ᠠ ᠶᠢ ᠡᠵᠡᠮᠳᠡᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ

ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠳᠦᠷᠢᠮ︾ ᠢ ᠦᠨᠡᠨ ᠬᠦ ᠭᠦᠨᠵᠡᠭᠡᠢ

ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠰᠤᠷᠤᠯᠴᠠᠬᠤ ᠪᠠ ᠠᠵᠢᠯᠯᠠᠬᠤ ᠶᠠᠪᠤᠴᠠ ᠳᠤ ᠪᠠᠨ ︽ᠵᠢᠷᠭᠤᠭᠠᠨ ᠵᠦᠢᠯ ᠤᠨ

ᠰᠠᠬᠢᠯᠭ᠎ᠠ ᠪᠠᠲᠤ︾ ᠶᠢ ᠪᠦᠬᠦ ᠲᠠᠯ᠎ᠠ ᠪᠠᠷ ᠣᠨᠣᠪᠴᠢᠲᠠᠢ ᠡᠵᠡᠮᠰᠢᠵᠦ᠂ ᠰᠤᠷᠤᠯᠴᠠᠯᠭ᠎ᠠ ᠬᠥᠮᠦᠵᠢᠯ ᠤᠨ ᠡᠬᠢ ᠪᠠᠶᠠᠯᠢᠭ ᠢ

ᠭᠦᠢᠴᠡᠳ ᠠᠰᠢᠭᠯᠠᠵᠤ᠂ ᠰᠤᠷᠤᠯᠴᠠᠯᠭ᠎ᠠ ᠬᠥᠮᠦᠵᠢᠯ ᠤᠨ ᠠᠵᠢᠯᠯᠠᠭᠠᠨ  ᠤ ᠬᠡᠯᠪᠡᠷᠢ ᠶᠢ ᠪᠠᠶᠠᠯᠢᠭᠵᠢᠭᠤᠯᠵᠤ᠂          

︽ᠳᠦᠷᠢᠮ︾ ᠤᠨ ᠭᠤᠣᠯ ᠴᠢᠮᠥᠭᠡ ᠶᠢ ᠰᠠᠶᠢᠲᠤᠷ ᠣᠶᠢᠯᠠᠭᠠᠵᠤ᠂ ᠰᠠᠶᠢᠲᠤᠷ ᠡᠵᠡᠮᠰᠢᠵᠦ᠂ ᠶᠠᠭᠤ ᠶᠢ ᠬᠢᠵᠦ ᠪᠣᠯᠬᠤ᠂

ᠶᠠᠭᠤ ᠶᠢ ᠬᠢᠵᠦ ᠪᠣᠯᠬᠤ ᠦᠭᠡᠢ ᠶᠢ ᠲᠣᠳᠣᠷᠬᠠᠢ ᠣᠶᠢᠯᠠᠭᠠᠨ ᠦᠨᠡᠨ ᠬᠦ ᠪᠡᠶᠡᠯᠡᠭᠦᠯᠬᠦ ᠬᠡᠷᠡᠭᠲᠡᠢ᠃ ᠨᠠᠮ ᠤᠨ ᠰᠠᠬᠢᠯᠭ᠎ᠠ

ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠢ

ᠠᠬᠢᠭᠤᠯᠵᠤ᠂ ᠦᠵᠡᠯ ᠰᠠᠨᠠᠭ᠎ᠠ ᠲᠠᠨᠢᠯᠲᠠ ᠶᠢᠨ ᠲᠠᠯ᠎ᠠ ᠪᠠᠷ ᠬᠢ ᠬᠦᠷᠦᠯᠴᠡᠬᠦ ᠦᠭᠡᠢ ᠲᠠᠯ᠎ᠠ ᠪᠠ ᠠᠵᠢᠯ ᠳᠤ

ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠢ ᠡᠷᠢᠵᠦ᠂ ᠨᠠᠮ ᠤᠨ ᠲᠣᠭᠲᠠᠭᠠᠯ ᠨᠠᠮ  ᠤᠨ ᠰᠠᠬᠢᠯᠭ᠎ᠠ

ᠪᠠᠲᠤ ᠪᠠᠷ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠵᠠᠯᠠᠷᠠᠭᠤᠯᠵᠤ᠂ ︽ᠭᠤᠷᠪᠠᠨ ᠤᠯᠠᠨ

ᠭᠤᠷᠪᠠᠨ ᠴᠥᠭᠡᠨ ᠭᠤᠷᠪᠠᠨ ᠤᠳᠠᠭᠠᠨ︾  ᠤ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠦᠨᠡᠨ ᠬᠦ

