ᠪᠦᠬᠦ ᠪᠠᠭᠰᠢ ᠰᠤᠷᠤᠭᠴᠢ ᠭᠡᠷ ᠤᠨ ᠠᠬᠠᠮᠠᠳ ᠲᠤ — ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠠᠮᠤᠷ ᠲᠦᠪᠰᠢᠨ ᠤ ᠰᠠᠨᠠᠭᠤᠯᠤᠮᠵᠢ ②
ᠨᠡᠶᠢᠲᠡᠯᠡᠭᠰᠡᠨ ᠴᠠᠭ᠄
2024/4/29
      ᠵᠠᠮ ᠬᠠᠷᠢᠯᠴᠠᠭᠠᠨ ᠤ ᠠᠮᠤᠷ ᠲᠦᠪᠰᠢᠨ      1. ᠬᠡᠦᠬᠡᠳ ᠢ ᠵᠠᠮ ᠬᠠᠷᠢᠯᠴᠠᠭᠠᠨ ᠤ ᠳᠦᠷᠢᠮ ᠢ ᠴᠢᠩᠭ᠎ᠠ ᠵᠢᠷᠤᠮᠯᠠᠬᠤ ᠪᠠᠷ ᠬᠥᠮᠥᠵᠢᠭᠦᠯᠵᠦ᠂ ᠵᠠᠮ ᠶᠠᠪᠤᠬᠤ ᠳᠤ ᠪᠠᠨ ᠶᠠᠪᠠᠭᠠᠨ ᠬᠥᠮᠦᠨ ᠤ ᠵᠠᠮ ᠢᠶᠠᠷ  ᠶᠠᠪᠤᠵᠤ᠂ ᠵᠠᠮ ᠣᠭᠲᠤᠯᠬᠤ ᠳᠤ  ᠪᠠᠨ ᠡᠷᠢᠶᠡᠨ ᠵᠢᠷᠤᠭᠠᠰᠤ ᠪᠠᠷ ᠶᠠᠪᠤᠬᠤ ᠶᠢᠨ ᠬᠠᠮᠲᠤ ᠵᠡᠭᠦᠨᠰᠢ ᠪᠠᠷᠠᠭᠤᠨᠰᠢ ᠠᠵᠢᠭᠯᠠᠵᠤ᠂ ᠠᠮᠤᠷ ᠲᠦᠪᠰᠢᠨ ᠢ ᠨᠣᠲᠠᠯᠠᠭᠰᠠᠨ ᠤ ᠳᠠᠷᠠᠭ᠎ᠠ ᠰᠠᠶ᠋ᠢ ᠥᠩᠭᠡᠷᠡᠨ᠎ᠡ᠃ ᠵᠠᠰᠠᠮᠠᠯ ᠵᠠᠮ ᠳᠡᠭᠡᠷ᠎ᠡ ᠨᠠᠭᠠᠳᠬᠤ ᠦᠭᠡᠢ᠂ ᠤᠯᠠᠭᠠᠨ ᠳ᠋ᠧᠩ ᠢ ᠬᠡᠲᠦᠯᠬᠦ ᠦᠭᠡᠢ᠂ ᠵᠠᠮ ᠬᠠᠷᠢᠯᠴᠠᠭᠠᠨ ᠤ ᠲᠤᠰᠠᠭᠠᠷᠯᠠᠬᠤ ᠬᠡᠷᠡᠰᠬᠡ ᠶᠢ ᠳᠠᠪᠠᠭ᠋ᠤ ᠦᠭᠡᠢ᠃      2. ᠪᠦᠬᠦᠯᠢ 12 ᠨᠠᠰᠤ ᠬᠦᠷᠦᠭᠡ ᠦᠭᠡᠢ ᠪᠣᠯ ᠳᠤᠭᠤᠢ ᠲᠡᠷᠭᠡ ᠤᠨᠤᠵᠤ ᠪᠣᠯᠬᠤ ᠦᠭᠡᠢ᠂ ᠪᠦᠬᠦᠯᠢ 16 ᠨᠠᠰᠤ ᠬᠦᠷᠦᠭᠡ ᠦᠭᠡᠢ ᠪᠣᠯ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠤᠨᠤᠵᠤ ᠪᠣᠯᠬᠤ ᠦᠭᠡᠢ᠂ ᠵᠠᠮ ᠳᠡᠭᠡᠷ᠎ᠡ ᠭᠠᠷᠴᠤ ᠭᠤᠯᠭᠤᠭᠤᠷ᠂ ᠱᠠᠯᠠᠨ ᠲᠠᠰᠢᠯᠲᠠ ᠶᠢᠨ ᠭᠤᠲᠤᠯ ᠵᠡᠷᠭᠡ ᠭᠤᠯᠭᠤᠬᠤ ᠪᠠᠭᠠᠵᠢ ᠪᠠᠷ ᠨᠠᠭᠠᠳᠴᠤ ᠪᠣᠯᠬᠤ ᠦᠭᠡᠢ᠃      3. ᠬᠡᠦᠬᠡᠳ ᠢ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ᠂ ᠲᠤᠬᠠᠶᠢᠯᠠᠪᠠᠯ ᠭᠠᠵᠠᠷ ᠳᠣᠣᠷᠠᠬᠢ ᠲᠡᠮᠦᠷ ᠵᠠᠮ᠂ ᠨᠡᠶᠢᠲᠡ ᠶᠢᠨ ᠮᠠᠰᠢᠨ ᠲᠡᠷᠭᠡ᠂ ᠠᠶᠠᠨᠴᠢᠳ ᠤᠨ ᠮᠠᠰᠢᠨ ᠲᠡᠷᠭᠡᠨ ᠳᠤ ᠰᠠᠭᠤᠬᠤ ᠳᠤ ᠪᠠᠨ ᠲᠡᠷᠭᠡᠨ ᠳᠤ ᠰᠠᠭᠤᠬᠤ ᠳᠦᠷᠢᠮᠵᠢᠯ ᠢ ᠤᠬᠠᠮᠰᠠᠷ ᠠᠴᠠ ᠪᠠᠨ ᠵᠢᠷᠤᠮᠯᠠᠵᠤ᠂ ᠲᠡᠷᠭᠡ ᠵᠣᠭᠰᠣᠭᠰᠠᠨ ᠤ ᠳᠠᠷᠠᠭ᠎ᠠ᠂ ᠡᠮᠬᠢ ᠵᠢᠷᠤᠮ ᠲᠠᠢ ᠲᠡᠷᠭᠡᠨ ᠳᠤ ᠭᠠᠷᠬᠤ ᠬᠡᠷᠡᠭᠲᠡᠢ︔ ᠲᠡᠷᠭᠡᠨ  ᠳᠤ ᠭᠠᠷᠤᠭᠰᠠᠨ ᠤ ᠳᠠᠷᠠᠭ᠎ᠠ ᠯᠠᠪᠳᠠᠭᠤᠨ ᠰᠠᠭᠤᠵᠤ᠂ ᠲᠡᠷᠭᠡᠨ ᠳᠡᠭᠡᠷ᠎ᠡ ᠢᠳᠡᠵᠦ ᠤᠤᠭᠤᠬᠤ ᠦᠭᠡᠢ︔ ᠫᠠᠶᠢᠰᠠ ᠦᠭᠡᠢ ᠪᠤᠶᠤ ᠦᠨᠡᠮᠯᠡᠯ ᠦᠭᠡᠢ ᠲᠡᠷᠭᠡᠨ ᠳᠤ ᠰᠠᠭᠤᠬᠤ ᠦᠭᠡᠢ᠂ ᠬᠥᠮᠦᠨ  ᠤ ᠲᠤᠭ᠎ᠠ ᠬᠡᠲᠦᠷᠡᠭᠰᠡᠨ ᠪᠤᠶᠤ ᠳᠠᠭᠠᠭᠠᠴᠠ ᠬᠡᠲᠦᠷᠡᠭᠰᠡᠨ ᠲᠡᠷᠭᠡᠨ ᠳᠤ ᠰᠠᠭᠤᠬᠤ ᠦᠭᠡᠢ ᠭᠡᠵᠦ ᠰᠤᠷᠭᠠᠬᠤ ᠬᠡᠷᠡᠭᠲᠡᠢ᠃      4. ᠬᠡᠦᠬᠡᠳ ᠲᠤ ᠮᠠᠰᠢᠨ ᠲᠡᠷᠭᠡᠨ ᠤ ᠪᠠᠯᠠᠢ ᠣᠷᠣᠨ ᠢ ᠰᠡᠷᠡᠮᠵᠢᠯᠡᠭᠦᠯᠵᠦ᠂ ᠵᠣᠭᠰᠤᠵᠤ ᠪᠠᠶᠢᠭ᠎ᠠ ᠮᠠᠰᠢᠨ ᠲᠡᠷᠭᠡ ᠴᠤ ᠠᠶᠤᠯ ᠲᠠᠢ ᠭᠡᠳᠡᠭ ᠢ ᠰᠠᠨᠠᠭᠤᠯᠤᠨ᠂ ︽ᠭᠤᠷᠪᠠᠨ ᠦᠭᠡᠢ︾ ᠶᠢ ᠪᠠᠲᠤ ᠴᠡᠭᠡᠵᠢᠯᠡᠭᠦᠯᠦᠨ᠎ᠡ᠄ ᠲᠡᠷᠭᠡᠨ ᠤ ᠡᠮᠦᠨᠡᠭᠦᠷ ᠬᠦᠶᠦᠬᠦ ᠦᠭᠡᠢ᠂ ᠲᠡᠷᠭᠡᠨ ᠤ ᠬᠤᠶᠢᠨ᠎ᠠ ᠦᠯᠡᠳᠡᠬᠦ ᠦᠭᠡᠢ᠂ ᠲᠡᠷᠭᠡᠨ ᠤ ᠬᠠᠵᠠᠭᠤ ᠳᠤ ᠵᠣᠭᠰᠤᠬᠤ           ᠦᠭᠡᠢ︔ ᠭᠡᠷ ᠤᠨ ᠡᠭᠦᠳᠡ᠂ ᠰᠠᠭᠤᠭᠠᠯᠢ ᠠᠷᠠᠳ ᠤᠨ ᠲᠣᠭᠤᠷᠢᠭ ᠲᠤ ᠴᠤ ᠰᠡᠷᠡᠮᠵᠢ ᠲᠠᠢ ᠪᠠᠶᠢᠬᠤ ᠭᠡᠷᠡᠭᠲᠡᠢ᠃      5. ᠲᠡᠷᠭᠡ ᠵᠢᠯᠣᠭᠤᠳᠴᠤ ᠭᠠᠳᠠᠭᠰᠢ ᠭᠠᠷᠬᠤ ᠳᠤ ᠪᠠᠨ ᠲᠡᠷᠭᠡ ᠪᠠᠨ ᠤᠷᠢᠳᠴᠢᠯᠠᠨ ᠪᠠᠶᠢᠴᠠᠭᠠᠨ ᠵᠠᠰᠠᠭᠤᠯᠵᠤ᠂ ᠲᠡᠷᠭᠡ ᠪᠥᠲᠦᠨ ᠰᠠᠶᠢᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ︔ ᠬᠡᠦᠬᠡᠳ ᠢ ᠵᠢᠯᠣᠭᠤᠴᠢ ᠶᠢᠨ ᠬᠠᠵᠠᠭᠤᠳᠠᠬᠢ ᠰᠠᠭᠤᠳᠠᠯ ᠳᠤ ᠰᠠᠭᠤᠯᠭᠠᠬᠤ ᠦᠭᠡᠢ᠂ 4 ᠨᠠᠰᠤᠨ ᠠᠴᠠ ᠳᠣᠷᠣᠭᠰᠢᠬᠢ ᠬᠡᠦᠬᠡᠳ ᠢ ᠠᠮᠤᠷ ᠲᠦᠪᠰᠢᠨ ᠤ ᠰᠠᠭᠤᠳᠠᠯ ᠳᠤ ᠰᠠᠭᠤᠯᠭᠠᠬᠤ ᠬᠡᠷᠡᠭᠲᠡᠢ︔ ᠭᠡᠷ ᠤᠨ ᠠᠬᠠᠮᠠᠳ ᠲᠡᠷᠭᠡ ᠪᠠᠷᠢᠬᠤ ᠳᠤ ᠪᠠᠨ ᠠᠮᠤᠷ ᠲᠦᠪᠰᠢᠨ ᠤ ᠪᠦᠰᠡ ᠪᠠᠨ ᠪᠦᠰᠡᠯᠡᠵᠦ᠂ ᠭᠠᠷ ᠤᠲᠠᠰᠤ ᠪᠠᠨ ᠦᠵᠡᠬᠦ ᠦᠭᠡᠢ᠂ ᠠᠷᠢᠬᠢ ᠤᠤᠭᠤᠭᠠᠳ ᠲᠡᠷᠭᠡ ᠵᠢᠯᠣᠭᠤᠳᠬᠤ ᠦᠭᠡᠢ᠂ ᠶᠠᠳᠠᠷᠠᠭᠰᠠᠨ ᠪᠠᠶᠢᠳᠠᠯ ᠳᠤ ᠲᠡᠷᠭᠡ ᠵᠢᠯᠣᠭᠤᠳᠬᠤ ᠦᠭᠡᠢ᠂ ᠠᠮᠤᠷ ᠲᠦᠪᠰᠢᠨ ᠭᠠᠳᠠᠭᠰᠢ ᠭᠠᠷᠬᠤ  ᠶᠢ ᠪᠠᠲᠤᠯᠠᠬᠤ ᠬᠡᠷᠡᠭᠲᠡᠢ᠃
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map