ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠲᠤᠰᠬᠠᠢ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠵᠣᠬᠢᠴᠠᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/26
      ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠦᠯᠦ ᠬᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠬᠠᠤᠯᠢ︾ ᠪᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︿ᠲᠤᠰᠬᠠᠢ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠪᠠ ᠲᠤᠰᠬᠠᠢ ᠰᠤᠷᠭᠠᠨ ᠬᠥᠮᠦᠵᠢᠯ ᠤᠨ ᠠᠵᠢᠯ ᠢ ᠴᠢᠩᠭᠠᠳᠬᠠᠬᠤ ᠲᠤᠬᠠᠢ ᠰᠠᠨᠠᠯ﹀︾ ᠢ ᠭᠦᠨᠵᠡᠭᠡᠢ ᠲᠤᠭᠤᠰᠢᠯᠠᠭᠤᠯᠵᠤ᠂ ᠮᠠᠨ ᠤ ᠣᠷᠣᠨ ᠤ ᠲᠤᠰᠬᠠᠢ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ  ᠢ ᠥᠳᠲᠡᠷ ᠲᠦᠷᠭᠡᠨ ᠡᠬᠢᠯᠡᠭᠦᠯᠬᠦ ᠶᠢᠨ ᠲᠥᠯᠦᠭᠡ᠂ 4 ᠳ᠋ᠦ᠋ᠭᠡᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ ᠨᠡᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠳᠤ ᠬᠦᠷᠴᠦ᠂ ᠲᠤᠰᠬᠠᠢ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ ᠵᠥᠪᠳᠡᠯᠴᠡᠨ ᠰᠣᠳᠤᠯᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠯᠢ ᠶᠥᠩ ᠵᠢᠶᠦ᠋ᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ  ᠤᠨ ᠠᠵᠢᠯᠲᠠᠳ ᠬᠤᠷᠠᠯ ᠳᠤ ᠣᠷᠣᠯᠴᠠᠪᠠ᠃   

43688174df179ee5b20d838f9d05d487.jpg

      ᠬᠤᠷᠠᠯ ᠳᠡᠭᠡᠷ᠎ᠡ᠂ ᠶᠠᠩ ᠵᠢᠶᠧ ᠨᠥᠬᠦᠷ ᠣᠳᠣᠬᠠᠨ ᠤ ᠲᠤᠰᠬᠠᠢ ᠰᠤᠷᠭᠠᠭᠤᠯᠢ ᠶᠢ ᠪᠠᠶᠢᠭᠤᠯᠬᠤ ᠪᠡᠯᠡᠳᠭᠡᠯ

ᠠᠵᠢᠯ ᠤᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠤᠭᠰᠠᠨ ᠪᠥᠭᠡᠳ ︽ᠪᠦᠬᠦ ᠣᠷᠣᠨ ᠤ ᠲᠤᠰᠬᠠᠢ

ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠪᠠ ᠲᠤᠰᠬᠠᠢ ᠰᠤᠷᠭᠠᠨ ᠬᠥᠮᠦᠵᠢᠯ ᠤᠨ ᠠᠵᠢᠯ ᠢ ᠠᠬᠢᠭᠤᠯᠬᠤ ᠲᠤᠬᠠᠢ

ᠮᠡᠳᠡᠭᠦᠯᠦᠯᠲᠡ︾ ᠯᠦᠭᠡ ᠤᠶᠠᠯᠳᠤᠭᠤᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠲᠠᠢ

ᠰᠠᠨᠠᠯ ᠢᠶᠠᠨ ᠰᠣᠯᠢᠯᠴᠠᠨ ᠵᠥᠪᠳᠡᠯᠴᠡᠪᠡ᠃ ᠬᠤᠶᠠᠷ ᠲᠠᠯ᠎ᠠ ᠪᠠᠷ ᠢᠶᠠᠨ ᠲᠤᠰᠬᠠᠢ ᠰᠤᠷᠭᠠᠨ ᠬᠥᠮᠦᠵᠢᠯ ᠤᠨ ᠵᠢᠯᠣᠭᠤᠳᠬᠤ

