ᠪᠦᠬᠦ ᠣᠷᠣᠨ ᠤ ᠳᠡᠭᠡᠳᠦ ᠰᠤᠷᠭᠠᠭᠤᠯᠢ ᠶᠢᠨ ︽ᠨᠢᠭᠡ ᠥᠷᠲᠡᠭᠡ ᠮᠠᠶ᠋ᠢᠭ︾ ᠤᠨ ᠰᠤᠷᠤᠭᠴᠢ ᠶᠢᠨ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠵᠠᠭᠪᠤᠷ ᠤᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢ ᠡᠷᠬᠢᠯᠡᠪᠡ
ᠨᠡᠶᠢᠲᠡᠯᠡᠭᠰᠡᠨ ᠴᠠᠭ᠄
2024/4/29
      4 ᠰᠠᠷ᠎ᠠ ᠶᠢᠨ 23 - 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠣᠯᠯᠠᠨ ᠡᠷᠬᠢᠯᠡᠭᠰᠡᠨ 2024 ᠣᠨ ᠤ ᠪᠦᠬᠦ ᠣᠷᠣᠨ ᠤ ᠳᠡᠭᠡᠳᠦ ᠰᠤᠷᠭᠠᠭᠤᠯᠢ ᠶᠢᠨ ︽ᠨᠢᠭᠡ ᠥᠷᠲᠡᠭᠡ ᠮᠠᠶ᠋ᠢᠭ︾ ᠤᠨ ᠰᠤᠷᠤᠭᠴᠢ ᠶᠢᠨ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠵᠠᠭᠪᠤᠷ ᠤᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢ ᠬᠤᠸᠠ ᠵᠦᠩ ᠪᠠᠭᠰᠢ ᠶᠢᠨ ᠶᠡᠭᠡ ᠰᠤᠷᠭᠠᠭᠤᠯᠢ ᠳᠤ ᠡᠷᠬᠢᠯᠡᠪᠡ᠃      ᠡᠨᠡ ᠤᠳᠠᠭᠠᠨ ᠤ ᠪᠣᠯᠪᠠᠰᠤᠷᠠᠯ ᠪᠣᠯ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠪᠣᠯᠪᠠᠰᠤᠷᠠᠯ ᠢᠶᠠᠷ ᠳᠠᠮᠵᠢᠭᠤᠯᠤᠨ᠂ ᠪᠦᠬᠦ           ᠣᠷᠣᠨ ᠤ ᠶᠡᠭᠡ ᠳᠡᠭᠡᠳᠦ ᠰᠤᠷᠭᠠᠭᠤᠯᠢ ᠶᠢᠨ ︽ᠴᠠᠭ ᠦᠶ᠎ᠡ ᠶᠢᠨ ᠰᠢᠨ᠎ᠡ ᠬᠥᠮᠦᠨ ᠤ ᠰᠦᠭ ᠢ ᠱᠤᠭᠤᠬᠤ ᠢᠨᠵᠧᠨᠧᠷᠢᠩ︾᠂ ︽ᠨᠢᠭᠡ ᠥᠷᠲᠡᠭᠡ ᠮᠠᠶ᠋ᠢᠭ︾ ᠤᠨ ᠰᠤᠷᠤᠭᠴᠢ ᠶᠢᠨ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠵᠠᠭᠪᠤᠷ ᠤᠨ ᠪᠠᠶᠢᠭᠤᠯᠤᠯᠲᠠ ᠵᠢᠴᠢ ᠰᠤᠷᠤᠭᠴᠢ ᠶᠢᠨ ᠠᠵᠢᠯ ᠤᠨ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠪᠠ᠃

1.webp.jpg

      ᠪᠣᠯᠪᠠᠰᠤᠷᠠᠯ ᠤᠨ ᠬᠤᠭᠤᠴᠠᠭᠠᠨ ᠳᠤ᠂ ᠬᠤᠪᠧᠢ ᠮᠤᠵᠢ ᠶᠢᠨ ᠨᠠᠮ ᠤᠨ ᠬᠤᠷᠢᠶᠠᠨ ᠤ ᠢᠨᠲ᠋ᠧᠷ

ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠬᠤᠸᠠ ᠵᠦᠩ ᠪᠠᠭᠰᠢ ᠶᠢᠨ ᠶᠡᠭᠡ ᠰᠤᠷᠭᠠᠭᠤᠯᠢ᠂ ᠦᠬᠠᠨ ᠶᠡᠭᠡ

