2024 ᠣᠨ ᠤ ᠵᠠᠰᠠᠭ ᠤᠨ ᠣᠷᠳᠣᠨ ᠤ ᠣᠨᠴᠠ ᠨᠡᠮᠡᠭᠦᠷᠢ ᠶᠢᠨ ᠪᠡᠯᠡ ᠮᠥᠩᠭᠦ ᠣᠯᠭᠤᠬᠤ ᠪᠠᠷ ᠲᠠᠨᠢᠯᠴᠠᠭᠤᠯᠬᠤ ᠪᠠᠷ ᠪᠠᠶᠢᠭ᠎ᠠ ᠡᠲᠡᠭᠡᠳ ᠢ ᠢᠯᠡ ᠨᠡᠶᠢᠲᠡᠯᠡᠬᠦ ᠲᠤᠬᠠᠢ ᠠᠯᠪᠠᠨ ᠵᠡᠷᠯᠠᠯ
ᠨᠡᠶᠢᠲᠡᠯᠡᠭᠰᠡᠨ ᠴᠠᠭ᠄
2024/4/29
      ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ︽2024 ᠣᠨ ᠤ ᠵᠠᠰᠠᠭ ᠤᠨ ᠣᠷᠳᠣᠨ ᠤ ᠣᠨᠴᠠ ᠨᠡᠮᠡᠭᠦᠷᠢ ᠶᠢᠨ ᠪᠡᠯᠡ ᠮᠥᠩᠭᠦ ᠣᠯᠭᠤᠬᠤ ᠬᠥᠮᠦᠰ ᠢ ᠰᠣᠩᠭᠤᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ᠥᠪᠥᠷ ᠬᠥᠮᠦᠨ ᠤ ᠬᠦᠴᠦᠨ ᠨᠡᠶᠢᠭᠡᠮ ᠪᠢᠴᠢᠭ ﹇2024﹈ 17 ᠳ᠋ᠤᠭᠠᠷ ᠲᠣᠭᠠᠲᠤ︶  ᠤᠨ ᠱᠠᠭᠠᠷᠳᠠᠯᠭ᠎ᠠ ᠶᠢ ᠦᠨᠳᠦᠰᠦᠯᠡᠨ᠂ ᠰᠤᠷᠭᠠᠨ ᠬᠥᠮᠦᠵᠢᠯ ᠤᠨ ᠲᠢᠩᠬᠢᠮ ᠤᠨ ᠬᠠᠷᠢᠶ᠎ᠠ ᠠᠵᠢᠯ ᠦᠢᠯᠡᠰ ᠤᠨ ᠨᠢᠭᠡᠴᠢ ᠪᠠ 5 ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠵᠣᠬᠢᠶᠠᠨ ᠪᠠᠶᠢᠭᠤᠯᠵᠤ᠂ 2024 ᠣᠨ ᠤ ᠵᠠᠰᠠᠭ ᠤᠨ ᠣᠷᠳᠣᠨ ᠤ ᠣᠨᠴᠠ ᠨᠡᠮᠡᠭᠦᠷᠢ ᠶᠢᠨ ᠪᠡᠯᠡ ᠮᠥᠩᠭᠦ ᠣᠯᠭᠤᠬᠤ ᠬᠥᠮᠦᠰ ᠢ ᠲᠠᠨᠢᠯᠴᠠᠭᠤᠯᠬᠤ ᠠᠵᠢᠯ ᠢ ᠥᠷᠨᠢᠭᠦᠯᠪᠡ᠃ ᠡᠳᠦᠭᠡ᠂ ᠰᠤᠷᠭᠠᠨ ᠬᠥᠮᠥᠵᠢᠯ ᠤᠨ ᠲᠢᠩᠬᠢᠮ ᠤᠨ ᠬᠠᠷᠢᠶ᠎ᠠ ᠠᠵᠢᠯ ᠦᠢᠯᠡᠰ ᠤᠨ ᠨᠢᠭᠡᠴᠢ ᠪᠣᠯᠤᠨ 5 ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠠᠨᠢᠯᠴᠠᠭᠤᠯᠬᠤ ᠪᠠᠷ ᠪᠠᠶᠢᠭ᠎ᠠ ᠬᠥᠮᠦᠰ ᠢ ᠢᠯᠡ ᠨᠡᠶᠢᠲᠡᠯᠡᠪᠡ᠃      ᠨᠢᠭᠡ᠂ ᠢᠯᠡ ᠨᠡᠶᠢᠲᠡᠯᠡᠭᠰᠡᠳ      ᠥᠪᠥᠷ ᠮᠣᠩᠭᠤᠯ ᠤᠨ ᠬᠤᠳᠠᠯᠳᠤᠭ᠎ᠠ ᠠᠷᠠᠯᠵᠢᠶᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ    ᠹᠠᠨ ᠸᠧᠨ ᠪᠢᠨ      ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ   ᠬᠠᠨ ᠯᠢ ᠮᠢᠨ      ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ    ᠯᠧᠢ ᠪᠢᠶᠣᠤ      ᠥᠪᠥᠷ ᠮᠣᠩᠭᠤᠯ ᠤᠨ ᠡᠯᠧᠺᠲᠷᠣᠨ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ   ᠯᠢᠨ ᠮᠢᠨ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠠᠬᠤ ᠶᠢ ᠰᠤᠳᠤᠯᠬᠤ ᠲᠠᠰᠤᠭ     ᠿᠧᠨ ᠵᠢᠶᠠᠨ ᠰᠢᠨ      ᠥᠪᠥᠷ ᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠵᠢᠭᠠᠬᠤ ᠶᠢ ᠰᠤᠳᠤᠯᠬᠤ ᠲᠠᠰᠤᠭ   ᠰᠡᠴᠦᠩᠭᠡ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠨᠵᠢᠯᠡᠬᠦ       ᠤᠬᠠᠭᠠᠨ ᠤ ᠰᠣᠳᠤᠯᠭᠠᠨ ᠪᠣᠯᠤᠨ ᠬᠢᠨᠠᠨ ᠪᠠᠶᠢᠴᠠᠭᠠᠵᠤ ᠦᠨᠡᠯᠡᠨ ᠵᠢᠱᠢᠬᠦ ᠬᠦᠷᠢᠶᠡᠯᠡᠩ    ᠰᠦᠨ ᠮᠧᠢ      ᠥᠪᠥᠷ ᠮᠣᠩᠭᠤᠯ ᠤᠨ ᠡᠯᠧᠺᠲᠷᠣᠨ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ   ᠸᠠᠩ ᠰᠢᠦᠢ      ᠥᠪᠥᠷ ᠮᠣᠩᠭᠤᠯ ᠤᠨ ᠪᠠᠷᠢᠯᠭ᠎ᠠ ᠶᠢᠨ ᠠᠵᠢᠯ  ᠮᠡᠷᠭᠡᠵᠢᠯ ᠤᠨ ᠳᠡᠭᠡᠳᠦ ᠰᠤᠷᠭᠠᠭᠤᠯᠢ  ᠶᠢᠨ ᠬᠤᠸᠠ      ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ      ᠢᠯᠡ ᠨᠡᠶᠢᠲᠡᠯᠡᠬᠦ ᠴᠠᠭ᠄ 2024 ᠣᠨ ᠤ 4 ᠰᠠᠷ᠎ᠠ ᠶᠢᠨ 28 - 5 ᠰᠠᠷ᠎ᠠ ᠶᠢᠨ 7 ᠤ ᠡᠳᠦᠷ ᠪᠣᠯᠤᠨ᠎ᠠ᠃      ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ      ᠨᠢᠭᠡᠴᠢ ᠪᠠ ᠬᠤᠪᠢ ᠬᠥᠮᠦᠨ ᠢᠷᠡᠬᠦ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ ᠢᠯᠡ ᠨᠡᠶᠢᠲᠡᠯᠡᠬᠦ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠳᠥᠭᠦᠮ ᠦᠵᠡᠭᠦᠯᠬᠦ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠦᠬᠦᠢ ᠰᠦᠪᠡᠭᠴᠢ ᠬᠠᠩᠭᠠᠬᠤ ᠶᠢᠨ ᠬᠠᠮᠲᠤ ᠲᠤᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠶᠢ ᠬᠠᠩᠭᠠᠵᠤ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠪᠠᠶᠢᠴᠠᠭᠠᠭᠰᠠᠨ ᠪᠠᠶᠢᠳᠠᠯ ᠢ ᠴᠠᠭ ᠲᠤᠬᠠᠢ ᠳᠤ ᠨᠢ ᠬᠠᠷᠢᠭᠤ ᠲᠤᠰᠬᠠᠨ᠎ᠠ᠃      ᠢᠯᠡ ᠨᠡᠶᠢᠲᠡᠯᠡᠬᠦ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ  ᠤᠨ ᠲᠢᠩᠬᠢᠮ ᠤᠨ ᠠᠯᠪᠠᠨ ᠠᠰᠠᠷ ᠤᠨ 911 ᠥᠷᠥᠭᠡ᠂ 805 ᠤᠢᠷᠤᠭᠡ ᠳᠤ ᠲᠣᠬᠢᠷᠠᠭᠤᠯᠪᠠ᠃      ᠬᠦᠯᠢᠶᠡᠨ ᠠᠪᠴᠤ ᠰᠢᠢᠳᠪᠦᠷᠢᠯᠡᠬᠦ ᠴᠠᠭ᠄      ᠠᠵᠢᠯ ᠤᠨ ᠡᠳᠦᠷ ᠤᠨ ᠦᠳᠡ ᠶᠢᠨ ᠡᠮᠦᠨ᠎ᠡ 9᠄ 00 - 12᠄ 00      ᠦᠳᠡ ᠶᠢᠨ ᠬᠤᠶᠢᠨ᠎ᠠ 14᠄ 30 - 17᠄ 30      ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ  ᠶᠢ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ 0471 - 2856911᠂ ᠪᠠᠶᠢᠭᠤᠯᠭ᠎ᠠ ᠶᠢᠨ ᠰᠠᠬᠢᠯᠭ᠎ᠠ ᠪᠠᠲᠤ ᠶᠢ ᠪᠠᠶᠢᠴᠠᠭᠠᠬᠤ ᠬᠤᠷᠢᠶ᠎ᠠ 0471 - 2856026      ᠣᠨᠴᠠᠭᠠᠶᠢᠯᠠᠨ ᠢᠯᠡ ᠨᠡᠶᠢᠲᠡᠯᠡᠪᠡ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ              2024 ᠣᠨ ᠤ 4 ᠰᠠᠷ᠎ᠠ ᠶᠢᠨ 26 ᠤ ᠡᠳᠦᠷ    
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map