ᠡᠯ᠎ᠡ ᠶᠡᠭᠡ ᠳᠡᠭᠡᠳᠦ ᠰᠤᠷᠭᠠᠭᠤᠯᠢ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠤᠬᠠᠭᠤᠯᠭ᠎ᠠ ᠶᠢᠨ ᠠᠵᠢᠯᠯᠠᠭ᠎ᠠ ᠭᠤᠶᠢᠳᠠ ᠰᠠᠶᠢᠬᠠᠨ ᠶᠠᠪᠤᠭᠳᠠᠵᠤ ᠪᠣᠢ
ᠨᠡᠶᠢᠲᠡᠯᠡᠭᠰᠡᠨ ᠴᠠᠭ᠄
2024/4/29
      ᠪᠦᠬᠦ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠤᠬᠠᠭᠤᠯᠭ᠎ᠠ ᠶᠢᠨ ᠭᠠᠷᠠᠭ  ᠤᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠮᠡᠳᠡᠯᠭᠡ ᠶᠢᠨ ᠥᠮᠴᠢᠯᠡᠯ ᠤᠨ ᠡᠷᠬᠡ ᠶᠢ ᠤᠯᠠᠷᠢᠭᠤᠯᠤᠨ ᠬᠡᠷᠡᠭᠯᠡᠵᠦ ᠴᠢᠨᠠᠷᠯᠢᠭ ᠬᠥᠭᠵᠢᠯᠲᠡ ᠶᠢ ᠠᠬᠢᠭᠤᠯᠬᠤ︾ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠳᠤ ᠬᠠᠨᠳᠤᠭᠤᠯᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠤᠬᠠᠭᠤᠯᠭ᠎ᠠ ᠶᠢᠨ ᠭᠠᠷᠠᠭ ᠤᠨ ᠰᠢᠷᠢᠰ ᠠᠵᠢᠯᠯᠠᠭ᠎ᠠ ᠶᠢ ᠥᠷᠨᠢᠭᠦᠯᠦᠨ᠂ ᠢᠯᠡᠳᠲᠡ ᠦᠷ᠎ᠡ ᠪᠦᠲᠦᠮᠵᠢ ᠣᠯᠵᠤ᠂ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠭᠦᠳᠦᠯᠲᠡ᠂ ᠬᠡᠷᠡᠭᠯᠡᠯᠲᠡ ᠪᠠ ᠬᠠᠮᠠᠭᠠᠯᠠᠯᠲᠠ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      ᠨᠢᠭᠡ᠂ ᠲᠤᠰᠬᠠᠢ ᠰᠡᠳᠦᠪᠲᠦ ᠲᠠᠶᠢᠯᠤᠮᠵᠢ ᠪᠠ ᠪᠣᠯᠪᠠᠰᠤᠷᠠᠯ ᠤᠨ ᠲᠠᠯ᠎ᠠ ᠪᠠᠷ      ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠤᠯᠢ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠪᠠ ᠦᠢᠯᠡᠳᠦᠯᠭᠡ᠂ ᠲᠤᠰᠬᠠᠢ ᠠᠰᠢᠭ ᠤᠨ ᠴᠢᠮᠡᠭᠡ ᠵᠠᠩᠭᠢ ᠨᠢ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠲᠤᠰᠬᠠᠢ ᠠᠰᠢᠭ ᠢ ᠭᠤᠶᠤᠴᠢᠯᠠᠬᠤ ᠵᠢᠴᠢ ᠪᠣᠳᠠᠲᠤ ᠵᠦᠢᠯ ᠢ ᠤᠷᠢᠳᠴᠢᠯᠠᠨ ᠬᠢᠨᠠᠬᠤ᠂ ᠲᠤᠰᠬᠠᠢ ᠠᠰᠢᠭ ᠤᠨ ᠣᠷᠣᠯᠠᠭᠴᠢ ᠪᠠᠭᠰᠢ ᠶᠢᠨ ᠠᠵᠢᠯ ᠮᠡᠷᠭᠡᠵᠢᠯ ᠤᠨ ᠲᠥᠯᠥᠪᠵᠢᠭᠦᠯᠭᠡ᠂ ᠮᠡᠳᠡᠯᠭᠡ ᠶᠢᠨ ᠥᠮᠴᠢᠯᠡᠯ ᠤᠨ ᠡᠷᠬᠡ ᠪᠣᠯᠤᠨ ᠰᠢᠨ᠎ᠡ ᠶᠢ ᠡᠭᠦᠳᠦᠨ ᠦᠢᠯᠡᠰ ᠪᠣᠰᠬᠠᠬᠤ᠂ ᠡᠮ ᠤᠨ ᠤᠬᠠᠭᠠᠨ ᠪᠠ ᠬᠢᠮᠢ ᠶᠢᠨ ᠬᠦᠷᠢᠶᠡᠨ ᠳᠠᠬᠢ ᠲᠤᠰᠬᠠᠢ ᠠᠰᠢᠭ ᠤᠨ ᠮᠡᠳᠡᠭᠡ ᠵᠠᠩᠭᠢ ᠶᠢ ᠣᠯᠬᠤ ᠵᠡᠷᠭᠡ ᠭᠤᠣᠯ ᠰᠡᠳᠦᠪ ᠤᠨ ᠲᠣᠭᠤᠷᠢᠨ ᠳᠤ᠂ 12 ᠲᠠᠯᠠᠪᠤᠷ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠡᠷᠬᠢᠯᠡᠵᠦ᠂ ᠪᠣᠯᠪᠠᠰᠤᠷᠠᠯ ᠳᠤ 1000 ᠭᠠᠷᠤᠢ ᠬᠥᠮᠦᠨ ᠣᠷᠣᠯᠴᠠᠭᠰᠠᠨ ᠪᠠᠶᠢᠨ᠎ᠠ᠃   