ᠰᠤᠷᠭᠠᠭᠤᠯᠢ᠂ ᠬᠤᠸᠠ ᠵᠦᠩ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠶᠢᠨ ᠲᠤᠰᠬᠠᠢ ᠮᠡᠷᠭᠡᠵᠢᠯᠲᠡᠨ ᠡᠷᠳᠡᠮᠲᠡᠨ

ᠵᠢᠴᠢ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠬᠠᠮᠤᠭ ᠤᠨ ᠭᠤᠶᠣ ᠬᠠᠪᠰᠤᠷᠤᠨ ᠵᠢᠯᠣᠭᠤᠳᠤᠭᠴᠢ ᠲᠤᠰ

ᠲᠤᠰ ᠶᠡᠭᠡ ᠳᠡᠭᠡᠳᠦ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ

ᠪᠠᠲᠤ ᠴᠣᠭᠴᠠᠯᠠᠬᠤ ᠦᠢᠯᠡᠳᠦᠯᠭᠡ ᠶᠢᠨ ᠠᠷᠭ᠎ᠠ ᠵᠠᠮ᠂ ᠰᠢᠨ᠎ᠡ ᠴᠠᠭ ᠦᠶ᠎ᠡ ᠶᠢᠨ ᠶᠡᠭᠡ ᠳᠡᠭᠡᠳᠦ ᠰᠤᠷᠭᠠᠭᠤᠯᠢ ᠶᠢᠨ

ᠬᠠᠪᠰᠤᠷᠤᠨ ᠵᠢᠯᠣᠭᠤᠳᠣᠭᠴᠢ ᠶᠢᠨ ᠬᠠᠷᠢᠭᠤᠴᠠᠯᠭ᠎ᠠ ᠪᠠ ᠡᠭᠦᠷᠭᠡᠯᠡᠯ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ

ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠠᠷᠭᠠᠴᠠᠬᠤ ᠪᠠ ᠰᠢᠢᠳᠪᠦᠷᠢᠯᠡᠬᠦ᠂ ︽ᠨᠢᠭᠡ ᠥᠷᠲᠡᠭᠡ ᠮᠠᠶ᠋ᠢᠭ︾ ᠤᠨ

ᠰᠤᠷᠤᠭᠴᠢᠳ ᠤᠨ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠰᠢᠨ᠎ᠡ ᠶᠢ ᠡᠭᠦᠳᠬᠦ᠂ ᠴᠠᠭ

ᠦᠶ᠎ᠡ ᠶᠢᠨ ᠰᠢᠨ᠎ᠡ ᠬᠥᠮᠦᠨ ᠤ ᠰᠦᠭ ᠢ ᠱᠤᠭᠤᠬᠤ ᠢᠨᠵᠧᠨᠧᠷᠢᠩ ᠳᠠᠬᠢ ᠰᠤᠷᠤᠭᠴᠢ ᠶᠢᠨ ᠠᠵᠢᠯ ᠤᠨ

ᠬᠠᠷᠢᠭᠤᠴᠠᠯᠭ᠎ᠠ  ᠪᠠ ᠡᠭᠦᠷᠭᠡᠯᠡᠯ ᠵᠡᠷᠭᠡ ᠭᠤᠣᠯ ᠰᠡᠳᠦᠪ ᠤᠨ ᠲᠣᠭᠤᠷᠢᠨ ᠳᠤ ᠮᠡᠳᠡᠭᠦᠯᠦᠯᠲᠡ ᠬᠢᠵᠡᠢ᠃

   

