ᠮᠠᠨ ᠤ ᠣᠷᠣᠨ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠦᠢᠮᠣ︾ ᠶᠢᠨ ᠬᠢᠴᠢᠶᠡᠯ ᠤᠨ ᠪᠠᠶᠢᠭᠤᠯᠤᠯᠲᠠ ᠶᠢᠨ ᠶᠠᠷᠢᠯᠴᠠᠬᠤ ᠬᠤᠷᠠᠯ ᠵᠢᠴᠢ ᠪᠦᠬᠦ ᠪᠠᠭᠰᠢ ᠬᠠᠮᠲᠤ ᠳᠤ ᠪᠠᠨ ᠬᠢᠴᠢᠶᠡᠯ ᠪᠡᠯᠡᠳᠬᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/26
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠦᠵᠡᠯ ᠰᠠᠨᠠᠭ᠎ᠠ ᠤᠯᠤᠰ ᠲᠥᠷᠥ ᠶᠢᠨ ᠣᠨᠣᠯ ᠤᠨ ᠬᠢᠴᠢᠶᠡᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠰᠤᠷᠭᠠᠭᠤᠯᠢ ᠶᠢᠨ ᠦᠵᠡᠯ ᠰᠠᠨᠠᠭ᠎ᠠ           ᠤᠯᠤᠰ ᠲᠥᠷᠥ ᠶᠢᠨ ᠣᠨᠣᠯ ᠤᠨ ᠬᠢᠴᠢᠶᠡᠯ ᠤᠨ ᠪᠠᠭᠰᠢ ᠨᠠᠷ  ᠤᠨ ᠶᠠᠷᠢᠯᠴᠠᠬᠤ ᠬᠤᠷᠠᠯ ᠢ ᠬᠤᠷᠠᠯᠳᠤᠭᠤᠯᠤᠭᠰᠠᠨ ᠲᠠᠪᠤᠨ ᠵᠢᠯ ᠤᠨ ᠣᠢ ᠶᠢᠨ ᠲᠠᠰᠢᠷᠠᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ           ᠲᠢᠩᠬᠢᠮ ᠰᠤᠷᠭᠠᠨ ᠬᠥᠮᠦᠵᠢᠯ ᠤᠨ ᠶᠠᠮᠤᠨ ᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ︽ᠭᠠᠷ ᠬᠤᠯᠪᠣᠯᠴᠠᠨ︾ ᠬᠠᠮᠲᠤ ᠳᠤ ᠪᠠᠨ ᠬᠢᠴᠢᠶᠡᠯ ᠪᠡᠯᠡᠳᠬᠡᠬᠦ ᠲᠥᠪ ︵ᠪᠡᠭᠡᠵᠢᠩ ᠶᠡᠭᠡ ᠰᠤᠷᠭᠠᠭᠤᠯᠢ - ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ︶ ᠲᠠᠢ ᠬᠠᠮᠲᠤᠷᠠᠨ ︽ᠰᠢ ᠶᠢᠨ ᠫᠢᠩ  ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠦᠢᠮᠣ ︾ ᠶᠢᠨ ᠬᠢᠴᠢᠶᠡᠯ ᠤᠨ ᠪᠠᠶᠢᠭᠤᠯᠤᠯᠲᠠ ᠶᠢᠨ ᠶᠠᠷᠢᠯᠴᠠᠬᠤ ᠬᠤᠷᠠᠯ ᠵᠢᠴᠢ ᠪᠦᠬᠦ ᠪᠠᠭᠰᠢ ᠬᠠᠮᠲᠤ ᠳᠤ ᠪᠠᠨ ᠬᠢᠴᠢᠶᠡᠯ ᠪᠡᠯᠡᠳᠬᠡᠬᠦ ᠬᠤᠷᠠᠯ ᠢ ᠡᠷᠬᠢᠯᠡᠪᠡ᠃ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠯᠢᠦ ᡁᠢ ᠢᠦᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠳᠡᠳ᠋ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ ᠬᠤᠷᠠᠯ ᠳᠤ ᠣᠷᠣᠯᠴᠠᠵᠠᠢ᠃