1.png

      ᠬᠤᠶᠠᠷ᠂ ᠲᠤᠰᠬᠠᠢ ᠠᠰᠢᠭ ᠤᠨ ᠦᠵᠡᠭᠦᠯᠭᠡ ᠶᠢᠨ ᠠᠵᠢᠯᠯᠠᠭ᠎ᠠ ᠶᠢᠨ ᠲᠠᠯ᠎ᠠ ᠪᠠᠷ

      ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠬᠡᠯᠬᠢᠶ᠎ᠡ ᠶᠢ

ᠤᠷᠲᠤᠳᠬᠠᠬᠤ᠂ ᠬᠡᠯᠬᠢᠶ᠎ᠡ ᠶᠢ ᠴᠢᠩᠭᠠᠳᠬᠠᠬᠤ᠂ ᠬᠡᠯᠬᠢᠶ᠎ᠡ ᠶᠢ ᠨᠥᠬᠦᠪᠥᠷᠢᠯᠡᠬᠦ ᠬᠡᠷᠡᠭᠴᠡᠭᠡ ᠱᠠᠭᠠᠷᠳᠠᠯᠭ᠎ᠠ ᠳᠤ

ᠠᠩᠬᠠᠷᠤᠯ ᠢᠶᠠᠨ ᠲᠥᠪᠯᠡᠷᠡᠭᠦᠯᠵᠦ᠂ 3 ᠲᠠᠯᠠᠪᠤᠷ ᠲᠤᠰᠬᠠᠢ ᠠᠰᠢᠭ ᠤᠨ ᠦᠵᠡᠭᠦᠯᠭᠡ ᠶᠢᠨ ᠠᠵᠢᠯᠯᠠᠭ᠎ᠠ ᠶᠢ ᠡᠷᠬᠢᠯᠡᠵᠦ᠂

