ᠪᠦᠬᠦ ᠪᠠᠭᠰᠢ ᠰᠤᠷᠤᠭᠴᠢ ᠭᠡᠷ ᠤᠨ ᠠᠬᠠᠮᠠᠳ ᠲᠤ — ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠠᠮᠤᠷ ᠲᠦᠪᠰᠢᠨ ᠤ ᠰᠠᠨᠠᠭᠤᠯᠤᠮᠵᠢ ①
ᠨᠡᠶᠢᠲᠡᠯᠡᠭᠰᠡᠨ ᠴᠠᠭ᠄
2024/4/29
      ᠤᠰᠤᠨ ᠳᠤ ᠠᠳᠡᠬᠦ ᠶᠢ ᠴᠢᠩᠭ᠎ᠠ ᠰᠡᠷᠭᠡᠶᠢᠯᠡᠨ᠎ᠡ      ᠠᠭᠤᠷ ᠠᠮᠢᠰᠬᠤᠯ ᠠᠭᠠᠵᠢᠮ ᠢᠶᠠᠷ ᠬᠠᠯᠠᠭᠤᠨ ᠪᠣᠯᠵᠤ᠂ ᠤᠰᠤᠨ ᠤ ᠠᠳᠠᠯ ᠣᠯᠠᠨ ᠡᠭᠦᠰᠬᠦ ᠤᠯᠠᠷᠢᠯ ᠬᠦᠷᠴᠦ ᠢᠷᠡᠯ᠎ᠡ᠂ ᠠᠮᠠᠷᠠᠯᠲᠠ ᠶᠢᠨ ᠬᠤᠭᠤᠴᠠᠭᠠᠨ ᠳᠤ᠂ ᠭᠡᠷ ᠤᠨ ᠠᠬᠠᠮᠠᠳ ᠡᠷᠬᠡᠪᠰᠢ ᠠᠮᠤᠷ ᠲᠦᠪᠰᠢᠨ ᠤ ᠤᠬᠠᠮᠰᠠᠷ ᠪᠠ ᠬᠢᠨᠠᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ᠬᠢᠨᠠᠨ ᠬᠠᠮᠠᠭᠠᠯᠠᠬᠤ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠵᠦ᠂ ᠬᠡᠦᠬᠡᠳ ᠢ ᠬᠥᠮᠦᠵᠢᠭᠦᠯᠬᠦ ᠪᠠ ᠬᠠᠮᠢᠶᠠᠷᠬᠤ ᠶᠢ ᠴᠢᠩᠭᠠᠳᠬᠠᠬᠤ ᠬᠡᠷᠡᠭᠲᠡᠢ᠄      ᠬᠡᠦᠬᠡᠳ ᠤᠰᠤᠨ ᠤ ᠠᠳᠡᠯ ᠢ ᠰᠡᠷᠭᠡᠶᠢᠯᠡᠬᠦ ︽ᠵᠢᠷᠭᠤᠭᠠᠨ ᠦᠯᠦ ᠪᠣᠯᠬᠤ︾ ᠶᠢ       ᠵᠢᠷᠤᠮᠯᠠᠬᠤ ᠶᠢ ᠴᠢᠩᠭ᠎ᠠ ᠱᠠᠭᠠᠷᠳᠠᠨ᠎ᠠ      ᠳᠤᠷ᠎ᠠ ᠪᠠᠷ ᠢᠶᠠᠨ ᠤᠰᠤᠨ ᠳᠤ ᠤᠮᠪᠠᠵᠤ ᠪᠣᠯᠬᠤ ᠦᠭᠡᠢ︔      ᠳᠤᠷ᠎ᠠ ᠪᠠᠷ ᠢᠶᠠᠨ ᠪᠤᠰᠤᠳ ᠬᠥᠮᠦᠨ ᠳᠤ ᠬᠠᠨᠢ ᠪᠣᠯᠤᠨ ᠤᠰᠤᠨ ᠳᠤ ᠤᠮᠪᠠᠵᠤ ᠪᠣᠯᠬᠤ ᠦᠭᠡᠢ︔      ᠭᠡᠷ ᠤᠨ ᠠᠬᠠᠮᠠᠳ ᠤᠨ ᠳᠠᠭᠠᠭᠤᠯᠭ᠎ᠠ ᠦᠭᠡᠢ ᠪᠠᠷ ᠤᠰᠤᠨ ᠳᠤ ᠤᠮᠪᠠᠵᠤ ᠪᠣᠯᠬᠤ ᠦᠭᠡᠢ︔      ᠠᠮᠤᠷ ᠲᠦᠪᠰᠢᠨ ᠤ ᠲᠥᠬᠦᠭᠡᠷᠦᠮᠵᠢ ᠦᠭᠡᠢ᠂ ᠠᠪᠤᠷᠠᠨ ᠲᠤᠰᠠᠯᠠᠬᠤ ᠬᠥᠮᠦᠨ ᠦᠭᠡᠢ       ᠤᠰᠤᠨ ᠳᠤ ᠤᠮᠪᠠᠵᠤ ᠪᠣᠯᠬᠤ ᠦᠭᠡᠢ︔      