1.webp.jpg

      ᠡᠨᠡ ᠤᠳᠠᠭᠠᠨ ᠤ ᠠᠵᠢᠯᠯᠠᠭ᠎ᠠ ᠳᠤ ᠲᠥᠪ ᠤᠨ ᠮᠠᠷᠺᠰ ᠤᠨ ᠣᠨᠣᠯ ᠪᠠ ᠪᠦᠲᠦᠭᠡᠨ ᠪᠠᠶᠢᠭᠤᠯᠤᠯᠲᠠ ᠶᠢᠨ

ᠢᠨᠵᠧᠨᠧᠷᠢᠩ ᠤᠨ ᠵᠥᠪᠯᠡᠯᠭᠡ ᠥᠭᠬᠦ ᠲᠤᠰᠬᠠᠢ ᠮᠡᠷᠭᠡᠵᠢᠯᠲᠡᠨ᠂ ᠲᠡᠷᠢᠭᠦᠨ ᠲᠤᠰᠬᠠᠢ ᠮᠡᠷᠭᠡᠵᠢᠯᠲᠡᠨ᠂ ᠰᠤᠷᠭᠠᠨ

ᠬᠥᠮᠦᠵᠢᠯ ᠤᠨ ᠶᠠᠮᠤᠨ ᠤ ᠦᠵᠡᠯ ᠰᠠᠨᠠᠭ᠎ᠠ ᠤᠯᠤᠰ ᠲᠥᠷᠥ ᠶᠢᠨ ᠣᠨᠣᠯ ᠤᠨ ᠬᠢᠴᠢᠶᠡᠯ ᠤᠨ ᠰᠤᠷᠭᠠᠨ ᠬᠥᠮᠦᠵᠢᠯ ᠤᠨ

ᠵᠢᠯᠣᠭᠤᠳᠬᠤ ᠵᠥᠪᠯᠡᠯ ᠤᠨ ᠡᠷᠬᠢᠯᠡᠭᠴᠢ᠂ ᠪᠡᠭᠡᠵᠢᠩ ᠶᠡᠭᠡ ᠰᠤᠷᠭᠠᠭᠤᠯᠢ ᠶᠢᠨ ᠪᠦᠸᠧ ᠶᠠ ᠡᠷᠳᠡᠮᠲᠡᠨ ᠫᠷᠤᠹᠧᠰᠰᠤᠷ

ᠬᠥ᠋ ᠬᠠᠢ ᠯᠢᠶᠠᠩ ᠪᠣᠯᠤᠨ ᠲᠥᠪ ᠤᠨ ᠮᠠᠷᠺᠰ ᠤᠨ ᠦᠵᠡᠯ ᠤᠨ ᠣᠨᠣᠯ ᠤᠨ ᠰᠤᠳᠤᠯᠭᠠᠨ ᠪᠠ ᠪᠦᠲᠦᠭᠡᠨ

ᠪᠠᠶᠢᠭᠤᠯᠤᠯᠲᠠ ᠶᠢᠨ ᠢᠨᠵᠧᠨᠧᠷᠢᠩ ᠤᠨ ᠲᠡᠷᠢᠭᠦᠨ ᠲᠤᠰᠬᠠᠢ ᠮᠡᠷᠭᠡᠵᠢᠯᠲᠡᠨ᠂ ᠰᠤᠷᠭᠠᠨ ᠬᠥᠮᠦᠵᠢᠯ ᠤᠨ ᠶᠠᠮᠤᠨ ᠤ

ᠦᠵᠡᠯ ᠰᠠᠨᠠᠭ᠎ᠠ ᠤᠯᠤᠰ ᠲᠥᠷᠥ ᠶᠢᠨ ᠣᠨᠣᠯ ᠤᠨ ᠬᠢᠴᠢᠶᠡᠯ ᠤᠨ ᠰᠤᠷᠭᠠᠨ ᠬᠥᠮᠦᠵᠢᠯ ᠤᠨ ᠵᠢᠯᠣᠭᠤᠳᠬᠤ

ᠵᠥᠪᠯᠡᠯ ᠤᠨ ᠶᠡᠷᠦᠩᠬᠡᠢ ᠵᠢᠭᠠᠨ ᠰᠤᠷᠭᠠᠯᠲᠠ ᠶᠢ ᠵᠢᠯᠣᠭᠤᠳᠬᠤ ᠵᠥᠪᠯᠡᠯ ᠤᠨ ᠡᠷᠬᠢᠯᠡᠭᠴᠢ ᠭᠡᠰᠢᠭᠦᠨ᠂ ᠪᠡᠭᠡᠵᠢᠩ ᠶᠡᠭᠡ

ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠰᠦᠨ ᠪᠠᠩ

ᠵᠦ ᠶᠢ ᠤᠷᠢᠵᠤ ᠲᠤᠰᠬᠠᠢ ᠰᠡᠳᠦᠪᠲᠦ ᠲᠠᠶᠢᠯᠤᠮᠵᠢ ᠬᠢᠯᠭᠡᠵᠡᠢ᠃ ᠲᠠᠶᠢᠯᠤᠮᠵᠢ ᠳᠤ ︽ᠰᠢ ᠶᠢᠨ ᠫᠢᠩ ᠤᠨ ᠰᠢᠨ᠎ᠡ ᠴᠠᠭ

ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠦᠢᠮᠣ︾ ᠶᠢᠨ

ᠣᠨᠣᠯ ᠤᠨ ᠠᠰᠠᠭᠤᠳᠠᠯ ᠪᠣᠯᠤᠨ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ

ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠦᠢᠮᠣ︾ ᠶᠢᠨ ᠵᠢᠭᠠᠬᠤ ᠮᠠᠲ᠋ᠧᠷᠢᠶᠠᠯ ᠪᠣᠯᠤᠨ ᠵᠢᠭᠠᠨ

ᠰᠤᠷᠭᠠᠯᠲᠠ ᠶᠢᠨ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠲᠤᠰ ᠲᠤᠰ ᠭᠦᠨᠵᠡᠭᠡᠢ ᠲᠠᠶᠢᠯᠤᠮᠵᠢ ᠬᠢᠵᠦ᠂

ᠬᠠᠨᠳᠤᠯᠭᠠᠲᠤ ᠴᠢᠨᠠᠷ ᠴᠢᠩᠭ᠎ᠠ᠂ ᠠᠭᠤᠯᠭ᠎ᠠ ᠡᠯᠪᠡᠭ ᠪᠠᠶᠠᠯᠢᠭ ᠪᠠᠶᠢᠵᠤ᠂ ᠮᠠᠨ ᠤ ᠣᠷᠣᠨ ᠤ ᠦᠵᠡᠯ ᠰᠠᠨᠠᠭ᠎ᠠ ᠤᠯᠤᠰ

ᠲᠥᠷᠥ ᠶᠢᠨ ᠬᠢᠴᠢᠶᠡᠯ ᠤᠨ ᠪᠠᠭᠰᠢ ᠨᠠᠷ ᠤᠨ ᠵᠢᠭᠠᠬᠤ ᠮᠠᠲ᠋ᠧᠷᠢᠶᠠᠯ ᠢ ᠡᠵᠡᠮᠰᠢᠬᠦ ᠪᠠ ᠣᠶᠢᠯᠠᠭᠠᠬᠤ ᠳᠤ ᠵᠢᠯᠣᠭᠤᠳᠣᠯᠭ᠎ᠠ

ᠬᠠᠩᠭᠠᠪᠠ᠃

   

2.webp.jpg

3.webp.jpg

      ᠣᠶᠢᠷ᠎ᠠ ᠶᠢᠨ ᠵᠢᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ

ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠣᠨᠣᠯ ᠤᠨ ᠬᠢᠴᠢᠶᠡᠯ ᠤᠨ ᠪᠠᠶᠢᠭᠤᠯᠤᠯᠲᠠ ᠭᠤᠣᠯ

ᠰᠢᠵᠢᠮ ᠤᠨ ᠲᠣᠭᠤᠷᠢᠨ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ

ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠢ ᠱᠤᠭᠤᠵᠤ ᠬᠥᠮᠦᠨ ᠬᠥᠮᠦᠵᠢᠭᠦᠯᠬᠦ ᠶᠢ ᠪᠠᠷᠢᠮᠲᠠᠯᠠᠨ᠂ ᠪᠠᠭᠰᠢ ᠶᠢᠨ

ᠡᠩᠨᠡᠭᠡᠨ ᠤ ᠪᠠᠶᠢᠭᠤᠯᠤᠯᠲᠠ ᠶᠢ ᠴᠢᠬᠤᠯᠠᠴᠢᠯᠠᠵᠤ᠂ ᠬᠠᠮᠲᠤ ᠳᠤ ᠪᠠᠨ ᠬᠢᠴᠢᠶᠡᠯ ᠪᠡᠯᠡᠳᠬᠡᠬᠦ᠂ ᠶᠡᠭᠡ ᠪᠣᠯᠪᠠᠰᠤᠷᠠᠯ᠂ ᠶᠡᠭᠡ