ᠠᠳᠬᠤᠨ ᠪᠣᠳᠠᠲᠠᠢ ᠠᠵᠢᠯᠯᠠᠬᠤ᠂ ᠪᠣᠳᠠᠲᠤ ᠦᠷ᠎ᠡ ᠪᠦᠲᠦᠮᠵᠢ ᠣᠯᠬᠤ ᠶᠢ ᠡᠷᠬᠢᠮᠯᠡᠬᠦ ᠠᠵᠢᠯ ᠤᠨ ᠰᠤᠷᠲᠠᠯ ᠢ ᠤᠯᠠᠮ

ᠨᠢᠭᠡ ᠠᠯᠬᠤᠮ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠤᠣᠯ ᠠᠵᠢᠯ ᠢ

ᠠᠬᠢᠭᠤᠯᠬᠤ ᠪᠦᠲᠦᠮᠵᠢᠲᠡᠢ ᠠᠷᠭ᠎ᠠ ᠬᠡᠮᠵᠢᠶ᠎ᠡ ᠪᠣᠯᠭᠠᠨ᠂ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ

ᠲᠦᠷᠭᠡᠳᠬᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠰᠠᠶᠢᠲᠤᠷ

ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠱᠠᠭᠠᠷᠳᠠᠪᠠ᠃

      ᠡᠨᠡ ᠤᠳᠠᠭᠠᠨ ᠤ ᠨᠣᠮ ᠤᠩᠰᠢᠬᠤ ᠠᠩᠭᠢ ᠶᠢ ᠬᠤᠶᠠᠷ ᠡᠳᠦᠷ ᠡᠷᠬᠢᠯᠡᠵᠦ᠂ ᠬᠠᠪᠰᠤᠷᠤᠨ ᠵᠢᠯᠣᠭᠤᠳᠬᠤ

ᠲᠠᠶᠢᠯᠤᠮᠵᠢ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ᠂ ᠰᠣᠯᠢᠯᠴᠠᠵᠤ ᠰᠤᠳᠤᠯᠤᠨ ᠶᠠᠷᠢᠯᠴᠠᠬᠤ ᠶᠢ

ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃

2.jpg

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ᠂

ᠰᠤᠷᠭᠠᠨ ᠬᠥᠮᠦᠵᠢᠯ ᠤᠨ ᠲᠢᠩᠬᠢᠮ ᠤᠨ ᠤᠳᠤᠷᠢᠳᠬᠤ ᠪᠠᠭ ᠤᠨ ᠭᠡᠰᠢᠭᠦᠨ᠂ ᠨᠢᠭᠡᠳᠦᠭᠡᠷ ᠲᠠᠰ᠂ ᠬᠤᠶᠠᠳᠤᠭᠠᠷ

ᠳᠡᠰ ᠤᠨ ᠲᠣᠭᠤᠷᠢᠨ ᠪᠠᠶᠢᠴᠠᠭᠠᠭᠴᠢ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠶᠢ ᠪᠠᠶᠢᠴᠠᠭᠠᠬᠤ ᠬᠢᠨᠠᠨ

ᠪᠠᠶᠢᠴᠠᠭᠠᠬᠤ ᠳᠤᠭᠤᠶᠢᠯᠠᠩ᠂ ᠲᠢᠩᠬᠢᠮ ᠤᠨ ᠪᠠᠶᠢᠭᠤᠯᠭ᠎ᠠ ᠶᠢᠨ ᠪᠦᠬᠦ ᠨᠠᠮ ᠤᠨ ᠭᠡᠰᠢᠭᠦᠨ᠂ ᠰᠢᠭᠤᠳ ᠬᠠᠷᠢᠶ᠎ᠠ ᠠᠵᠢᠯ

ᠦᠢᠯᠡᠰ ᠤᠨ ᠨᠢᠭᠡᠴᠢ ᠶᠢᠨ ᠳᠡᠳ᠋ ᠭᠠᠵᠠᠷ ᠤᠨ ᠳᠡᠰ ᠠᠴᠠ ᠳᠡᠭᠡᠭᠰᠢᠬᠢ ᠨᠠᠮ ᠤᠨ ᠭᠡᠰᠢᠭᠦᠨ ᠺᠠᠳ᠋ᠷ ᠬᠤᠷᠠᠯ ᠳᠤ

ᠣᠷᠣᠯᠴᠠᠪᠠ᠃

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map