ᠪᠥᠬᠦ ᠪᠠᠭᠰᠢ ᠰᠤᠷᠤᠭᠴᠢ ᠭᠡᠷ ᠤᠨ ᠠᠬᠠᠮᠠᠳ ᠲᠤ — ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠠᠮᠤᠷ ᠲᠦᠪᠰᠢᠨ ᠤ ᠰᠠᠨᠠᠭᠤᠯᠤᠮᠵᠢ ③
ᠨᠡᠶᠢᠲᠡᠯᠡᠭᠰᠡᠨ ᠴᠠᠭ᠄
2024/4/29
      ᠣᠨᠴᠠᠭᠠᠢ ᠴᠠᠭ ᠠᠭᠤᠷ      1. ᠣᠳᠣᠬᠠᠨ ᠳᠤ ᠠᠭᠠᠳᠠᠷ ᠪᠣᠷᠣᠭᠠᠨ᠂ ᠠᠶᠤᠩᠭ᠎ᠠ ᠴᠠᠬᠢᠯᠭᠠᠨ ᠵᠡᠷᠭᠡ ᠣᠨᠴᠠᠭᠠᠢ ᠴᠠᠭ ᠠᠭᠤᠷ ᠤᠨ ᠦᠵᠡᠭᠳᠡᠯ ᠣᠯᠠᠨ ᠡᠭᠦᠰᠴᠦ ᠪᠣᠢ᠂ ᠠᠮᠠᠷᠠᠯᠲᠠ ᠶᠢᠨ ᠬᠤᠭᠤᠴᠠᠭᠠᠨ ᠳᠤ ᠭᠡᠷ ᠤᠨ ᠠᠬᠠᠮᠠᠳ ᠴᠠᠭ ᠠᠭᠤᠷ ᠤᠨ ᠤᠷᠢᠳᠴᠢᠯᠠᠭᠰᠠᠨ ᠮᠡᠳᠡᠭᠡ ᠪᠠ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ  ᠢᠮᠠᠭᠲᠠ ᠠᠩᠬᠠᠷᠴᠤ᠂ ᠬᠡᠦᠬᠡᠳ ᠢᠶᠠᠨ ᠠᠭᠠᠳᠠᠷ ᠪᠣᠷᠣᠭᠠᠨ᠂ ᠠᠶᠤᠩᠭ᠎ᠠ ᠴᠠᠬᠢᠯᠬᠤ ᠦᠶ᠎ᠡ ᠳᠤ ᠭᠠᠳᠠᠭᠰᠢ ᠭᠠᠷᠴᠤ ᠪᠣᠯᠬᠤ ᠦᠭᠡᠢ ᠭᠡᠵᠦ ᠰᠤᠷᠭᠠᠨ᠎ᠠ᠃      2. ᠠᠶᠤᠩᠭᠠᠲᠤ ᠪᠣᠷᠣᠭᠠᠨ ᠳᠤ ᠥᠨᠳᠥᠷ ᠪᠠᠷᠢᠯᠭ᠎ᠠ ᠪᠠ ᠴᠠᠬᠢᠯᠭᠠᠨ ᠬᠠᠩᠭᠠᠬᠤ ᠲᠥᠬᠦᠭᠡᠷᠦᠮᠵᠢ ᠠᠴᠠ ᠬᠤᠯᠠ ᠵᠠᠶᠢᠯᠠᠵᠤ᠂ ᠬᠤᠲᠣᠭᠤᠷ ᠭᠠᠵᠠᠷ᠂ ᠴᠥᠭᠦᠷᠥᠮ᠂ ᠤᠰᠤᠨ ᠴᠥᠭᠦᠷᠥᠮ ᠵᠡᠷᠭᠡ ᠠᠶᠤᠯ ᠲᠠᠢ ᠣᠷᠣᠨ ᠳᠤ ᠣᠴᠢᠭᠤᠯᠬᠤ ᠦᠭᠡᠢ ᠪᠠᠶᠢᠵᠤ᠂ ᠦᠶᠡᠷ᠂ ᠠᠶᠤᠩᠭ᠎ᠠ ᠲᠠᠭᠠᠷᠢᠬᠤ᠂ ᠰᠢᠪᠠᠷ ᠴᠢᠯᠠᠭᠤᠨ ᠤ ᠤᠷᠤᠰᠬᠠᠯ ᠪᠤᠶᠤ ᠠᠭᠤᠯᠠ ᠶᠡᠭᠦᠷᠡᠬᠦ ᠵᠡᠷᠭᠡ ᠠᠶᠤᠯ ᠠᠴᠠ ᠰᠡᠷᠭᠡᠶᠢᠯᠡᠬᠦ ᠬᠡᠷᠡᠭᠲᠡᠢ᠃      3. ᠬᠡᠷᠪᠡ ᠭᠠᠳᠠᠭᠰᠢ ᠭᠠᠷᠬᠤ ᠦᠶ᠎ᠡ ᠳᠤ ᠰᠢᠷᠦᠭᠦᠨ ᠪᠣᠷᠣᠭᠠᠨ ᠲᠣᠬᠢᠶᠠᠯᠳᠤᠪᠠᠯ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠰᠡᠷᠡᠮᠵᠢ ᠶᠢᠨ ᠳᠣᠬᠢᠶ᠎ᠠ ᠶᠢ ᠠᠩᠬᠠᠷᠴᠤ᠂ ᠤᠰᠤ ᠵᠠᠯᠠᠬᠤ ᠬᠤᠳᠳᠤᠭ᠂ ᠰᠤᠪᠠᠭ ᠪᠠ ᠤᠰᠤ ᠬᠠᠳᠠᠭᠠᠯᠠᠬᠤ ᠭᠠᠵᠠᠷ ᠠᠴᠠ ᠬᠤᠯᠠ ᠵᠠᠶᠢᠯᠠᠵᠤ᠂ ᠣᠶᠢᠷ᠎ᠠ ᠬᠠᠪᠢ ᠳᠠᠬᠢ ᠠᠮᠤᠷ ᠲᠦᠪᠰᠢᠨ ᠤ ᠠᠶᠤᠯ ᠠᠴᠠ ᠵᠠᠶᠢᠯᠠᠬᠤ ᠲᠠᠯᠠᠪᠤᠷ ᠢ ᠡᠷᠢᠨ᠎ᠡ︔ ᠪᠠᠴᠢᠮ ᠪᠠᠶᠢᠳᠠᠯ ᠲᠣᠬᠢᠶᠠᠯᠳᠤᠪᠠᠯ᠂ ᠳᠠᠷᠤᠢ ᠳᠤ ᠨᠢ 110᠂ 119᠂ 120 ᠵᠡᠷᠭᠡ ᠤᠲᠠᠰᠤᠨ ᠳᠤ ᠤᠲᠠᠰᠤᠳᠠᠵᠤ ᠲᠤᠰᠠᠯᠠᠮᠵᠢ ᠭᠤᠶᠤᠴᠢᠯᠠᠭᠠᠷᠠᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map