139 ᠠᠵᠤ ᠠᠬᠤᠶᠢᠯᠠᠯ ᠤᠨ ᠲᠥᠯᠥᠭᠡᠯᠡᠭᠴᠢ ᠦᠵᠡᠭᠦᠯᠭᠡ ᠶᠢᠨ ᠠᠵᠢᠯᠯᠠᠭ᠎ᠠ ᠳᠤ ᠣᠷᠣᠯᠴᠠᠨ᠂ ᠰᠢᠨ᠎ᠡ ᠡᠨᠧᠷᠭᠢ᠂

ᠲᠠᠷᠢᠶᠠᠯᠠᠩ ᠮᠠᠯ ᠠᠵᠤ ᠠᠬᠤᠢ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ᠂

ᠬᠢᠮᠡᠯ ᠣᠶᠤᠨ ᠵᠡᠷᠭᠡ ᠬᠦᠷᠢᠶᠡᠨ ᠳᠤ ᠬᠤᠯᠪᠤᠭᠳᠠᠵᠤ᠂ ᠡᠨᠡ ᠤᠳᠠᠭᠠᠨ ᠤ  ᠦᠵᠡᠭᠦᠯᠭᠡ ᠶᠢᠨ ᠠᠵᠢᠯᠯᠠᠭ᠎ᠠ ᠪᠣᠯ

ᠲᠤᠰᠬᠠᠢ ᠠᠰᠢᠭ ᠢ ᠠᠮᠢᠯᠠᠭᠤᠯᠬᠤ ᠠᠵᠢᠯ ᠢ ᠱᠠᠲᠤᠴᠢ ᠴᠢᠨᠠᠷᠲᠠᠢ ᠰᠢᠯᠭᠠᠨ ᠠᠪᠬᠤ ᠶᠢᠨ ᠬᠠᠮᠲᠤ ᠶᠡᠭᠡ ᠳᠡᠭᠡᠳᠦ

ᠰᠤᠷᠭᠠᠭᠤᠯᠢ ᠶᠢᠨ ᠳᠠᠷᠠᠭ᠎ᠠ ᠠᠯᠬᠤᠮ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ

ᠶᠡᠭᠡ ᠪᠠᠷ ᠪᠠᠶᠢᠴᠠᠭᠠᠬᠤ ᠠᠵᠢᠯᠯᠠᠭᠠᠨ ᠤ ᠰᠠᠭᠤᠷᠢ ᠶᠢ  ᠪᠠᠲᠤᠳᠬᠠᠪᠠ᠃

   

2.png

      ᠭᠤᠷᠪᠠ᠂ ᠮᠡᠳᠡᠯᠭᠡ ᠶᠢᠨ ᠤᠷᠤᠯᠳᠤᠭᠠᠨ ᠤ ᠲᠠᠯ᠎ᠠ ᠪᠠᠷ

      ᠮᠡᠳᠡᠯᠭᠡ ᠶᠢᠨ ᠥᠮᠴᠢᠯᠡᠯ ᠤᠨ ᠡᠷᠬᠡ ᠶᠢᠨ ᠰᠣᠶᠣᠯ ᠪᠠ ᠳᠦᠷᠢᠮ ᠢ ᠤᠯᠠᠮ ᠨᠢᠭᠡ ᠠᠯᠬᠤᠮ ᠤᠬᠠᠭᠤᠯᠵᠤ᠂

ᠮᠡᠳᠡᠯᠭᠡ ᠶᠢᠨ ᠥᠮᠴᠢᠯᠡᠯ ᠤᠨ ᠡᠷᠬᠡ ᠶᠢᠨ ᠮᠡᠳᠡᠯᠭᠡ ᠪᠠ ᠤᠷ᠎ᠠ ᠴᠢᠳᠠᠪᠤᠷᠢ ᠶᠢ ᠲᠦᠭᠡᠮᠡᠯᠵᠢᠭᠦᠯᠦᠨ᠂ ᠤᠶᠤᠲᠠᠳ ᠤᠨ

ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠲᠤᠰᠬᠠᠢ ᠠᠰᠢᠭ ᠤᠨ ᠮᠡᠳᠡᠭᠡ

ᠵᠠᠩᠭᠢ ᠶᠢ ᠬᠠᠶᠢᠬᠤ ᠤᠷᠤᠯᠳᠤᠭᠠᠨ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠰᠠᠭᠤᠷᠢ ᠮᠡᠳᠡᠯᠭᠡ ᠶᠢᠨ

ᠤᠷᠤᠯᠳᠤᠭᠠᠨ ᠪᠠ ︽ᠮᠡᠳᠡᠯᠭᠡ ᠶᠢᠨ ᠥᠮᠴᠢᠯᠡᠯ ᠤᠨ ᠡᠷᠬᠡ ᠶᠢᠨ ᠢᠷᠡᠭᠡᠳᠦᠢ︾ ᠭᠡᠬᠦ ᠮᠡᠳᠡᠯᠭᠡ ᠶᠢᠨ ᠥᠮᠴᠢᠯᠡᠯ ᠤᠨ

ᠡᠷᠬᠡ ᠶᠢᠨ ᠰᠤᠷᠭᠠᠭᠤᠯᠢ ᠶᠢᠨ ᠬᠦᠷᠢᠶᠡᠨ ᠤ ᠰᠡᠴᠡᠯᠳᠦᠭᠡᠨ ᠵᠡᠷᠭᠡ ᠶᠢ  ᠥᠷᠨᠢᠭᠦᠯᠦᠨ᠂ ᠤᠷᠤᠯᠳᠤᠭᠠᠨ ᠤ ᠬᠡᠯᠪᠡᠷᠢ ᠪᠠᠷ

ᠠᠵᠢᠯᠯᠠᠭ᠎ᠠ ᠥᠷᠨᠢᠭᠦᠯᠵᠦ᠂ ᠪᠠᠭᠰᠢ ᠰᠤᠷᠤᠭᠴᠢᠳ ᠲᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠢᠶ᠎ᠠ ᠪᠦᠬᠦᠢ

ᠬᠠᠤᠯᠢ ᠴᠠᠭᠠᠵᠠ ᠬᠠᠤᠯᠢ ᠳᠦᠷᠢᠮ ᠢ ᠭᠦᠨᠵᠡᠭᠡᠢ ᠣᠶᠢᠯᠠᠭᠠᠭᠤᠯᠪᠠ᠃

3.png

      ᠳᠥᠷᠪᠡ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠤᠬᠠᠭᠤᠯᠭ᠎ᠠ ᠶᠢᠨ ᠠᠵᠢᠯᠯᠠᠭᠠᠨ ᠤ ᠲᠠᠯ᠎ᠠ ᠪᠠᠷ

      ᠡᠨᠡ ᠤᠳᠠᠭᠠᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠤᠬᠠᠭᠤᠯᠭ᠎ᠠ ᠶᠢᠨ ᠭᠠᠷᠠᠭ  ᠤᠨ

ᠤᠬᠠᠭᠤᠯᠭ᠎ᠠ ᠶᠢᠨ ᠠᠵᠢᠯᠯᠠᠭᠠᠨ ᠤ ᠬᠡᠯᠪᠡᠷᠢ ᠣᠯᠠᠨ ᠶᠠᠩᠵᠤ᠂ ᠪᠠᠶᠠᠯᠢᠭ ᠰᠠᠶᠢᠬᠠᠨ ᠪᠠᠶᠢᠵᠤ᠂ ᠰᠦᠯᠵᠢᠶᠡᠨ ᠤ

ᠵᠠᠭᠤᠴᠢᠯᠠᠭᠤᠷ᠂ ᠦᠵᠡᠭᠦᠯᠭᠡ ᠶᠢᠨ ᠰᠠᠮᠪᠠᠷ᠎ᠠ ᠦᠵᠡᠭᠦᠯᠭᠡ ᠶᠢᠨ ᠲᠠᠯᠪᠢᠭᠤᠷ᠂ ᠸᠢᠴᠠᠲ ᠤᠨ ᠣᠯᠠᠨ ᠨᠡᠶᠢᠲᠡ ᠶᠢᠨ

ᠳ᠋ᠤᠭᠠᠷ ᠵᠡᠷᠭᠡ ᠲᠠᠪᠴᠠᠩ ᠤᠨ ᠵᠠᠭᠤᠴᠢᠯᠠᠭᠤᠷ ᠢᠶᠠᠷ ᠳᠠᠮᠵᠢᠭᠤᠯᠤᠨ᠂ ᠰᠦᠯᠵᠢᠶᠡᠨ ᠳᠠᠬᠢ ᠪᠠ ᠰᠦᠯᠵᠢᠶᠡᠨ

ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠥᠷᠨᠢᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠪᠠᠭᠰᠢ

ᠰᠤᠷᠤᠭᠴᠢᠳ ᠤᠨ ᠮᠡᠳᠡᠯᠭᠡ ᠵᠢᠨ‌ᠥᠮᠴᠢᠯᠡᠯ ᠤᠨ ᠡᠷᠬᠡ ᠶᠢᠨ ᠡᠭᠦᠳᠦᠨ ᠪᠦᠲᠦᠭᠡᠬᠦ ᠴᠢᠳᠠᠪᠤᠷᠢ᠂ ᠬᠠᠮᠠᠭᠠᠯᠠᠬᠤ ᠦᠵᠡᠯ

ᠤᠬᠠᠮᠰᠠᠷ ᠪᠠ ᠬᠡᠷᠡᠭᠯᠡᠬᠦ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠪᠡ᠃

   

4.png

5.webp.jpg

6.webp.jpg

7.webp.jpg

  

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map