2.png

      ᠰᠤᠳᠤᠯᠤᠨ ᠶᠠᠷᠢᠯᠴᠠᠵᠤ ᠰᠣᠯᠢᠯᠴᠠᠬᠤ ᠭᠤᠭᠴᠤᠭ᠎ᠠ ᠳᠤ᠂ ᠥᠪᠥᠷ ᠮᠣᠩᠭᠤᠯ ᠤᠨ ᠶᠡᠭᠡ ᠰᠤᠷᠭᠠᠭᠤᠯᠢ᠂

ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠰᠢᠨᠵᠢᠯᠡᠭᠡ

ᠮᠡᠷᠭᠡᠵᠢᠯ ᠤᠨ ᠶᠡᠭᠡ ᠰᠤᠷᠭᠠᠭᠤᠯᠢ ᠶᠢᠨ ᠪᠤᠭᠤᠲᠤ ᠳᠠᠬᠢ ᠪᠠᠭᠰᠢ ᠶᠢᠨ ᠳᠡᠭᠡᠳᠦ ᠰᠤᠷᠭᠠᠭᠤᠯᠢ᠂ ᠵᠢᠨᠢᠩ ᠪᠠᠭᠰᠢ ᠶᠢᠨ

ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠪᠤᠭᠤᠲᠤ

ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠥᠯᠥᠨ ᠪᠤᠶᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂

ᠲᠦᠩᠯᠢᠶᠣᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ 8 ᠶᠡᠭᠡ ᠳᠡᠭᠡᠳᠦ ᠰᠤᠷᠭᠠᠭᠤᠯᠢ ᠶᠢᠨ

ᠪᠣᠯᠪᠠᠰᠤᠷᠠᠯ ᠳᠤ ᠣᠷᠣᠯᠴᠠᠭᠰᠠᠨ ᠰᠤᠷᠤᠯᠭᠠᠲᠠᠳ ︽ᠨᠢᠭᠡ ᠥᠷᠲᠡᠭᠡ ᠮᠠᠶ᠋ᠢᠭ︾ ᠤᠨ ᠰᠤᠷᠤᠭᠴᠢ ᠶᠢᠨ ᠨᠡᠶᠢᠭᠡᠮ

ᠲᠣᠭᠤᠷᠢᠭ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠵᠠᠭᠪᠤᠷ ᠤᠨ ᠪᠠᠶᠢᠭᠤᠯᠤᠯᠲᠠ ᠶᠢᠨ ᠲᠤᠷᠰᠢᠯᠭ᠎ᠠ ᠪᠠᠨ

ᠬᠤᠪᠢᠶᠠᠯᠴᠠᠨ᠂ ᠬᠤᠸᠠ ᠵᠥᠩ ᠪᠠᠭᠰᠢ ᠶᠢᠨ ᠶᠡᠭᠡ ᠰᠤᠷᠭᠠᠭᠤᠯᠢ᠂ ᠪᠣᠷᠣᠲᠣᠬᠤᠢ ᠳᠡᠭᠡᠳᠦ ᠰᠤᠷᠭᠠᠭᠤᠯᠢ᠂ ᠣᠷᠳᠣᠰ

ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠣᠯᠪᠠᠰᠤᠷᠠᠯ ᠳᠤ ᠣᠷᠣᠯᠴᠠᠭᠰᠠᠨ ᠰᠤᠷᠤᠯᠭᠠᠲᠠᠳ ︽ᠳᠡᠭᠡᠳᠦ

ᠰᠤᠷᠭᠠᠭᠤᠯᠢ ᠶᠢᠨ ᠰᠤᠷᠤᠭᠴᠢᠳ ᠤᠨ ᠰᠡᠳᠬᠢᠴᠡ ᠶᠢᠨ ᠲᠦᠭᠰᠢᠭᠦᠷᠢ ᠶᠢᠨ ᠬᠡᠷᠡᠭ ᠢ ᠰᠢᠢᠳᠪᠦᠷᠢᠯᠡᠬᠦ ᠪᠠ          

ᠠᠷᠭᠠᠴᠠᠬᠤ︾ ᠲᠤᠬᠠᠢ ᠲᠤᠷᠰᠢᠯᠭ᠎ᠠ ᠪᠠᠨ ᠬᠤᠪᠢᠶᠠᠯᠴᠠᠪᠠ᠃

   

3.png

4.png

5.png

      ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠭᠤᠭᠴᠤᠭ᠎ᠠ ᠳᠤ᠂ ᠪᠣᠯᠪᠠᠰᠤᠷᠠᠯ ᠤᠨ ᠠᠩᠭᠢ ᠶᠢᠨ ᠬᠢᠨ