ᠪᠠᠶᠢᠴᠠᠭᠠᠨ ᠰᠤᠳᠤᠯᠤᠯᠲᠠ ᠵᠡᠷᠭᠡ ᠶᠢ ᠥᠷᠨᠢᠭᠦᠯᠬᠦ ᠪᠠᠷ ᠳᠠᠮᠵᠢᠭᠤᠯᠤᠨ᠂ ᠪᠠᠭᠰᠢ ᠶᠢᠨ ᠵᠢᠭᠠᠨ ᠰᠤᠷᠭᠠᠯᠲᠠ ᠶᠢᠨ

ᠴᠢᠳᠠᠪᠤᠷᠢ ᠪᠣᠯᠤᠨ ᠥᠪᠡᠷ ᠪᠡᠶ᠎ᠡ ᠶᠢᠨ ᠬᠡᠪ ᠪᠣᠯᠪᠠᠰᠤᠷᠠᠯ ᠢ ᠦᠷᠭᠦᠯᠵᠢᠯᠡᠨ ᠳᠡᠭᠡᠭᠰᠢᠯᠡᠭᠦᠯᠵᠦ᠂ ᠦᠵᠡᠯ ᠰᠠᠨᠠᠭ᠎ᠠ

ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ

ᠲᠠᠶᠢᠴᠢᠯᠠᠵᠠᠢ᠃

      ᠡᠨᠡ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠰᠢ ᠶᠢᠨ

ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ

ᠰᠠᠨᠠᠭᠠᠨ ᠤ ᠲᠦᠢᠮᠣ︾ ᠶᠢᠨ ᠵᠢᠭᠠᠨ ᠰᠤᠷᠭᠠᠯᠲᠠ ᠶᠢ ᠵᠢᠯᠣᠭᠤᠳᠬᠤ ᠵᠥᠪᠯᠡᠯ᠂ ᠪᠡᠭᠡᠵᠢᠩ ᠶᠡᠭᠡ ᠰᠤᠷᠭᠠᠭᠤᠯᠢ ᠶᠢᠨ

ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠪᠣᠯᠤᠨ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠠᠷᠺᠰ ᠤᠨ

ᠦᠵᠡᠯ ᠤᠨ ᠳᠡᠭᠡᠳᠦ ᠰᠤᠷᠭᠠᠭᠤᠯᠢ ᠳᠠᠭᠠᠭᠠᠴᠢᠯᠠᠨ ᠡᠷᠬᠢᠯᠡᠪᠡ᠃ ᠠᠵᠢᠯᠯᠠᠭ᠎ᠠ ᠶᠢ ᠠᠬᠤᠢ ᠲᠠᠯᠠᠪᠠᠢ ᠶᠢᠨ ᠲᠠᠶᠢᠯᠤᠮᠵᠢ ᠪᠠ

ᠰᠦᠯᠵᠢᠶᠡᠨ ᠳᠠᠬᠢ ᠰᠢᠭᠤᠳ ᠨᠡᠪᠲᠡᠷᠡᠭᠦᠯᠭᠡ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠥᠷᠨᠢᠭᠦᠯᠵᠦ᠂ ᠶᠡᠭᠡ ᠳᠡᠭᠡᠳᠦ

ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ 200 ᠭᠠᠷᠤᠢ ᠪᠠᠭᠰᠢ ᠶᠢᠨ ᠲᠥᠯᠥᠭᠡᠯᠡᠭᠴᠢ

ᠠᠬᠤᠢ ᠲᠠᠯᠠᠪᠠᠢ ᠳᠤ ᠠᠵᠢᠯᠯᠠᠭ᠎ᠠ ᠳᠤ ᠣᠷᠣᠯᠴᠠᠵᠤ᠂ ᠪᠤᠰᠤᠳ ᠪᠠᠭᠰᠢ ᠨᠠᠷ ᠰᠦᠯᠵᠢᠶᠡᠨ ᠳᠤ ᠠᠵᠢᠯᠯᠠᠭ᠎ᠠ ᠳᠤ

ᠣᠷᠣᠯᠴᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map