ᠵᠥᠪᠯᠡᠯ ᠪᠠᠶᠢᠭᠤᠯᠬᠤ᠂ ᠲᠤᠰᠬᠠᠢ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ

ᠪᠠᠶᠢᠷᠢᠰᠢᠭᠤᠯᠤᠯᠲᠠ᠂ ᠪᠠᠭᠰᠢ ᠶᠢᠨ ᠲᠣᠬᠢᠷᠠᠭᠤᠯᠤᠯᠲᠠ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠠᠮᠢᠶᠠᠷᠤᠯᠲᠠ

ᠵᠡᠷᠭᠡ ᠠᠭᠤᠯᠭ᠎ᠠ ᠶᠢᠨ ᠲᠣᠭᠤᠷᠢᠨ ᠳᠤ ᠪᠦᠲᠦᠭᠡᠯᠴᠢ ᠴᠢᠨᠠᠷᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠥᠪᠡᠷᠲᠡᠭᠡᠨ

ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ  ᠤᠨ ᠣᠷᠳᠣᠨ ᠮᠠᠨ ᠤ ᠣᠷᠣᠨ ᠤ ᠲᠤᠰᠬᠠᠢ ᠰᠤᠷᠭᠠᠭᠤᠯᠢ ᠶᠢᠨ

ᠪᠠᠶᠢᠭᠤᠯᠤᠯᠲᠠ ᠪᠠ ᠲᠤᠰᠬᠠᠢ ᠰᠤᠷᠭᠠᠨ ᠬᠥᠮᠦᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂

ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠠ ᠥᠪᠡᠷᠲᠡᠭᠡᠨ ᠵᠠᠰᠠᠬᠤ ᠣᠷᠣᠨ ᠤ

ᠪᠠᠶᠢᠴᠠᠭᠠᠬᠤ ᠬᠤᠷᠢᠶ᠎ᠠ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ

ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ

ᠨᠠᠶᠢᠳᠠᠪᠤᠷᠢᠵᠢᠭᠤᠯᠤᠨ᠂ ᠡᠨᠡ ᠤᠳᠠᠭᠠᠨ ᠤ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠤᠨ᠂

ᠲᠤᠰᠬᠠᠢ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠲᠥᠰᠦᠯ ᠢ ᠥᠳᠲᠡᠷ ᠲᠦᠷᠭᠡᠨ ᠲᠡᠭᠦᠯᠳᠡᠷᠵᠢᠭᠦᠯᠵᠦ᠂

ᠪᠦᠲᠦᠭᠡᠨ ᠪᠠᠶᠢᠭᠤᠯᠬᠤ ᠠᠵᠢᠯ ᠢ ᠰᠢᠪᠠᠳᠠᠭᠤᠯᠤᠨ ᠡᠬᠢᠯᠡᠭᠦᠯᠵᠦ᠂ ᠲᠤᠰᠬᠠᠢ ᠰᠤᠷᠭᠠᠭᠤᠯᠢ ᠶᠢᠨ ᠰᠤᠷᠭᠠᠨ

ᠬᠥᠮᠦᠵᠢᠯ  ᠤᠨ ᠵᠠᠰᠠᠬᠤ ᠴᠢᠳᠠᠮᠵᠢ ᠶᠢ ᠰᠠᠶᠢᠲᠤᠷ ᠪᠠᠳᠠᠷᠠᠭᠤᠯᠤᠨ᠂ ᠨᠠᠰᠤᠨ ᠳᠤ ᠦᠯᠦ ᠬᠦᠷᠦᠭᠰᠡᠳ ᠤᠨ ᠶᠠᠯ᠎ᠠ

ᠬᠢᠬᠦ ᠶᠢ ᠰᠠᠶᠢᠲᠤᠷ ᠰᠡᠷᠭᠡᠶᠢᠯᠡᠬᠦ᠂ ᠠᠮᠤᠷ ᠲᠠᠶᠢᠪᠤᠭᠤᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠳᠤ ᠪᠠᠲᠤᠯᠠᠭ᠎ᠠ

ᠬᠠᠩᠭᠠᠨ᠎ᠠ ᠭᠡᠪᠡ᠃

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map