ᠰᠤᠷᠤᠭᠴᠢᠳ ᠢ ᠵᠣᠬᠢᠶᠠᠨ ᠪᠠᠶᠢᠭᠤᠯᠵᠤ ᠦᠬᠠᠨ ᠤ ᠬᠤᠪᠢᠰᠬᠠᠯ ᠤᠨ ᠮᠦᠽᠧᠢ᠂ ᠬᠤᠸᠠ ᠵᠦᠩ ᠲᠠᠷᠢᠶᠠᠯᠠᠩ ᠤᠨ ᠶᠡᠭᠡ

ᠰᠤᠷᠭᠠᠭᠤᠯᠢ ᠶᠢᠨ ︽ᠨᠢᠭᠡ ᠥᠷᠲᠡᠭᠡ ᠮᠠᠶ᠋ᠢᠭ︾ ᠤᠨ ᠰᠤᠷᠤᠭᠴᠢᠳ ᠤᠨ ᠨᠡᠶᠢᠭᠡᠮ ᠲᠣᠭᠤᠷᠢᠭ᠂ ᠬᠤᠸᠠ ᠵᠦᠩ

ᠪᠠᠭᠰᠢ ᠶᠢᠨ ᠶᠡᠭᠡ ᠰᠤᠷᠭᠠᠭᠤᠯᠢ ᠶᠢᠨ ︽ᠨᠢᠭᠡ ᠥᠷᠲᠡᠭᠡ ᠮᠠᠶ᠋ᠢᠭ︾ ᠤᠨ ᠰᠤᠷᠤᠭᠴᠢᠳ ᠤᠨ ᠨᠡᠶᠢᠭᠡᠮ ᠲᠣᠭᠤᠷᠢᠭ

ᠵᠡᠷᠭᠡ ᠭᠠᠵᠠᠷ ᠲᠤ ᠣᠴᠢᠭᠤᠯᠤᠨ ᠰᠤᠷᠤᠯᠴᠠᠭᠤᠯᠵᠤ᠂ ᠨᠠᠮᠴᠢ ᠴᠢᠨᠠᠷ ᠤᠨ ᠬᠥᠮᠦᠵᠢᠯ ᠪᠠ ᠣᠶᠤᠨ ᠰᠠᠨᠠᠭᠠᠨ ᠤ

ᠳᠠᠪᠲᠠᠯᠲᠠ ᠶᠢ ᠬᠦᠯᠢᠶᠡᠯᠭᠡᠨ᠂ ︽ᠨᠢᠭᠡ ᠥᠷᠲᠡᠭᠡ ᠮᠠᠶ᠋ᠢᠭ︾ ᠤᠨ ᠰᠤᠷᠤᠭᠴᠢᠳ ᠤᠨ ᠨᠡᠶᠢᠭᠡᠮ ᠲᠣᠭᠤᠷᠢᠭ ᠤᠨ

ᠪᠠᠶᠢᠭᠤᠯᠤᠯᠲᠠ ᠶᠢ ᠲᠤᠬᠠᠢ ᠶᠢᠨ ᠭᠠᠵᠠᠷ ᠲᠤ ᠨᠢ ᠪᠡᠶᠡᠴᠢᠯᠡᠨ ᠣᠶᠢᠯᠠᠭᠠᠭᠤᠯᠵᠤ᠂ ᠠᠵᠢᠯ ᠤᠨ ᠰᠡᠳᠬᠢᠮᠵᠢ ᠶᠢ ᠨᠢ

ᠤᠯᠠᠮ ᠨᠢᠭᠡ ᠠᠯᠬᠤᠮ  ᠥᠷᠭᠡᠳᠭᠡᠪᠡ᠃

   

6.webp.jpg

7.webp.jpg

8.webp.jpg

      ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ 60 ᠭᠠᠷᠤᠢ ᠰᠤᠷᠤᠭᠴᠢ ᠶᠢᠨ ᠠᠵᠢᠯ ᠤᠨ ᠰᠠᠯᠠᠭ᠎ᠠ

ᠮᠥᠴᠢᠷ ᠤᠨ ᠬᠠᠷᠢᠭᠤᠴᠠᠯᠭᠠᠲᠠᠨ ᠪᠣᠯᠪᠠᠰᠤᠷᠠᠯ ᠳᠤ ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map