ᠪᠦᠬᠦ ᠪᠠᠭᠰᠢ ᠰᠤᠷᠤᠭᠴᠢ ᠭᠡᠷ ᠤᠨ ᠠᠬᠠᠮᠠᠳ ᠲᠤ — ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠠᠮᠤᠷ ᠲᠦᠪᠰᠢᠨ ᠤ ᠰᠠᠨᠠᠭᠤᠯᠤᠮᠵᠢ ④
ᠨᠡᠶᠢᠲᠡᠯᠡᠭᠰᠡᠨ ᠴᠠᠭ᠄
2024/4/29
      ᠵᠤᠭᠠᠴᠠᠬᠤ ᠠᠮᠤᠷ ᠲᠦᠪᠰᠢᠨ      1. ᠭᠠᠳᠠᠭᠰᠢ ᠭᠠᠷᠬᠤ ᠦᠶ᠎ᠡ ᠳᠤ᠂ ᠭᠡᠷ ᠤᠨ ᠠᠬᠠᠮᠠᠳ ᠬᠡᠵᠢᠶᠡᠳᠡ ᠬᠡᠦᠬᠡᠳ ᠢᠶᠠᠨ ᠬᠠᠷᠠᠭᠠᠨ ᠠᠴᠠ ᠪᠠᠨ ᠰᠠᠯᠭᠠᠬᠤ ᠦᠭᠡᠢ ᠪᠠᠶᠢᠵᠤ᠂ ᠣᠨᠴᠠᠭᠠᠶᠢᠯᠠᠨ ᠬᠥᠮᠦᠨ ᠣᠯᠠᠨ ᠴᠤᠭᠯᠠᠷᠠᠳᠠᠭ ᠭᠠᠵᠠᠷ ᠭᠡᠭᠡᠬᠦ ᠠᠴᠠ ᠰᠡᠷᠭᠡᠶᠢᠯᠡᠬᠦ ᠬᠡᠷᠡᠭᠲᠡᠢ︔ ᠡᠭᠦᠨ ᠤ ᠬᠠᠮᠲᠤ ᠭᠡᠷ ᠤᠨ ᠠᠬᠠᠮᠠᠳ ᠬᠡᠦᠬᠡᠳ ᠲᠤ ᠪᠠᠨ ᠡᠴᠢᠭᠡ ᠡᠬᠡ ᠶᠢᠨ ᠨᠡᠷ᠎ᠡ᠂ ᠰᠠᠭᠤᠭ᠎ᠠ ᠭᠠᠵᠠᠷ᠂ ᠤᠲᠠᠰᠤ ᠵᠡᠷᠭᠡ ᠶᠢ ᠴᠡᠭᠡᠵᠢᠯᠡᠭᠦᠯᠬᠦ ᠬᠡᠷᠡᠭᠲᠡᠢ︔      2. ᠬᠡᠦᠬᠡᠳ ᠨᠠᠭᠠᠳᠤᠮ ᠨᠠᠭᠠᠳᠬᠤ ᠠᠴᠠ ᠡᠮᠦᠨ᠎ᠡ᠂ ᠭᠡᠷ ᠤᠨ ᠠᠬᠠᠮᠠᠳ ᠠᠮᠤᠷ ᠲᠦᠪᠰᠢᠨ ᠤ ᠮᠡᠳᠡᠯᠭᠡ ᠶᠢ ᠨᠠᠷᠢᠨ ᠨᠢᠮᠪᠠᠢ ᠤᠩᠰᠢᠬᠤ ᠶᠢᠨ ᠬᠠᠮᠲᠤ ᠵᠢᠷᠤᠮᠯᠠᠵᠤ᠂ ᠨᠠᠰᠤ ᠪᠠ ᠪᠡᠶ᠎ᠡ ᠶᠢᠨ ᠥᠨᠳᠥᠷ ᠲᠤ ᠨᠢ ᠵᠣᠬᠢᠴᠠᠬᠤ ᠲᠥᠬᠦᠭᠡᠷᠦᠮᠵᠢ ᠶᠢ ᠰᠣᠩᠭᠤᠬᠤ ᠬᠡᠷᠡᠭᠲᠡᠢ︔      3. ᠬᠥᠪᠦᠮᠡᠯ ᠣᠩᠭᠤᠴᠠ ᠪᠤᠶᠤ ᠣᠩᠭᠤᠴᠠᠨ ᠳᠤ ᠰᠠᠭᠤᠬᠤ ᠵᠡᠷᠭᠡ ᠤᠰᠤᠨ ᠳᠤ ᠨᠠᠭᠠᠳᠬᠤ ᠦᠶ᠎ᠡ ᠡᠷᠬᠡᠪᠰᠢ ᠬᠡᠦᠬᠡᠳ ᠠᠮᠢ ᠠᠪᠤᠷᠠᠬᠤ ᠲᠥᠬᠦᠭᠡᠷᠦᠮᠵᠢ ᠡᠮᠦᠰᠴᠦ ᠵᠡᠭᠦᠭᠰᠡᠨ ᠡᠰᠡᠬᠦ ᠶᠢ ᠪᠠᠶᠢᠴᠠᠭᠠᠬᠤ ᠶᠢᠨ ᠬᠠᠮᠲᠤ ᠪᠦᠬᠦ ᠶᠠᠪᠤᠴᠠ ᠳᠤ ᠳᠠᠭᠠᠵᠤ᠂ ᠰᠠᠨᠠᠭᠠᠨ ᠳᠤ ᠦᠭᠡᠢ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ᠃      4. ᠦᠵᠡᠮᠵᠢ ᠶᠢᠨ ᠣᠷᠣᠨ ᠢᠶᠠᠷ ᠵᠤᠭᠠᠴᠠᠬᠤ ᠳᠤ ᠭᠠᠯ ᠰᠡᠷᠭᠡᠶᠢᠯᠡᠬᠦ ᠲᠣᠭᠲᠠᠭᠠᠯ ᠢ ᠵᠢᠷᠤᠮᠯᠠᠨ᠂ ᠲᠠᠮᠠᠬᠢ ᠲᠠᠲᠠᠬᠤ ᠦᠭᠡᠢ᠂ ᠢᠯᠡ ᠭᠠᠯ ᠬᠡᠷᠡᠭᠯᠡᠬᠦ ᠦᠭᠡᠢ᠂ ᠭᠠᠯ ᠤᠨ ᠠᠶᠤᠯ ᠭᠠᠷᠬᠤ ᠠᠴᠠ ᠵᠠᠶᠢᠯᠠᠰᠬᠢᠬᠤ ᠬᠡᠷᠡᠭᠲᠡᠢ︔      5. ᠨᠡᠭᠡᠭᠡᠨ ᠠᠰᠢᠭᠯᠠᠭ᠎ᠠ ᠣᠢᠭᠡᠢ᠂ ᠨᠡᠶᠢᠭᠡᠮ ᠨᠡᠶᠢᠲᠡ ᠳᠤ ᠬᠠᠨᠳᠤᠭᠤᠯᠤᠨ ᠨᠡᠭᠡᠭᠡ ᠣᠢᠭᠡᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠬᠥᠮᠦᠨ ᠣᠢᠭᠡᠢ ᠠᠷᠠᠯ᠂ ᠳᠠᠯᠠᠢ ᠶᠢᠨ ᠲᠠᠩ ᠵᠡᠷᠭᠡ ᠭᠠᠵᠠᠷ ᠲᠤ ᠨᠠᠭᠠᠳᠬᠤ ᠦᠭᠡᠢ᠂ ᠲᠠᠨᠢᠯ ᠪᠣᠰᠤ ᠪᠣᠶᠢᠳᠠ ᠪᠦᠭᠯᠡᠭᠦᠦ ᠵᠠᠮ ᠢᠶᠠᠷ ᠶᠠᠪᠤᠵᠤ ᠦᠵᠡᠬᠦ ᠣᠢᠭᠡᠢ︔      6. ᠴᠠᠭᠠᠰᠤᠨ ᠰᠢᠪᠠᠭᠤ ᠲᠠᠯᠪᠢᠬᠤ ᠳᠤ ᠪᠠᠨ ᠠᠯᠢ ᠴᠢᠳᠠᠬᠤ ᠪᠠᠷ ᠬᠥᠮᠦᠨ ᠴᠥᠭᠡᠨ ᠭᠠᠵᠠᠷ ᠢ ᠰᠣᠩᠭᠤᠵᠤ᠂ ᠪᠠᠷᠢᠯᠭ᠎ᠠ᠂ ᠮᠣᠳᠣ᠂ ᠥᠨᠳᠥᠷ ᠬᠦᠴᠦᠳᠡᠯᠲᠦ ᠴᠠᠬᠢᠯᠭᠠᠨ ᠤᠲᠠᠰᠤ᠂ ᠲᠡᠮᠦᠷ ᠵᠠᠮ ᠤᠨ ᠬᠠᠵᠠᠭᠤ ᠠᠴᠠ ᠬᠤᠯᠠ ᠪᠠᠶᠢᠬᠤ ᠬᠡᠷᠡᠭᠲᠡᠢ︔      7.  ᠭᠠᠳᠠᠭᠰᠢ ᠭᠠᠷᠬᠤ ᠳᠤ ᠪᠠᠨ ᠡᠪᠡᠰᠦ ᠮᠣᠳᠣ ᠴᠡᠴᠡᠭ ᠬᠤᠸᠠᠷ ᠢᠭ᠌ᠴᠢ ᠰᠠᠬᠤᠯᠢᠭ ᠭᠠᠵᠠᠷ ᠠᠴᠠ ᠵᠠᠶᠢᠯᠠᠵᠤ᠂ ᠴᠡᠴᠡᠭ ᠤᠨ ᠲᠣᠭᠤᠰᠣᠨ ᠤ ᠤᠩᠭᠠᠷᠢᠯ ᠳᠤ ᠬᠠᠷᠰᠢᠬᠤ ᠪᠠ ᠬᠤᠷᠣᠬᠠᠢ ᠳᠤ ᠬᠠᠵᠠᠭᠳᠠᠬᠤ ᠠᠴᠠ ᠬᠢᠴᠢᠶᠡᠬᠦ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map