ᠲᠠᠨᠢᠯ ᠪᠣᠰᠤ ᠤᠰᠤᠨ ᠣᠷᠣᠨ ᠳᠤ ᠣᠴᠢᠵᠤ ᠤᠮᠪᠠᠵᠤ ᠪᠣᠯᠬᠤ ᠦᠭᠡᠢ︔      ᠤᠰᠤᠨ ᠤ ᠪᠠᠶᠢᠳᠠᠯ ᠢ ᠰᠠᠶᠢᠨ ᠮᠡᠳᠡᠬᠦ ᠦᠭᠡᠢ ᠰᠤᠷᠤᠭᠴᠢ ᠳᠤᠷ᠎ᠠ ᠪᠠᠷ ᠢᠶᠠᠨ ᠤᠰᠤᠨ ᠳᠤ ᠣᠷᠣᠵᠤ       ᠠᠪᠤᠷᠠᠯᠲᠠ ᠬᠢᠵᠦ ᠪᠣᠯᠬᠤ ᠦᠭᠡᠢ᠃      ᠶᠠᠮᠠᠷᠪᠠ ᠨᠢᠭᠡᠨ ᠬᠥᠮᠦᠨ ᠤᠰᠤᠨ ᠳᠤ ᠤᠨᠠᠭᠰᠠᠨ ᠢ ᠣᠯᠵᠤ ᠬᠠᠷᠠᠪᠠᠯ ᠳᠠᠷᠤᠢ ᠳᠤ ᠨᠢ ᠥᠨᠳᠦᠷ ᠳᠠᠭᠤ ᠪᠠᠷ ᠬᠠᠰᠬᠢᠷᠤᠨ᠂ ᠣᠶᠢᠷ᠎ᠠ ᠬᠠᠪᠢ ᠳᠤ ᠪᠠᠶᠢᠭ᠎ᠠ ᠲᠣᠮᠣ ᠬᠥᠮᠦᠨ ᠢ ᠳᠠᠭᠤᠳᠠᠬᠤ ᠶᠢᠨ ᠬᠠᠮᠲᠤ ᠲᠦᠷᠭᠡᠨ ᠠᠪᠤᠷᠠᠯᠲᠠ ᠶᠢᠨ ᠤᠲᠠᠰᠤ ᠢ ᠤᠲᠠᠰᠤᠳᠠᠨ᠎ᠠ᠂ ᠶᠠᠭᠠᠬᠢᠭᠰᠠᠨ ᠴᠤ ᠬᠢᠴᠢᠶᠡᠮᠵᠢ ᠦᠭᠡᠢ ᠪᠠᠷ ᠤᠰᠤᠨ ᠳᠤ ᠤᠨᠠᠭᠰᠠᠨ ᠬᠥᠮᠦᠨ ᠢ ᠠᠪᠤᠷᠠᠬᠤ ᠪᠠᠷ ᠤᠰᠤᠨ ᠳᠤ ᠣᠷᠣᠬᠤ ᠪᠤᠶᠤ ᠭᠠᠷ ᠭᠠᠷ ᠢᠶᠠᠨ ᠬᠤᠯᠪᠤᠨ ᠬᠥᠮᠦᠨ ᠤ ᠬᠡᠯᠬᠢᠶ᠎ᠡ ᠪᠠᠶᠢᠭᠤᠯᠵᠤ ᠤᠰᠤᠨ ᠳᠤ ᠤᠨᠠᠭᠰᠠᠨ ᠬᠥᠮᠦᠨ  ᠢ ᠠᠪᠤᠷᠠᠵᠤ ᠪᠣᠯᠬᠤ ᠦᠭᠡᠢ᠃      ︽ᠳᠥᠷᠪᠡ ᠶᠢ ᠮᠡᠳᠡᠬᠦ︾ ᠬᠡᠷᠡᠭᠲᠡᠢ      ᠬᠡᠦᠬᠡᠳ ᠤᠨ ᠢᠶᠠᠨ ᠬᠠᠮᠢᠭ᠎ᠠ ᠶᠠᠪᠤᠬᠤ ᠶᠢ ᠮᠡᠳᠡᠬᠦ ᠬᠡᠷᠡᠭᠲᠡᠢ᠃      ᠬᠡᠦᠬᠡᠳ ᠤᠨ ᠢᠶᠠᠨ ᠬᠡᠨ ᠲᠠᠢ ᠶᠠᠪᠤᠭᠰᠠᠨ ᠢ ᠮᠡᠳᠡᠬᠦ ᠬᠡᠷᠡᠭᠲᠡᠢ᠃      ᠬᠡᠦᠬᠡᠳ ᠤᠨ ᠢᠶᠠᠨ ᠶᠠᠭᠤ ᠬᠢᠬᠦ ᠪᠠᠷ ᠶᠠᠪᠤᠭᠰᠠᠨ ᠢ ᠮᠡᠳᠡᠬᠦ ᠬᠡᠷᠡᠭᠲᠡᠢ᠃      ᠬᠡᠦᠬᠡᠳ ᠤᠨ ᠢᠶᠠᠨ ᠬᠡᠵᠢᠶ᠎ᠡ ᠪᠤᠴᠠᠵᠤ ᠢᠷᠡᠬᠦ ᠶᠢ ᠮᠡᠳᠡᠬᠦ ᠬᠡᠷᠡᠭᠲᠡᠢ᠃      ᠬᠡᠷᠪᠡ ᠬᠡᠦᠬᠡᠳ ᠴᠢᠨᠢ ᠲᠣᠭᠲᠠᠭᠰᠠᠨ ᠴᠠᠭ ᠲᠤ ᠪᠠᠨ ᠬᠠᠷᠢᠭᠰᠠᠨ ᠦᠭᠡᠢ ᠪᠣᠯ᠂ ᠥᠳᠲᠡᠷ ᠲᠦᠷᠭᠡᠨ ᠡᠷᠢᠬᠦ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map